ᠪᠠᠶᠢᠩᠭᠤ ᠶᠢᠨ ᠭᠡᠰᠢᠭᠦᠨ᠄ ᠬᠠᠨ ᠹᠧᠢ
ᠨᠡᠶᠢᠲᠡᠯᠡᠭᠰᠡᠨ ᠴᠠᠭ᠄
2024/2/4
韩飞.jpg 
      ᠲᠤᠰᠢᠶᠠᠯ᠄        ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ      ᠠᠵᠢᠯ ᠤᠨ ᠬᠤᠪᠢᠶᠠᠷᠢᠯᠠᠯ᠄      ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠳᠦᠷ ᠲᠤᠳᠤᠮ ᠤᠨ ᠠᠵᠢᠯ ᠢ ᠵᠣᠬᠢᠴᠠᠭᠤᠯᠤᠨ ᠠᠵᠢᠯᠯᠠᠭᠤᠯᠵᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠪᠠᠶᠢᠭᠤᠯᠭ᠎ᠠ ᠶᠢᠨ ᠶᠠᠪᠤᠳᠠᠯ᠂ ᠤᠯᠤᠰ ᠤᠨ ᠠᠮᠤᠷ ᠲᠦᠪᠰᠢᠨ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃           ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ ᠤᠨ ᠲᠣᠪᠴᠢᠶ᠎ᠠ᠂ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠭᠡᠨ ᠤ ᠲᠥᠪ ᠂ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠶᠢᠨ ᠦᠢᠯᠡᠴᠢᠯᠡᠭᠡᠨ ᠤ ᠲᠥᠪ ᠢ ᠬᠤᠪᠢᠶᠠᠷᠢᠯᠠᠨ ᠬᠠᠮᠢᠶᠠᠷᠤᠨ᠎ᠠ᠃            ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠲᠠᠢ ᠬᠠᠷᠢᠯᠴᠠᠨ᠎ᠠ᠃       ᠲᠣᠪᠴᠢ ᠨᠠᠮᠲᠠᠷ       ᠬᠠᠨ ᠹᠧᠢ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 9 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠦᠦᠰᠢᠨ ᠬᠤᠰᠢᠭᠤᠨ ᠤ ᠬᠥᠮᠥᠨ᠂ ᠣᠲᠣ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠵᠤ ᠪᠤᠢ᠃       1996.09 ︱ 1999.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠠᠭᠤᠤ ᠬᠥᠭᠵᠢᠮ ᠰᠣᠩᠭᠤᠨ ᠰᠤᠷᠬᠤ ᠲᠤᠰᠬᠠᠢ ᠮᠡᠷᠭᠡᠵᠢᠯ ᠳᠤ ᠰᠤᠷᠤᠯᠴᠠᠪᠠ︔       1999.07 ︱2003.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠠᠵᠢᠯᠯᠠᠪᠠ︔ ︵ᠡᠨᠡ ᠬᠤᠭᠤᠴᠠᠭᠠᠨ ᠳᠤ᠄ 1997.03 ︱ 2000.12 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠳᠤ ᠰᠤᠷᠤᠯᠴᠠᠪᠠ︶       2003.08 ︱ 2007.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔ ︵ᠡᠨᠡ ᠬᠤᠭᠤᠴᠠᠭᠠᠨ ᠳᠤ᠄ 2002.07 ︱ 2005.06 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠲᠤᠰᠬᠠᠢ ᠮᠡᠷᠭᠡᠵᠢᠯ ᠳᠤ ᠰᠤᠷᠤᠯᠴᠠᠪᠠ︶       2007.08 ︱2011.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠲᠣᠭᠲᠠᠭᠤᠨ ᠢ ᠬᠠᠮᠠᠭᠠᠯᠠᠬᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔  ︵ᠡᠨᠡ ᠬᠤᠭᠤᠴᠠᠭᠠᠨ ᠳᠤ᠄ 2010.05 ︱ 2011.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠲᠦᠷ ᠴᠠᠭ ᠡᠬᠦᠷᠭᠡᠯᠡᠪᠡ︶       2011.07 ︱2012.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠲᠣᠭᠲᠠᠭᠤᠨ ᠢ ᠬᠠᠮᠠᠭᠠᠯᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2012.09 ︱2012.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠪᠡ︔       2012.12 ︱2014.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠲᠣᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠱᠦᠵᠢ ᠶᠢᠨ ᠲᠤᠰᠢᠶᠠᠯ ᠢ ᠡᠬᠦᠷᠭᠡᠯᠡᠪᠡ︔ ︵ᠡᠨᠡ ᠬᠤᠭᠤᠴᠠᠭᠠᠨ ᠳᠤ᠄ 2011.08 ︱ 2014.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠤᠨ ᠠᠩᠭᠢ ᠳᠤ ᠰᠤᠷᠤᠯᠴᠠᠪᠠ︶       2014.10 ︱2015.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠲᠣᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠱᠦᠵᠢ ᠶᠢᠨ ᠲᠤᠰᠢᠶᠠᠯ ᠢ ᠡᠬᠦᠷᠭᠡᠯᠡᠪᠡ︔       2015.10 ︱2016.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠲᠣᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠬᠦᠷᠭᠡᠯᠡᠪᠡ︔ ︵ᠡᠨᠡ ᠬᠤᠭᠤᠴᠠᠭᠠᠨ ᠳᠤ᠄ 2015.12 ︱ 2016.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠠᠮ ᠤᠨ ᠬᠤᠷᠢᠶᠠᠨ ᠤ ᠤᠤᠯ ᠤᠨ ᠲᠠᠷᠢᠶᠠᠯᠠᠩ ᠠᠵᠤ ᠦᠢᠯᠡᠳᠪᠦᠷᠢ ᠶᠢᠨ ᠬᠡᠯᠲᠡᠰ ᠲᠤ ᠠᠵᠢᠯᠯᠠᠪᠠ︶       2016.12 ︱2017.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠲᠣᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ︔       2017.10 ︱2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2019.01 ︱ 2022.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2022.04 ︱ 2024.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2024.01 ︱ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ