ᠪᠠᠶᠢᠩᠭᠤ ᠶᠢᠨ ᠭᠡᠰᠢᠬᠦᠨ᠄ ᠮᠠᠰᠢᠪᠢᠯᠢᠭ᠌
ᠨᠡᠶᠢᠲᠡᠯᠡᠭᠰᠡᠨ ᠴᠠᠭ᠄
2024/2/4
W020210715284922282048.jpg
             ᠲᠤᠰᠢᠶᠠᠯ᠄       ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ      ᠠᠵᠢᠯ ᠤᠨ ᠬᠤᠪᠢᠶᠠᠷᠢᠯᠠᠯ᠄      ᠸᠠᠩ ᠵᠢᠶᠠᠨ ᠨᠥᠬᠦᠷ ᠢ ᠬᠠᠪᠰᠤᠷᠴᠤ ᠨᠢᠭᠡᠳᠦᠮᠡᠯ ᠹᠷᠣᠨᠲ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ︔          ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠢ ᠬᠤᠪᠢᠶᠠᠷᠢᠯᠠᠨ ᠬᠠᠮᠢᠶᠠᠷᠤᠨ᠎ᠠ︔ ᠪᠦᠬᠦ ᠬᠤᠰᠢᠭᠤᠨ ᠤ ᠡᠯ᠎ᠡ ᠠᠷᠠᠳᠴᠢᠯᠠᠭᠰᠠᠨ ᠨᠠᠮ ᠪᠦᠯᠦᠭ ᠲᠠᠢ ᠬᠠᠷᠢᠯᠴᠠᠨ᠎ᠠ᠃       ᠲᠣᠪᠴᠢ ᠨᠠᠮᠲᠠᠷ᠄      ᠮᠡᠰᠢᠪᠢᠯᠢᠭ᠂ ᠡᠷᠡᠭᠲᠡᠶ᠂ ᠮᠣᠩᠭᠤᠯ ᠦᠨᠳᠦᠰᠦᠲᠡᠨ᠂ 1984 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠬᠥᠮᠦᠨ᠂ 2008 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2006 ᠣᠨ ᠤ 4 ᠰᠠᠷ᠎ᠠ ᠠᠴᠠ ᠡᠬᠢᠯᠡᠨ ᠠᠵᠢᠯᠯᠠᠪᠠ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ ᠴᠤᠯᠠ ᠬᠠᠮᠠᠭᠠᠯᠠᠪᠠ᠃ ᠣᠳᠣ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠤᠢ᠃      2001.09 ︱2005.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠰᠠᠯᠪᠤᠷᠢ ᠳᠤ ᠰᠤᠷᠤᠯᠴᠠᠪᠠ︔      2005.07 — 2006.04 ᠠᠵᠢᠯ ᠬᠦᠯᠢᠶᠡᠪᠡ︔      2006.04 — 2021.06 ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠤ ᠠᠵᠢᠯᠯᠠᠪᠠ᠂ 2010.09 ᠣᠷᠳᠣᠰ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠰᠣᠯᠢᠯᠴᠠᠭᠠᠨ ᠤ ᠦᠢᠯᠡᠴᠢᠯᠡᠬᠡᠨ ᠤ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ᠂ 2011.05 ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ᠂ 2016.01 ᠱᠠᠰᠢᠨ ᠰᠤᠷᠲᠠᠬᠤᠨ ᠤ ᠨᠢᠭᠡᠳᠦᠭᠡᠷ ᠰᠠᠯᠠᠭᠠᠨ ᠤ ᠰᠠᠯᠠᠭᠠᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ᠂2017.11 ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ ᠶᠢᠨ ᠲᠤᠰᠢᠶᠠᠯ ᠢ ᠡᠬᠦᠷᠭᠡᠯᠡᠪᠡ᠂2019.06 ᠮᠣᠩᠭᠤᠯ ᠦᠭᠡ ᠬᠡᠯᠡ ᠥᠰᠥᠭ ᠪᠢᠴᠢᠭ ᠤᠨ ᠬᠠᠮᠢᠶᠠᠷᠤᠯᠲᠠ ᠶᠢᠨ ᠰᠠᠯᠠᠭᠠᠨ ᠤ ᠰᠠᠯᠠᠭᠠᠨ ᠳᠠᠷᠤᠭ᠎ᠠ  ᠶᠢᠨ ᠲᠤᠰᠢᠶᠠᠯ ᠢ ᠡᠬᠦᠷᠭᠡᠯᠡᠪᠡ᠃ ︵ᠡᠨᠡ ᠬᠤᠭᠤᠴᠠᠭᠠᠨ ᠳᠤ᠂ 2017.03 — 2017.06 ᠣᠷᠳᠣᠰ ᠬᠤᠲᠠ ᠶᠢᠨ 20 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ᠂ 2018.03 — 2019.04  ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠠᠵᠢᠯ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠬᠦᠷᠭᠡᠯᠡᠪᠡ︶︔      2021.06 — ᠡᠳᠦᠭᠡ ᠪᠣᠯᠲᠠᠯ᠎ᠠ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠤᠢ︔
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ