ᠪᠠᠶᠢᠩᠭᠤ ᠶᠢᠨ ᠭᠡᠰᠢᠭᠦᠨ᠄ ᠠᠯᠳᠠᠨᠴᠢᠯᠠᠭᠤ
ᠨᠡᠶᠢᠲᠡᠯᠡᠭᠰᠡᠨ ᠴᠠᠭ᠄
2024/2/4
6376316761618992573180915.jpg
      ᠲᠤᠰᠢᠶᠠᠯ᠄      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄      ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠡᠷᠬᠢᠯᠡᠬᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠥᠮᠦᠵᠢᠯ ᠪᠡᠶ᠎ᠡ ᠲᠠᠮᠢᠷ᠂ ᠰᠣᠶᠣᠯ ᠵᠢᠭᠤᠯᠴᠢᠯᠠᠯ᠂ ᠠᠷᠠᠳ ᠤᠨ ᠶᠠᠪᠤᠳᠠᠯ᠂ ᠤᠢ ᠰᠢᠭᠤᠢ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃      ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠭᠦᠯᠦᠯᠲᠡ ᠶᠢᠨ ᠲᠥᠪ︶᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ︶᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ︶᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ︶᠂ ᠠᠷᠠᠳ ᠤᠨ ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶ ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠮᠤᠤᠠᠤᠰᠤ ᠶᠢᠨ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠰᠢᠷᠠᠤ᠋ᠰᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ︶᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠠᠷᠢᠶᠠᠯᠠᠩ ᠵᠢᠭᠤᠯᠴᠢᠯᠠᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠶᠠᠷᠢᠯᠠᠨ ᠬᠠᠮᠢᠶᠠᠷᠤᠨ᠎ᠠ᠃       ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠷᠠᠳᠢᠣ᠋ ᠲᠧᠯᠸᠢᠰ ᠤᠨ ᠰᠦᠯᠵᠢᠶ᠎ᠡ ᠶᠢᠨ ᠺᠣᠮᠫᠠᠨᠢ᠂ ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠦᠦᠰᠢᠨ ᠬᠤᠪᠢᠶᠠᠷᠢ ᠺᠣᠮᠫᠠᠨᠢ᠂ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠤᠨ ᠦᠦᠰᠢᠨ 854 ᠰᠠᠴᠤᠷᠠᠭᠤᠯᠬᠤ ᠲᠠᠪᠴᠠᠩ ᠵᠡᠷᠭᠡ᠃      ᠲᠣᠪᠴᠢ ᠨᠠᠮᠲᠠᠷ᠄       ᠠᠯᠲᠠᠨᠴᠢᠯᠠᠭᠤ᠂ ᠡᠷᠡᠭᠲᠡᠶ᠂ ᠮᠣᠩᠭᠤᠯ ᠦᠨᠳᠦᠰᠦᠲᠡᠨ᠂ 1979 ᠣᠨ ᠤ 11 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠣᠲᠤᠭ ᠬᠤᠰᠢᠭᠤᠨ ᠤ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠮᠤᠩᠭᠤᠯ ᠬᠡᠯᠡ ᠤᠳᠬ᠎ᠠ ᠵᠣᠬᠢᠶᠠᠯ ᠤᠨ ᠪᠠᠺᠠᠯᠧᠷ᠂ 2006 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2002 ᠣᠨ ᠤ 7 ᠰᠠᠷ᠎ᠠ ᠳᠤ ᠡᠬᠢᠯᠡᠨ ᠠᠵᠢᠯᠯᠠᠪᠠ᠃ ᠤᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃      1998.09 — 2002.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠳᠤ ᠰᠤᠷᠤᠯᠴᠠᠪᠠ︔       2002.07 — 2003.09 ᠥᠪᠥᠷ ᠮᠣᠩᠭᠤᠯ ᠤᠨ ᠬᠠᠳᠤᠨ ᠭᠤᠣᠯ ᠠᠵᠤ ᠠᠬᠤᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠵᠢᠯᠯᠠᠪᠠ︔      2003.09 — 2004.09 ᠥᠪᠥᠷ ᠮᠣᠩᠭᠤᠯ ᠤᠨ ᠤᠯᠠᠭᠠᠨ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠵᠢᠯᠯᠠᠪᠠ︔      2004.09 — 2008.03 ᠥᠪᠥᠷ ᠮᠣᠩᠭᠤᠯ ᠤᠨ ᠤᠲᠤᠭ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠪᠠ︔      2008.03 — 2013.03 ᠥᠪᠥᠷ ᠮᠣᠩᠭᠤᠯ ᠤᠨ ᠤᠲᠤᠭ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2013.03 — 2016.04 ᠥᠪᠥᠷ ᠮᠣᠩᠭᠤᠯ ᠤᠨ ᠤᠲᠤᠭ ᠬᠤᠰᠢᠭᠤᠨ ᠤ ᠰᠦᠮᠡᠲᠦ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2016.04 — 2017.10 ᠥᠪᠥᠷ ᠮᠣᠩᠭᠤᠯ ᠤᠨ ᠤᠲᠤᠭ ᠬᠤᠰᠢᠭᠤᠨ ᠤ ᠰᠦᠮᠡᠲᠦ ᠰᠤᠮᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔       2017.10 — 2019.03 ᠥᠪᠥᠷ ᠮᠣᠩᠭᠤᠯ ᠤᠨ ᠣᠲᠤᠭ ᠬᠤᠰᠢᠭᠤᠨ ᠤ ᠰᠦᠮᠡᠲᠤ ᠰᠤᠮᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2019.03 — 2019.10 ᠥᠪᠥᠷ ᠮᠣᠩᠭᠤᠯ ᠤᠨ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠬᠤᠰᠢᠭᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︔      2019.10 — 2021.07 ᠥᠪᠥᠷ ᠮᠣᠩᠭᠤᠯ ᠤᠨ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2021.07 ︱ 2023.10 ᠥᠪᠥᠷ ᠮᠣᠩᠭᠤᠯ ᠤᠨ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ  ᠶᠢᠨ ᠲᠤᠰᠢᠶᠠᠯ ᠢ ᠡᠬᠦᠷᠭᠡᠯᠡᠪᠡ︔      2023.10 ︱ ᠡᠳᠦᠭᠡ ᠪᠣᠯᠲᠠᠯ᠎ᠠ ᠥᠪᠥᠷ ᠮᠣᠩᠭᠤᠯ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃  
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ