ᠪᠠᠶᠢᠩᠭᠤ ᠶᠢᠨ ᠭᠡᠰᠢᠬᠦᠨ᠄ ᠴᠢᠯᠠᠭᠤ
ᠨᠡᠶᠢᠲᠡᠯᠡᠭᠰᠡᠨ ᠴᠠᠭ᠄
2024/2/4
楚鲁.jpg
      ᠲᠤᠰᠢᠶᠠᠯ᠄      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄       ᠬᠤᠰᠢᠭᠤ ᠳᠡᠳ᠋ ᠳᠠᠷᠤᠭ᠎ᠠ ᠮᠠ ᠶᠠ ᠳ᠋ᠦᠩ ᠤᠨ ᠠᠵᠢᠯ ᠢ ᠬᠠᠪᠰᠤᠷᠤᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠢ ᠬᠤᠪᠢᠶᠠᠷᠢᠯᠠᠨ ᠬᠠᠮᠢᠶᠠᠷᠤᠨ᠎ᠠ᠃          ᠲᠣᠪᠴᠢ ᠨᠠᠮᠲᠠᠷ       ᠴᠢᠯᠠᠭᠤ᠂ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠬᠥᠮᠥᠨ᠂ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ 2005 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2007 ᠣᠨ ᠤ 7 ᠰᠠᠷ᠎ᠠ ᠳᠤ ᠡᠬᠢᠯᠡᠨ ᠠᠵᠢᠯᠯᠠᠪᠠ᠂ ᠤᠳᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠤᠰᠢᠶᠠᠯ ᠢ ᠡᠬᠦᠷᠭᠡᠯᠡᠵᠤ ᠪᠤᠢ᠃       2003.09 ︱ 2007.07 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠡᠯᠧᠺᠲᠷᠣᠨ ᠮᠡᠳᠡᠭᠡ ᠵᠠᠩᠭᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ︔       2008.09 ︱ 2011.09 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠢᠶᠠᠯ ᠢ ᠡᠬᠦᠷᠭᠡᠯᠡᠪᠡ︔       2011.08 ︱2018.02 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠪᠡ ︵2010.09 ︱ 2013.06 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠢᠶᠠᠷ ᠰᠤᠷᠤᠯᠴᠠᠵᠤ᠂ ᠬᠠᠤᠯᠢ ᠶᠢᠨ ᠤᠬᠠᠭᠠᠨ ᠤ ᠮᠠᠰᠲ᠋ᠧᠷ ᠴᠣᠯᠠ ᠬᠠᠮᠠᠭᠠᠯᠠᠪᠠ︶︔       2018.02 ︱ 2024.01 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠮᠤᠷ ᠢ ᠬᠠᠮᠠᠭᠠᠯᠠᠬᠤ ᠭᠠᠵᠠᠷ ᠤᠨ ᠳᠡᠳ᠋ ᠳᠠᠷᠤᠭ᠎ᠠ᠂ ᠨᠠᠮ ᠤᠨ ᠬᠤᠷᠢᠶᠠᠨ ᠤ ᠰᠤᠷᠤᠭᠴᠢᠳ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠰᠤᠷᠤᠭᠴᠢᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ ︵ᠡᠨᠡ ᠬᠤᠭᠤᠴᠠᠭᠠᠨ ᠳᠤ 2020.07 ︱ 2020.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠢᠯᠵᠢᠭᠦᠯᠦᠨ ᠪᠣᠯᠪᠠᠰᠤᠷᠠᠭᠤᠯᠪᠠ︶︔        2024.01 ︱ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃    
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ