ᠬᠤᠰᠢᠭᠤ ᠳᠡᠳ᠋ ᠳᠠᠷᠤᠭ᠎ᠠ᠄ ᠱᠠ ᠵᠢᠶᠠᠨ
ᠨᠡᠶᠢᠲᠡᠯᠡᠭᠰᠡᠨ ᠴᠠᠭ᠄
2024/2/4
W020240126606913921020.jpg
      ᠲᠤᠰᠢᠶᠠᠯ᠄      ᠦᠦᠰᠢᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄      ᠬᠤᠰᠢᠭᠤ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠲᠥᠯᠦᠪᠵᠢᠭᠦᠯᠭᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠤᠯᠢ ᠬᠡᠷᠡᠭᠵᠢᠭᠦᠯᠦᠯᠲᠡ᠂ ᠭᠡᠷ ᠪᠠᠶᠢᠰᠢᠩ ᠲᠠᠲᠠᠪᠤᠷᠢᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠢᠯᠡᠴᠢᠯᠡᠭᠡᠨ ᠤ ᠲᠥᠪ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠥᠮᠴᠢᠯᠡᠯᠲᠦ ᠪᠠᠷᠢᠯᠭ᠎ᠠ ᠶᠢᠨ ᠦᠢᠯᠡᠴᠢᠯᠡᠬᠡᠨ ᠤ ᠬᠢᠵᠠᠭᠠᠷᠲᠤ ᠺᠤᠮᠫᠠᠨᠢ ᠶᠢ ᠬᠤᠪᠢᠶᠠᠷᠢᠯᠠᠨ ᠬᠠᠷᠢᠭᠤᠴᠠᠨ᠎ᠠ᠃       ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠦᠦᠰᠢᠨ ᠬᠤᠰᠢᠭᠤᠨ ᠤ ᠬᠤᠪᠢᠶᠠᠷᠢ ᠲᠥᠪ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠦᠦᠰᠢᠨ ᠬᠤᠰᠢᠭᠤᠨ ᠤ ᠦᠢᠯᠡᠴᠢᠯᠡᠭᠡᠨ ᠤ ᠬᠡᠯᠲᠡᠰ ᠲᠠᠢ ᠬᠠᠷᠢᠯᠴᠠᠨ᠎ᠠ᠃      ᠲᠣᠪᠴᠢ ᠨᠠᠮᠲᠠᠷ᠄      ᠱᠠ ᠵᠢᠶᠠᠨ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 7 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1998 ᠣᠨ ᠤ 8 ᠰᠠᠷ᠎ᠠ ᠳᠤ ᠡᠬᠢᠯᠡᠨ ᠠᠵᠢᠯᠯᠠᠪᠠ᠂ 2001 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠤᠳᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃       1998.08 ︱2000.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠪᠠ︔       2000.08 ︱ 2005.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠭᠰᠢᠯᠠᠪᠠ︔       2005.04 ︱ 2008.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ ᠪᠠᠷ ᠠᠵᠢᠯᠯᠠᠪᠠ︔       2008.08︱2011.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠵᠠᠰᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2011.10 ︱ 2016.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠵᠠᠰᠠᠭ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ ︵ᠡᠨᠡ ᠬᠤᠭᠤᠴᠠᠭᠠᠨ ᠳᠤ᠄ 2013 ᠣᠨ ᠤ 7 ᠳ᠋ᠤᠭᠠᠷ ᠰᠠᠷ᠎ᠠ ᠠᠴᠠ 2016 ᠣᠨ ᠤ 5 ᠳ᠋ᠤᠭᠠᠷ ᠰᠠᠷ᠎ᠠ ᠪᠣᠯᠲᠠᠯ᠎ᠠ ᠲᠤᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠬᠠᠮᠢᠶᠠᠷᠤᠯᠲᠠ ᠶᠢᠨ ᠲᠥᠪ ᠲᠤ ᠲᠦᠷ ᠴᠠᠭ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︶︔       2016.05 ︱2019.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2019.12 ︱ 2021.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ︔       2021.04 ︱ 2022.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2022.04 ︱ 2024.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2024.01 ︱ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠦᠦᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠵᠤ ᠪᠤᠢ︔    
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ