ᠬᠤᠰᠢᠭᠤ ᠳᠡᠳ᠋ ᠳᠠᠷᠤᠭ᠎ᠠ᠄ ᠺᠠᠩ ᠷᠦᠢ
ᠨᠡᠶᠢᠲᠡᠯᠡᠭᠰᠡᠨ ᠴᠠᠭ᠄
2024/2/4
 W020220531414915378196.jpg 
           ᠲᠤᠰᠢᠶᠠᠯ᠄      ᠥᠥᠰᠢᠨ ᠬᠤᠰᠢᠭᠤᠨ ᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄      ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠡᠨᠧᠷᠭᠢ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠴᠢᠯᠠᠯᠲᠠ ᠵᠡᠷᠭᠡ ᠠᠵᠢᠯ ᠢ ᠬᠠᠷᠢᠭᠤᠴᠠᠨ᠎ᠠ᠃      ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠨᠧᠷᠭᠢ ᠶᠢᠨ ᠦᠢᠯᠡᠰ ᠤᠨ ᠬᠥᠭᠵᠢᠬᠦᠯᠦᠯᠲᠡ ᠶᠢᠨ ᠲᠥᠪ︶᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠲᠥᠪ ᠢ ᠬᠤᠪᠢᠶᠠᠷᠢᠯᠠᠨ ᠬᠠᠮᠢᠶᠠᠷᠤᠨ᠎ᠠ᠃      ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠦᠦᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠣᠨ ᠬᠤᠰᠢᠭᠤᠨ ᠳᠤ ᠰᠠᠭᠤᠭ᠎ᠠ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠢᠮᠡᠭᠡ ᠬᠤᠯᠪᠣᠭ᠎ᠠ ᠶᠢᠨ ᠠᠵᠤ ᠠᠬᠤᠶᠢᠯᠠᠯ ᠲᠠᠢ ᠬᠠᠷᠢᠯᠴᠠᠨ᠎ᠠ᠃      ᠲᠤᠪᠴᠢ ᠨᠠᠮᠳᠡᠷ᠄      ᠺᠠᠩ ᠷᠦᠢ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 8 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠦᠦᠰᠢᠨ ᠬᠤᠰᠢᠭᠤᠨ ᠤ ᠬᠥᠮᠥᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 2007 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2003 ᠣᠨ ᠤ 9 ᠰᠠᠷ᠎ᠠ ᠳᠤ ᠠᠵᠢᠯ ᠳᠤ ᠣᠷᠣᠵᠠᠢ᠂ ᠤᠳᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃      2000.09 ︱ 2003.06 ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠥᠮᠥᠨ ᠨᠡᠶᠢᠭᠡᠮ ᠤᠨ ᠳᠡᠭᠡᠳᠦ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠢ ᠰᠤᠷᠤᠯᠴᠠᠪᠠ︔      2003.06 ︱ 2003.09 ᠠᠵᠢᠯ ᠬᠦᠯᠢᠶᠡᠪᠡ︔      2003.09 ︱2006.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠤᠰᠢᠶᠠᠯ ᠢ ᠡᠭᠦᠷᠭᠡᠯᠡᠪᠡ ︵ᠡᠨᠡ ᠬᠤᠭᠤᠴᠠᠭᠠᠨ ᠳᠤ᠄ 2001.09 ︱ 2004.12 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠥᠪᠡᠷᠲᠡᠭᠡᠨ ᠰᠢᠯᠭᠠᠬᠤ ᠵᠢᠩᠬᠢᠨᠢ ᠠᠩᠭᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠳᠤ ᠰᠤᠷᠤᠯᠴᠠᠪᠠ︶︔      2006.01 ︱2008.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠠᠵᠢᠯᠯᠠᠪᠠ︔      2008.12 ︱2011.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2011.04 ︱2012.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠳᠤᠭ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠠᠰᠠᠭ ᠤᠨ ᠣᠷᠳᠣᠨ ᠤ ᠪᠠᠯᠭᠠᠰᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2012.05 ︱2016.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ︔       2016.04 ︱2019.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2019.06 ︱2019.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠪᠡ︔      2019.12 ︱2020.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠪᠡ︔      2020.06 ︱2022.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠪᠡ ︵ᠡᠨᠡ ᠬᠤᠭᠤᠴᠠᠭᠠᠨ ᠳᠤ 2020.09 ︱2020.12 ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ 23 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶︔      2022.03 ︱2022.04 ᠥᠪᠥᠷ ᠮᠣᠩᠭᠤᠯ ᠤᠨ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠬᠰᠠᠨ ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠪᠡ︔      2022.04 ︱ ᠥᠪᠥᠷ ᠮᠣᠩᠭᠤᠯ ᠤᠨ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ