ᠬᠤᠰᠢᠭᠤ ᠳᠡᠳ᠋ ᠳᠠᠷᠤᠭ᠎ᠠ᠄ ᠹᠠᠨ ᠴᠦᠨ ᠬᠤᠢ
ᠨᠡᠶᠢᠲᠡᠯᠡᠭᠰᠡᠨ ᠴᠠᠭ᠄
2024/2/4
W020240102403480835460.png
      ᠲᠤᠰᠢᠶᠠᠯ᠄       ᠦᠦᠰᠢᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄       ᠬᠤᠰᠢᠭᠤ ᠳᠠᠷᠤᠭ᠎ᠠ ᠶᠢ ᠬᠠᠪᠰᠤᠷᠤᠨ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠪᠡᠶ᠎ᠡ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠤᠯᠲᠡ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠬᠦᠯᠦᠯᠲᠡ ᠶᠢᠨ ᠲᠥᠪ︶᠂ ᠰᠢᠷᠬᠤᠰᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠷᠬᠤᠰᠤ ᠶᠢᠨ ᠪᠣᠷᠣᠳᠣᠬᠤᠢ ᠬᠥᠮᠥᠨ ᠤ ᠰᠣᠶᠣᠯ ᠤᠨ ᠰᠤᠳᠤᠯᠭᠠᠨ ᠤ ᠲᠥᠪ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠪᠡᠶ᠎ᠡ ᠲᠠᠮᠢᠷ ᠤᠨ ᠦᠢᠯᠡᠰ ᠤᠨ ᠬᠥᠭᠵᠢᠬᠦᠯᠦᠯᠲᠡ ᠶᠢᠨ ᠲᠥᠪ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠰᠤᠷᠭᠠᠨ ᠬᠥᠮᠦᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠷ ᠲᠣᠭᠲᠠᠭᠠᠭᠰᠠᠨ ᠨᠡᠷ᠎ᠡ︶ ᠶᠢ ᠬᠤᠪᠢᠶᠠᠷᠢᠯᠠᠨ ᠬᠠᠮᠢᠶᠠᠷᠤᠨ᠎ᠠ᠃       ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠷᠠᠳᠢᠣ᠋ ᠲᠧᠯᠸᠢᠰ ᠰᠦᠯᠵᠢᠶ᠎ᠡ ᠶᠢᠨ ᠺᠣᠮᠫᠠᠨᠢ᠂ ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠤᠨ ᠦᠦᠰᠢᠨ 854 ᠰᠠᠴᠤᠷᠠᠭᠤᠯᠬᠤ ᠲᠠᠪᠴᠠᠩ ᠵᠡᠷᠭᠡ ᠲᠠᠢ ᠬᠠᠷᠢᠯᠴᠠᠨ᠎ᠠ᠃      ᠲᠣᠪᠴᠢ ᠨᠠᠮᠲᠠᠷ       ᠹᠠᠨ ᠴᠦᠨ ᠬᠤᠢ᠂ ᠡᠮᠡᠭᠲᠡᠢ᠂ ᠬᠢᠲᠠᠳ ᠦᠨᠳᠦᠰᠦᠲᠡᠨ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ 1983 ᠣᠨ ᠤ 3 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠬᠥᠮᠥᠨ᠂ ᠮᠠᠨᠴᠧᠰᠲ᠋ᠧᠷ ᠶᠡᠭᠡ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃       2001.09 ︱2005.06 ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠪᠠ︔       2005. 06 ︱ 2005. 09 ᠣᠨ ᠳᠤ ᠠᠵᠢᠯ ᠬᠦᠯᠢᠶᠡᠪᠡ︔       2005.09 ︱ 2006.11 ᠠᠩᠭ᠍ᠯᠢ ᠶᠢᠨ ᠮᠠᠨᠴᠧᠰᠲ᠋ᠧᠷ ᠶᠡᠭᠡ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︔       2006.11 ︱ 2008.12 ᠠᠵᠢᠯ ᠬᠦᠯᠢᠶᠡᠪᠡ︔       2008.12 ︱ 2012. 01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠠᠵᠢᠯᠯᠠᠪᠠ︔       2012.01 ︱ 2015. 11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠯᠤᠰ ᠲᠦᠷᠦ ᠶᠢᠨ ᠠᠯᠪᠠᠨ ᠭᠡᠷ ᠤᠨ ᠡᠷᠬᠢᠯᠡᠭᠴᠢ ︵ᠳᠡᠳ᠋ ᠰᠠᠯᠠᠭᠠᠨ ᠳᠡᠰ︶ ᠶᠢᠨ ᠲᠤᠰᠢᠶᠠᠯ ᠢ ᠡᠬᠦᠷᠭᠡᠯᠡᠪᠡ︔       2015.11 ︱ 2017.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠰᠠᠯᠠᠭᠠᠨ ᠳᠡᠰ ᠤᠨ ᠲᠤᠰᠢᠶᠠᠯ ᠢ ᠡᠬᠦᠷᠭᠡᠯᠡᠪᠡ︔       2017.07 ︱ 2019.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔        2019.10 ︱ 2022.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ︔       2022.08 ︱ 2023.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ︔       2023.12 ︱ 2024.01 ᠥᠪᠥᠷ ᠮᠣᠩᠭᠤᠯ ᠤᠨ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠪᠡ︔      2024.01 ︱ᠥᠪᠥᠷ ᠮᠣᠩᠭᠤᠯ ᠤᠨ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠵᠤ ᠪᠤᠢ᠃    
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ