ᠤᠷᠠᠠᠰᠤᠸ᠎ᠠ᠄ ᠤᠷᠤᠨ ᠨᠣᠳᠤᠭ ᠤᠨ ᠨᠤᠭᠤᠭᠠᠷᠠᠭᠤᠯᠤᠯᠳᠠ ᠶᠢᠨ ᠠᠵᠢᠯ ᠳᠤ ᠬᠦᠴᠦ ᠪᠠᠨ ᠡᠷᠭᠦᠵᠦ ᠪᠠᠶᠢᠨ᠎ᠠ
ᠨᠡᠶᠢᠲᠡᠯᠡᠭᠰᠡᠨ ᠴᠠᠭ᠄
2024/3/11
      ᠨᠣᠳᠤᠭ ᠪᠡᠯᠴᠢᠭᠡᠷ ᠤᠨ ᠪᠦᠳᠤᠭᠡᠨ ᠪᠠᠶᠢᠭᠤᠯᠤᠯᠳᠠ ᠶᠢᠨ ᠠᠵᠢᠯ ᠢ 17 ᠵᠢᠯ ᠬᠢᠵᠦ ᠶᠠᠪᠤᠭ᠎ᠠ ᠦᠤᠰᠢᠨ ᠬᠤᠰᠢᠭᠤᠨ ᠤ ᠤᠢ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶᠠᠨ ᠤ ᠠᠵᠢᠯᠳᠠᠨ ᠤᠷᠠᠠᠰᠤᠸ᠎ᠠ ᠬᠠᠷᠭᠠᠨ᠎ᠠ᠂ ᠲᠤᠷᠯᠤᠭ ᠵᠡᠷᠭᠡ ᠤᠷᠭᠤᠮᠠᠯ ᠢ ᠰᠢᠨᠵᠢᠯᠡᠭᠦ ᠤᠬᠠᠭᠠᠴᠢ ᠪᠠᠷ ᠲᠠᠷᠢᠬᠤ ᠮᠡᠷᠭᠡᠵᠢᠯ ᠢ ᠲᠤᠷᠰᠢᠨ ᠲᠦᠭᠡᠮᠡᠯᠵᠢᠭᠦᠯᠵᠦ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠬᠤ᠂ ᠨᠤᠲᠤᠭ ᠪᠡᠯᠴᠢᠭᠡᠷ ᠢ ᠰᠡᠶᠢᠵᠢᠷᠠᠭᠤᠯᠬᠤ᠂ ᠨᠤᠲᠤᠭ ᠪᠡᠯᠴᠢᠭᠡᠷ ᠤᠨ ᠠᠰᠢᠭᠯᠠᠮᠵᠢ ᠶᠢ ᠳᠡᠭᠡᠭᠰᠢᠯᠡᠬᠦᠯᠬᠦ ᠳᠤ ᠦᠪᠡᠷ ᠤᠨ ᠬᠦᠴᠦ ᠪᠠᠨ ᠡᠷᠬᠦᠵᠤ ᠶᠠᠪᠤᠨ᠎ᠠ᠃
a5dcea609668fe7295c1fda1663ced3.jpg
b837b8253454e2b5305c5a4df8d9851.jpg
       ᠴᠢᠷᠮᠡᠶᠢᠯᠭ᠎ᠠ ᠬᠦᠮᠦᠨ ᠢ ᠬᠦᠰᠡᠷᠳᠡᠭᠦᠯᠭᠦ ᠦᠭᠡᠢ ᠭᠡᠳᠡᠭ ᠢᠶᠠᠷ ᠤᠷᠠᠠᠰᠤᠸ᠎ᠠ ᠤᠷᠢᠳ ᠬᠤᠵᠢᠳ ᠲᠡᠷᠢᠭᠦᠨ ᠤ ᠠᠵᠢᠯᠳᠠᠨ᠂ ᠰᠢᠯᠢᠳᠡᠭ ᠨᠠᠮ ᠤᠨ ᠭᠡᠰᠢᠭᠦᠨ ᠵᠡᠷᠭᠡ ᠱᠠᠩᠨᠠᠯ ᠬᠦᠭᠢᠭᠦᠯᠤᠯ ᠢ ᠤᠯᠠᠨᠳᠠ ᠬᠦᠷᠳᠡᠵᠦ᠂ ᠡᠨᠡ ᠵᠢᠯ ᠪᠠᠰᠠ ᠤᠷᠳᠤᠰ ᠬᠤᠳᠠ ᠶᠢᠨ ︽ᠬᠠᠮᠤᠭ ᠤᠨ ᠭᠤᠶᠣ ᠡᠮᠡᠭᠳᠡᠢ ᠰᠤᠳᠣᠨ ᠭᠠᠪᠰᠢᠭᠠᠶᠢᠯᠠᠭᠴᠢ︾ ᠪᠠᠷ ᠦᠨᠡᠯᠡᠭᠳᠡᠵᠡᠢ᠃ ᠡᠳᠡᠭᠡᠷ ᠱᠠᠩᠨᠠᠯ ᠬᠦᠭᠢᠭᠦᠯᠦᠯ ᠨᠢ ᠲᠡᠭᠦᠨ ᠤ ᠠᠵᠢᠯ ᠢᠶᠠᠨ ᠤᠯᠠᠮ ᠰᠠᠶᠢᠨ ᠬᠢᠭᠦ ᠢᠳᠡᠬᠡᠯ ᠵᠣᠷᠢᠭ ᠢ ᠨᠢ ᠬᠦᠪᠴᠢᠯᠡᠭᠰᠡᠨ ᠪᠠᠶᠢᠨ᠎ᠠ᠃                                                 ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ