ᠵᠠᠰᠠᠭ ᠤᠨ ᠣᠷᠳᠣᠨ ᠤ ᠠᠵᠢᠯ ᠤᠨ ᠢᠯᠡᠳᠬᠡᠯ | | | —— 2024 ᠣᠨ ᠤ 1 ᠰᠠᠷ᠎ᠠ ᠶᠢᠨ 22 ᠤᠨ ᠡᠳᠦᠷ ᠤᠨ ᠦᠦᠰᠢᠨ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ | | ᠲᠥᠯᠥᠭᠡᠯᠡᠭᠴᠢᠳ ᠠ᠋᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠲᠠᠨᠠᠷ ᠬᠢᠨᠠᠨ ᠵᠥᠪᠯᠡᠬᠦ | ᠪᠣᠯᠪᠠᠤ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠠᠪᠰᠢᠭᠦᠯᠬᠦ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠦᠦᠰᠢᠨ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠬᠥᠰᠢᠶ᠎ᠡ ᠲᠡᠮᠲᠡᠭ ᠤᠨ ᠠᠴᠢ ᠬᠤᠯᠪᠣᠭᠳᠠᠯ ᠲᠠᠢ ᠵᠢᠯ ᠪᠣᠯᠣᠨ᠎ᠠ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠨ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡᠬᠦ ᠭᠤᠣᠯ ᠰᠢᠵᠢᠮ ᠲᠠᠢ | ᠤᠶᠠᠯᠳᠤᠭᠤᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ ︽ᠭᠤᠷᠪᠠ ᠲᠦᠷᠪᠡ ᠲᠦᠷᠪᠡ︾ ᠬᠦᠭᠵᠢᠯᠲᠡ ᠶᠢᠨ ᠡᠬᠦᠷᠭᠡ ᠪᠠᠷ ᠭᠠᠷᠳᠠᠴᠠ ᠪᠤᠯᠭᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ︽ᠰᠢᠨ᠎ᠡ ᠠᠶᠠᠨ ᠢ ᠨᠡᠭᠡᠭᠡᠵᠦ᠂ ᠬᠤᠰᠢᠭᠤᠷᠠᠨ ᠴᠤᠯᠭᠤᠷᠠᠵᠤ᠂ ᠭᠤᠣᠯᠳᠠᠯᠭᠠᠲᠤ ᠣᠷᠣᠨ ᠢ ᠪᠦᠲᠦᠭᠡᠨ | ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ︾ ᠪᠠᠷ ᠲᠡᠮᠡᠴᠡᠬᠦ ᠬᠠᠷᠠᠯᠲᠠ ᠰᠢᠨ᠎ᠡ ᠰᠢᠪᠲᠤᠯᠤᠯᠲᠠ ᠲᠠᠢ ᠪᠣᠯᠵᠤ ᠨᠤᠮᠢᠨ ᠲᠠᠩᠰᠤᠭ | ᠦᠦᠰᠢᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠳᠤᠰᠢᠶᠠᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ︽ᠵᠠᠭᠤᠨ ᠬᠦᠴᠦᠷᠬᠡᠭ ᠲᠤ ᠳᠡᠪᠰᠢᠨ ᠤᠷᠤᠬᠤ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠬᠥᠭᠵᠢᠯᠲᠡ ᠶᠢᠨ | ᠠᠯᠬᠤᠴᠠ ᠪᠠᠨ ᠢᠯᠡᠳᠲᠡ ᠲᠦᠷᠭᠡᠳᠬᠡᠪᠡ᠃ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠲᠡᠭ 3.7% ᠪᠠᠷ ᠨᠡᠮᠡᠭᠳᠡᠵᠤ | ᠂ 500 ᠳ᠋ᠦᠩᠰᠢᠭᠤᠷ ᠲᠥᠭᠦᠷᠢᠭ ᠢ ᠳᠠᠪᠠᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 64.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ | ᠨᠢ ᠪᠦᠬᠦ ᠬᠤᠳᠠ ᠶᠢᠨ ᠲᠦᠷᠦᠬᠦᠨ ᠳᠤ ᠤᠷᠤᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠲᠤᠭ᠎ᠠ 8.2% ᠢᠶᠠᠷ | ᠨᠡᠮᠡᠭᠳᠡᠵᠦ᠂ 7 ᠵᠢᠯ ᠳᠤ ᠬᠠᠮᠤᠭ ᠤᠨ ᠥᠨᠳᠥᠷ ᠬᠡᠮᠵᠢᠶᠡᠨ ᠳᠤ ᠬᠦᠷᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 18.4% ᠪᠠᠷ | ᠨᠡᠮᠡᠭᠳᠡᠵᠦ᠂ ᠠᠩᠬ᠎ᠠ ᠤᠳᠠᠭ᠎ᠠ 50 ᠳ᠋ᠦᠩᠰᠢᠭᠤᠷ ᠲᠥᠭᠦᠷᠢᠭ ᠢ ᠳᠠᠪᠠᠪᠠ᠃ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ 31.4 | ᠳ᠋ᠦᠩᠰᠢᠭᠤᠷ ᠲᠥᠭᠦᠷᠢᠭ ᠢᠯᠭᠠᠷᠠᠭᠤᠯᠵᠤ ᠲᠦᠷᠪᠡᠨ ᠵᠢᠯ ᠤᠷᠢᠳᠴᠢᠯᠠᠨ ᠪᠡᠶᠡᠯᠡᠬᠦᠯᠪᠡ᠃ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠪᠠᠷᠠᠭᠤᠨ ᠣᠷᠣᠨ ᠤ | ᠵᠠᠭᠤᠨ ᠬᠦᠴᠦᠷᠬᠡᠭ ᠰᠢᠶᠠᠨ ᠤ 18 ᠳ᠋ᠤᠭᠠᠷ ᠲᠤ ᠳᠠᠪᠰᠢᠨ ᠣᠷᠣᠪᠠ᠃ ᠪᠥᠬᠦ ᠵᠢᠯ ᠳᠤ 33 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ 262 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠤᠨ ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠪᠡ᠃ ᠪᠦᠦ ᠹᠧᠩ | ᠪᠦᠯᠦᠭᠯᠡᠯ ᠤᠨ ᠠᠯᠺᠸᠠ ᠤ ᠲᠦᠷᠦᠯ ᠵᠦᠢᠯ ᠤᠨ ᠵᠢᠯ ᠤᠨ ᠪᠡᠯᠡ ᠣᠷᠣᠭᠤᠯᠤᠯᠲᠠ ᠶᠢ 140 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠲᠠᠩ | ᠭᠠᠭᠴᠠ ᠲᠦᠷᠦᠯ ᠵᠦᠢᠯ ᠤᠨ ᠵᠢᠯ ᠤᠨ ᠪᠡᠯᠡ ᠣᠷᠣᠭᠤᠯᠤᠯᠲᠠ ᠶᠢᠨ ᠰᠢᠨ᠎ᠡ ᠲᠡᠮᠳᠡᠭᠯᠡᠯ ᠢ ᠡᠭᠦᠳᠪᠡ᠃ ᠳᠤᠮᠳᠠᠳᠤ ᠤᠯᠤᠰ ᠤᠨ ᠴᠢᠯᠠᠭᠤᠨ ᠳᠤᠰᠤ ᠪᠠᠶᠢᠭᠠᠯᠢ | ᠶᠢᠨ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 120 ᠲᠦᠮᠡᠨ ᠲᠣᠨ ᠡᠲ᠋ᠡᠨ ᠢᠶᠠᠷ ᠡᠲ᠋ᠧᠨ ᠦᠢᠯᠡᠳᠬᠦ᠂ ᠵᠦᠩ ᠮᠧᠢ ᠪᠦᠯᠦᠭᠯᠡᠯ ᠤᠨ | ᠤᠷᠳᠤᠰ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ 50 ᠲᠦᠮᠡᠨ ᠲᠣᠨ ᠪᠤᠬᠢᠷᠳᠤᠯ ᠦᠬᠡᠢ ᠰᠢᠪᠲᠦᠷ ᠵᠡᠷᠭᠡ ᠨᠢᠭᠡ ᠪᠦᠯᠦᠭ ᠴᠢᠬᠤᠯᠠ ᠶᠡᠭᠡ | ᠠᠵᠤ ᠦᠢᠯᠡᠰ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠪᠠ᠃ 43 ᠴᠢᠬᠤᠯᠠ ᠶᠡᠭᠡ ᠲᠥᠷᠥᠯ ᠵᠦᠢᠯ ᠢ | ᠰᠢᠨ᠎ᠡ ᠪᠠᠷ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠡᠯᠡ ᠮᠦᠩᠭᠦ 2400 ᠳ᠋ᠦᠩᠰᠢᠭᠤᠷ ᠲᠥᠭᠦᠷᠢᠭ ᠢ ᠳᠠᠪᠠᠵᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠵᠤ ᠪᠣᠳᠠᠲᠠᠶᠢᠵᠢᠭᠤᠯᠤᠭᠰᠠᠨ ᠪᠡᠯᠡ ᠮᠥᠩᠭᠦ 148 ᠳ᠋ᠦᠩᠰᠢᠭᠤᠷ ᠲᠥᠭᠦᠷᠢᠭ ᠲᠤ ᠬᠦᠷᠴᠦ ᠪᠥᠬᠦ ᠬᠤᠲᠠ ᠳᠤ ᠲᠡᠷᠢᠬᠦᠯᠡᠪᠡ᠃ ᠪᠥᠬᠦ ᠬᠤᠰᠢᠭᠤᠨ ᠤ | ᠪᠦᠲᠦᠭᠡᠨ ᠪᠠᠶᠢᠭᠤᠯᠵᠤ ᠪᠠᠶᠢᠭ᠎ᠠ ᠪᠤᠶᠤ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ ᠵᠠᠭᠤᠨ ᠳ᠋ᠦᠩᠰᠢᠭᠤᠷ ᠲᠦᠬᠦᠷᠢᠭ ᠤᠨ ᠲᠠᠰ ᠤᠨ ᠲᠥᠷᠥᠯ ᠵᠦᠢᠯ | 8 ᠳᠤ ᠬᠦᠷᠴᠦ᠂ 50 ᠳ᠋ᠦᠩᠰᠢᠭᠤᠷ ᠲᠦᠬᠦᠷᠢᠭ ᠤᠨ ᠲᠠᠰ ᠤᠨ ᠲᠥᠷᠥᠯ ᠵᠦᠢᠯ 6 ᠳᠤ ᠬᠦᠷᠴᠦ᠂ ᠲᠣᠮᠣ ᠲᠥᠷᠥᠯ ᠵᠦᠢᠯ ᠲᠤᠮᠤ ᠬᠥᠭᠵᠢᠯᠲᠡ ᠶᠢ | ᠳᠠᠶᠢᠴᠢᠯᠠᠬᠤ ᠪᠠᠶᠢᠷᠢᠰᠢᠯ ᠨᠢᠭᠡᠨᠲᠡ ᠪᠦᠷᠢᠯᠳᠦᠪᠡ᠃ | ᠨᠢᠭᠡ ᠵᠢᠯ ᠤᠨ ᠲᠤᠷᠰᠢ᠂ ᠪᠢᠳᠡ ︽ᠪᠣᠬᠢᠷᠲᠤᠯ ᠦᠭᠡᠢ ᠬᠥᠭᠵᠢᠯᠲᠡ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠬᠥᠭᠵᠢᠯᠲᠡ ᠶᠢᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠷᠳᠣᠰ ᠲᠠᠬᠢ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠤᠯᠳᠠᠯᠭᠠᠳᠤ ᠤᠷᠤᠨ ︽ᠭᠤᠷᠪᠠᠨ ᠬᠦᠷᠢᠶᠡᠯᠡᠩ ᠭᠤᠷᠪᠠᠨ ᠰᠠᠭᠤᠷᠢᠨ ᠭᠠᠵᠠᠷ︾ ᠢ ᠪᠥᠬᠦ | ᠲᠠᠯ᠎ᠠ ᠪᠠᠷ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ 3 | ᠲᠦᠮᠡᠨ ᠲᠣᠨ ᠤ ᠰᠠᠯᠬᠢ ᠭᠡᠷᠡᠯ ᠤᠨ ᠡᠨᠧᠷᠬᠢ ᠶᠢ ᠠᠭᠤᠰᠤᠯᠴᠠᠭᠤᠯᠤᠭᠰᠠᠨ ᠪᠤᠭᠢᠷᠳᠤᠯ ᠦᠬᠡᠢ ᠤᠰᠤᠲᠥ᠋ᠷᠥᠭᠴᠢ ᠥᠢᠯᠡᠳᠭᠦ᠂ ᠬᠤᠢ ᠨᠧᠩ ᠪᠦᠯᠦᠭᠯᠡᠯ ᠤᠨ | ᠵᠦᠸᠧ ᠵᠧᠩ ᠺᠤᠮᠫᠠᠨᠢ ᠶᠢᠨ ᠰᠢᠨ᠎ᠡ ᠮᠠᠲ᠋ᠧᠷᠢᠶᠠᠯ ᠵᠡᠷᠭᠡ 2 ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠵᠤ᠂ ᠪᠦᠬᠦ ᠬᠤᠳᠠ ᠶᠢᠨ ᠠᠩᠬᠠᠳᠠᠭᠴᠢ ᠨᠡᠷᠡᠨ ᠡᠨᠧᠷᠭᠢ ᠶᠢᠨ ᠭᠡᠷᠡᠯ ᠴᠡᠨᠡᠭ ᠤᠨ ᠪᠠᠭᠠᠨ᠎ᠠ ᠶᠢᠨ ᠲᠦᠷᠦᠯ ᠵᠤᠶᠢᠯ ᠢ ᠦᠢᠯᠡᠳᠪᠦᠷᠢᠯᠡᠵᠦ᠂ | ᠵᠥᠪᠰᠢᠶᠡᠷᠡᠬᠦᠯᠦᠭᠰᠡᠨ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ 366 ᠲᠦᠮᠡᠨ ᠺᠢᠯᠣᠸᠠᠲ ᠲᠤ ᠬᠦᠷᠴᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠪᠣᠯᠣᠨ ᠰᠢᠨ᠎ᠡ ᠡᠨᠧᠷᠭᠢ ᠶᠢ ᠡᠪᠴᠡᠯᠳᠤᠭᠦᠯᠦᠨ ᠭᠦᠭᠵᠢᠭᠦᠯᠭᠦ ᠰᠢᠨ᠎ᠡ ᠠᠯᠬᠤᠮ ᠢ ᠠᠯᠬᠤᠪᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠳᠡ ᠶᠢᠨ ᠤᠷᠤᠨ ᠨᠢ | ᠪᠦᠬᠦ ᠤᠯᠤᠰ ᠤᠨ ᠠᠩᠬᠠᠳᠤᠭᠠᠷ ᠪᠦᠯᠦᠭ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ | ᠶᠢᠨ ᠴᠡᠭ ᠤᠨ ᠬᠦᠷᠢᠶᠡᠯᠡᠩ ᠲᠤᠭᠤᠷᠢᠭ ᠪᠤᠯᠪᠠ᠃ ᠥᠨᠳᠥᠷ ᠪᠠᠷᠢᠮᠵᠢᠶᠠᠲᠤ ᠣᠶᠤᠨᠴᠢ ᠵᠢᠱᠢᠶ᠎ᠡ ᠦᠵᠡᠭᠦᠯᠬᠦ ᠲᠠᠷᠢᠶᠠᠨ ᠭᠠᠵᠠᠷ ᠢ 5000 ᠮᠦ ᠰᠢᠨ᠎ᠡ ᠪᠠᠷ | ᠪᠠᠶᠢᠭᠤᠯᠵᠤ᠂ ᠠᠮᠤ ᠪᠤᠳᠠᠭᠠᠨ ᠤ ᠭᠠᠷᠤᠯᠲᠠ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠶᠢ ᠪᠡᠶᠡᠯᠡᠭᠦᠯᠪᠡ᠃ ︽ᠦᠬᠡᠷ ᠬᠤᠪᠢᠳᠠᠨ ᠮᠠᠯᠵᠢᠬᠤ︾ | ᠬᠤᠪᠢ ᠡᠵᠡᠮᠳᠡᠭᠰᠡᠨ ᠪᠦᠯᠦᠭᠯᠡᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠳᠡᠭᠡᠳᠦ ᠲᠠᠰ ᠤᠨ ᠠᠯᠠᠰᠢᠨ ᠦᠬᠡᠷ ᠲᠡᠵᠢᠭᠡᠨ ᠮᠠᠯᠵᠢᠬᠤ᠂ ︽ | ᠬᠤᠸᠠᠩ ᠰᠢᠶᠠᠩ︾ ᠭᠠᠭ᠋ᠠᠢ ᠲᠡᠵᠢᠬᠡᠨ ᠲᠠᠷᠭᠤᠯᠠᠭᠤᠯᠬᠤ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ ᠬᠥᠲᠥᠴᠢ ᠲᠥᠷᠥᠯ ᠵᠦᠢᠯ ᠢ ᠵᠠᠯᠭᠠᠭ᠎ᠠ ᠪᠠᠷ | ᠨᠠᠶᠢᠳᠠᠪᠤᠷᠢᠵᠢᠭᠤᠯᠵᠤ᠂ ᠣᠷᠳᠣᠰ ᠨᠠᠷᠢᠨ ᠨᠣᠣᠰᠣᠲᠤ ᠬᠤᠨᠢᠨ ᠤ ᠣᠲᠣ ᠦᠶ᠎ᠡ ᠶᠢᠨ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ | ᠥᠪᠡᠷᠲᠡᠭᠡᠨ ᠵᠠᠰᠠᠬᠤ ᠣᠷᠣᠨ ᠤ ᠬᠢᠨᠠᠨ ᠬᠡᠮᠵᠢᠵᠦ ᠦᠨᠡᠯᠡᠬᠦ ᠰᠢᠰᠲ᠋ᠧᠮ ᠳᠤ ᠣᠷᠣᠭᠤᠯᠪᠠ᠃ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ | ᠦᠢᠯᠡᠳᠬᠦᠨ ᠢ 1᠂ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠪᠤᠯᠤᠨ ᠲᠠᠷᠢᠶᠠᠴᠢᠨ ᠤ ᠬᠤᠷᠰᠢᠶᠠᠵᠢᠯ ᠤᠨ ᠵᠢᠱᠢᠶ᠎ᠡ ᠦᠵᠡᠭᠦᠯᠬᠦ | ᠬᠤᠷᠰᠢᠶ᠎ᠠ ᠶᠢ ᠲᠤᠰᠪᠤᠷᠢ 1 ᠰᠢᠨ᠎ᠡ ᠪᠠᠷ ᠨᠡᠮᠡᠭᠳᠡᠬᠦᠯᠪᠡ᠃ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ | ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ ᠰᠢᠷᠬᠤᠰᠤᠨ ᠪᠠᠭᠤᠷᠢ ᠶᠢᠨ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠪᠠᠲᠤ ᠶᠢᠨ | ᠲᠤᠬᠤᠢ ᠶᠢᠨ ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠥᠪᠡᠷᠲᠡᠭᠡᠨ ᠵᠠᠰᠠᠬᠤ ᠣᠷᠣᠨ ᠤ ︽ | ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠬᠤᠪᠢᠰᠬᠠᠯ ᠤᠨ ᠬᠥᠮᠦᠵᠢᠯ ᠪᠣᠯᠪᠠᠰᠤᠷᠠᠯ ᠰᠤᠳᠤᠯᠭᠠᠨ ᠰᠤᠷᠤᠯᠴᠠᠯᠭ᠎ᠠ ᠶᠢᠨ ᠵᠢᠭᠤᠯᠴᠢᠯᠠᠯ ᠤᠨ ᠱᠤᠭᠤᠮ︾ | ᠳᠤ ᠣᠷᠣᠭᠤᠯᠤᠨ ︽ᠨᠢᠭᠡ ᠪᠠᠯᠭᠠᠰᠤ ᠭᠤᠷᠪᠠᠨ ᠣᠷᠳᠣᠨ ᠤᠯᠠᠨ ᠴᠡᠭ︾ ᠤᠨ ᠬᠤᠪᠢᠰᠬᠠᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ | ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠪᠥᠬᠦ ᠵᠢᠯ ᠳᠤ 176 ᠲᠦᠮᠡᠨ ᠬᠦᠮᠦᠨ ᠤᠳᠠᠭ᠎ᠠ ᠵᠢᠭᠤᠯᠴᠢᠯᠠᠭᠰᠠᠳ ᠢ ᠭᠥᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 45 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰ ᠲᠣᠰ 48% ᠪᠠ 47% ᠪᠠᠷ ᠨᠡᠮᠡᠭᠳᠡᠬᠦᠯᠪᠡ᠃ | ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ 48 ᠲᠦᠮᠡᠨ ᠮᠦ ᠪᠡᠶᠡᠯᠡᠭᠦᠯᠵᠦ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠨᠢ ᠤᠯᠤᠰ ᠤᠨ ᠤᠢ ᠰᠢᠭᠤᠢ ᠨᠤᠳᠤᠭ | ᠪᠡᠯᠴᠢᠭᠡᠷ ᠤᠨ ᠲᠣᠪᠴᠢᠶ᠎ᠠ ᠶᠢᠨ ᠰᠠᠶᠢᠰᠢᠶᠠᠯ ᠢ ᠤᠯᠵᠦ ᠤᠮᠠᠷᠠᠲᠤ ᠶᠢᠨ ᠭᠤᠷᠪᠠᠨ ᠤᠷᠤᠨ ᠤ ᠢᠨᠵᠧᠨᠧᠷᠢᠩ ᠤᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ | ᠲᠤᠷᠰᠢᠯᠲᠠ ᠶᠢᠨ ᠴᠡᠭ ᠤᠨ ᠬᠤᠰᠢᠭᠤ ᠶᠢ ᠠᠮᠵᠢᠯᠲᠠ ᠲᠠᠢ ᠡᠬᠦᠳᠦᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ 5391 ᠡᠷᠦᠬᠡ ᠳᠤ ᠴᠡᠪᠡᠷ ᠡᠨᠧᠷᠬᠢ | ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠭᠤᠤᠯ ᠣᠷᠣᠨ ᠤ ᠠᠷᠠᠳ ᠢ ᠨᠡᠬᠦᠯᠭᠡᠨ | ᠲᠥᠪᠬᠢᠨᠡᠭᠦᠯᠵᠦ ᠰᠢᠷᠬᠤᠰᠤᠨ ᠭᠤᠣᠯ ᠨᠢ ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ | ᠵᠢᠱᠢᠶ᠎ᠡ ᠪᠠᠷ ᠰᠤᠩᠭᠤᠭᠳᠠᠪᠠ᠃ ᠬᠤᠯᠤᠰᠤ ᠨᠡᠭᠦᠷᠡᠰᠦᠨ ᠠᠭᠤᠷᠬᠠᠢ ᠶᠢᠨ ︽ᠨᠡᠭᠦᠷᠡᠰᠦᠨ ᠴᠢᠯᠠᠭᠤᠨ ᠠᠭᠤᠯᠠ︾ ᠶᠢ ᠲᠤᠶᠢᠯᠪᠤᠷᠢᠲᠠᠢ ᠵᠠᠰᠠᠵᠤ ᠬᠤᠤ ᠲᠦᠩ᠂ | ᠭᠤᠸᠠᠩ ᠬᠤᠢ ᠵᠡᠷᠭᠡ ᠡᠬᠢ ᠪᠠᠶᠠᠯᠢᠭ ᠢ ᠲᠠᠬᠢᠨ ᠠᠰᠢᠭᠯᠠᠬᠤ ᠲᠦᠷᠦᠯ ᠵᠤᠶᠢᠯ ᠢ ᠪᠠᠶᠢᠭᠤᠯᠵᠤ ᠠᠵᠢᠯᠯᠠᠭᠤᠯᠪᠠ᠃ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ | ᠣᠷᠣᠨ ᠤ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠤᠷᠤᠨ ᠢᠶᠠᠷ ᠦᠨᠡᠯᠡᠭᠳᠡᠪᠡ᠃ | ᠨᠢᠭᠡ ᠵᠢᠯ ᠤᠨ ᠲᠤᠷᠰᠢ ᠪᠢᠳᠡ ︽ᠪᠣᠯᠪᠠᠰᠤᠨ ᠢ ᠡᠭᠦᠳᠦᠨ ᠪᠠᠶᠢᠭᠤᠯᠬᠤ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠬᠥᠭᠵᠢᠯᠲᠡ ᠶᠢᠨ ᠷᠢᠳᠢ | ᠰᠢᠳᠢ ᠶᠢ ᠨᠡᠩ ᠢᠯᠡᠷᠡᠭᠦᠯᠪᠡ᠃ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠦᠷᠨᠢᠬᠦᠯᠵᠤ | ᠳᠤᠲᠠᠭᠤᠳᠠᠯ ᠢ ᠨᠥᠬᠦᠪᠦᠷᠢᠯᠡᠨ ᠪᠠᠭᠤᠷᠠᠢ ᠶᠢ ᠭᠦᠴᠦᠷᠭᠡᠭᠵᠢᠭᠦᠯᠵᠤ ᠶᠠᠰᠤ ᠴᠢᠨᠠᠷ ᠢ ᠳᠡᠭᠡᠭᠰᠢᠯᠡᠭᠦᠯᠪᠡ᠃ ᠥᠨᠳᠥᠷ ᠵᠠᠮ᠂ ᠪᠠᠶᠠᠨ ᠵᠠᠮ ᠤᠨ ᠤᠷᠳᠤᠳᠬᠠᠯ | ᠱᠤᠭᠤᠮ ᠵᠡᠷᠭᠡ ᠬᠤᠲᠠ ᠶᠢᠨ ᠶᠠᠪᠤᠳᠠᠯ ᠤᠨ ᠵᠠᠮ ᠢ ᠪᠠᠶᠢᠭᠤᠯᠤᠨ ᠲᠡᠷᠭᠡ ᠨᠠᠪᠲᠠᠷᠡᠭᠦᠯᠵᠦ᠂ ᠳ᠋ᠦᠩ ᠹᠠᠩ ᠴᠡᠴᠡᠷᠯᠢᠭ᠂ ᠨᠠᠨᠳᠢᠨ ᠰᠠᠭᠤᠭᠠᠯᠢ ᠠᠷᠠᠳ ᠤᠨ | ᠲᠣᠭᠤᠷᠢᠭ ᠵᠡᠷᠭᠡ 4 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠪᠠᠷ ᠳᠡᠰ ᠲᠡᠪᠰᠢᠭᠦᠯᠵᠦ᠂ ᠬᠤᠨᠴᠢᠨ ᠨᠠᠭᠤᠷ ᠤᠨ ᠭᠦᠪᠡᠭᠡ᠂ ᠢ ᠯᠢᠨ | ᠶᠤᠸᠠᠨ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠬᠠᠪᠢ ᠪᠠᠷ 4 ᠪᠠᠭ᠎ᠠ ᠬᠡᠯᠪᠡᠷᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠬᠤᠲᠠ ᠶᠢᠨ | ᠶᠠᠪᠤᠳᠠᠯ ᠤᠨ ᠰᠢᠲᠠᠮᠠᠬᠠᠢ ᠬᠡᠢ᠂ ᠤᠰᠤ ᠬᠠᠩᠭᠠᠬᠤ᠂ ᠢᠯᠴᠢ ᠬᠠᠩᠭᠠᠬᠤ ᠵᠡᠷᠭᠡ ᠶᠢᠨ ᠬᠠᠭᠤᠴᠢᠷᠠᠭᠰᠠᠨ ᠬᠤᠭᠤᠯᠠᠢ ᠲᠣᠣᠷ ᠢ 152 ᠺᠢᠯᠣᠮᠧᠲᠷ ᠰᠢᠨᠡᠳᠬᠡᠨ | ᠥᠭᠡᠷᠡᠴᠢᠯᠡᠵᠦ᠂ 37.8 ᠲᠦᠮᠡᠨ ᠲᠡᠭᠰᠢ ᠳᠥᠷᠪᠡᠯᠵᠢᠨ ᠮᠧᠲᠷ ᠢ ᠬᠠᠲᠠᠭᠤᠷᠠᠭᠤᠯᠤᠨ ᠨᠣᠭᠤᠭᠠᠷᠠᠭᠤᠯᠵᠤ᠂ 12.3 ᠲᠦᠮᠡᠨ ᠲᠡᠭᠰᠢ ᠳᠥᠷᠪᠡᠯᠵᠢᠨ ᠮᠧᠲᠷ ᠤᠨ | ᠭᠤᠳᠤᠮᠵᠢᠨ ᠵᠠᠮ ᠤᠨ ᠨᠢᠭᠤᠷ ᠲᠠᠯ᠎ᠠ ᠶᠢ ᠥᠭᠡᠷᠡᠴᠢᠯᠡᠨ ᠵᠠᠰᠠᠪᠠ᠃ ᠤᠯᠠᠨ ᠨᠡᠶᠢᠲᠡ ᠶᠢᠨ ᠲᠡᠷᠭᠡᠨ ᠤᠷᠤ ᠶᠢ 3700 ᠨᠡᠮᠡᠵᠦ᠂ ᠰᠥᠨᠢ ᠶᠢᠨ ᠵᠠᠬ᠎ᠠ ᠳᠡᠯᠭᠡᠭᠦᠷ | ᠢ 11 ᠭᠠᠵᠠᠷ᠂ ᠨᠡᠬᠦᠳᠡᠯ ᠲᠡᠯᠭᠡᠭᠡ ᠮᠠᠶᠢᠮᠠᠢ ᠶᠢᠨ ᠤᠷᠤ ᠶᠢ 116 ᠳᠤᠬᠢᠷᠠᠭᠤᠯᠵᠤ᠂ ᠬᠤᠶᠢᠲᠤ ᠪᠠᠷᠠᠭᠠᠨ ᠬᠦᠢᠯᠭᠡᠭᠡᠨ ᠤ ᠭᠠᠷ ᠳᠠᠮᠵᠢᠭᠰᠠᠨ ᠲᠡᠷᠭᠡ ᠶᠢᠨ | ᠠᠷᠠᠯᠵᠢᠶᠠᠨ ᠤ ᠵᠠᠬ᠎ᠠ ᠳᠡᠯᠬᠡᠬᠦᠷ ᠢ ᠪᠠᠶᠢᠭᠤᠯᠵᠤ ᠠᠰᠢᠭᠯᠠᠯᠲᠠ ᠳᠤ ᠤᠷᠤᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 650 ᠺᠢᠯᠣᠮᠧᠲᠷ | ᠰᠢᠨ᠎ᠡ ᠪᠠᠷ ᠥᠭᠡᠷᠡᠴᠢᠯᠡᠨ ᠵᠠᠰᠠᠵᠤ ᠬᠥᠳᠡᠭᠡ ᠲᠣᠰᠬᠤᠨ ᠤ ᠴᠠᠬᠢᠯᠭᠠᠨ ᠲᠣᠣᠷ ᠢ 1252 ᠺᠢᠯᠣᠮᠧᠲᠷ ᠰᠢᠨ᠎ᠡ ᠪᠠᠷ ᠲᠠᠳᠠᠵᠤ ᠥᠭᠡᠷᠡᠴᠢᠯᠡᠨ ᠮᠠᠯᠵᠢᠬᠤ | ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠲᠦᠭᠡᠮᠡᠯᠵᠢᠭᠦᠯᠦᠭᠰᠡᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠨᠡᠶᠢᠲᠡᠮᠵᠢᠬᠦᠯᠪᠡ᠃ ᠭᠠᠯᠠᠭᠤᠳᠤ ᠪᠠᠯᠭᠠᠰᠤ ᠨᠢ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠶᠢ ᠡᠭᠦᠳᠦᠨ ᠪᠠᠶᠢᠭᠤᠯᠬᠤ ᠪᠠᠷ ᠠᠮᠵᠢᠯᠲᠠ ᠲᠠᠢ ᠭᠤᠶᠤᠴᠢᠯᠠᠵᠤ᠂ ᠬᠤᠵᠢᠷᠳᠤ ᠲᠣᠰᠬᠤᠨ ᠨᠢ | ᠭᠤᠷᠪᠠᠳᠤᠭᠠᠷ ᠪᠦᠯᠦᠭ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠳᠤᠰᠬᠤᠨ ᠢᠶᠠᠷ ᠰᠣᠩᠭᠤᠭᠳᠠᠵᠤ᠂ ᠪᠠᠶᠠᠨᠭᠤᠣᠯ | ᠭᠠᠴᠠᠭ᠎ᠠ ᠨᠢ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠪᠠ᠃ | ᠨᠢᠭᠡ ᠵᠢᠯ ᠤᠨ ᠲᠤᠷᠰᠢ᠂ ᠪᠢᠳᠡ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠦᠷᠭᠦᠯᠵᠢᠯᠡᠨ ᠰᠠᠶᠢᠵᠢᠷᠠᠭᠤᠯᠪᠠ᠃ ᠵᠢᠷᠭᠤᠭᠠᠨ ᠶᠡᠭᠡ ᠬᠦᠷᠢᠶ᠎ᠡ ᠴᠠᠷᠠᠭᠠᠨ ᠳᠠᠬᠢ 165 ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠪᠡ᠃ ᠪᠦᠬᠦ ᠬᠤᠳᠠ ᠳᠤ ᠲᠦᠷᠦᠬᠦᠯᠡᠨ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ︽ᠠᠷᠪᠠᠨ ᠦᠨᠡᠮᠯᠡᠯ ᠢ ᠨᠢᠭᠡᠳᠬᠡᠬᠦ︾ | ᠥᠭᠡᠷᠡᠴᠢᠯᠡᠯᠲᠡ ᠶᠢ ᠬᠡᠷᠡᠭᠵᠢᠭᠦᠯᠵᠦ᠂ ᠪᠦᠬᠦ ᠣᠷᠣᠨ ᠳᠤ ᠲᠦᠷᠦᠬᠦᠯᠡᠨ ᠠᠭᠤᠷᠬᠠᠢ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢ | ᠬᠠᠮᠠᠭᠠᠯᠠᠬᠤ ᠪᠤᠯᠤᠨ ᠴᠢᠨᠠᠷ ᠰᠠᠶᠢᠲᠠᠢ ᠬᠥᠭᠵᠢᠯᠲᠡ ᠶᠢ ᠵᠣᠬᠢᠴᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠪᠡ᠃ 13 ᠭᠠᠴᠠᠭ᠎ᠠ | ᠲᠣᠰᠬᠤᠨ ᠢ ᠰᠣᠩᠭᠤᠵᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠬᠢᠵᠤ ᠪᠥᠬᠦ ᠣᠷᠣᠨ ᠤ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ 3 ᠰᠣᠩᠭᠤᠭᠳᠠᠪᠠ᠃ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠬᠦᠳᠬᠦ ᠬᠦᠴᠦᠯᠡᠴᠡ | ᠪᠠᠨ ᠦᠷᠬᠦᠯᠵᠢᠯᠡᠨ ᠨᠡᠮᠡᠭᠳᠡᠬᠦᠯᠵᠤ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠪᠡᠯᠡ ᠣᠷᠣᠭᠤᠯᠤᠯᠲᠠ ᠶᠢ 12.5% ᠪᠠᠷ ᠨᠡᠮᠡᠭᠳᠡᠬᠦᠯᠪᠡ᠃ ︽ | ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ ᠢ 14 ᠬᠦᠷᠭᠡᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 4᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 14᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 1 | ᠰᠢᠨ᠎ᠡ ᠪᠠᠷ ᠨᠡᠮᠡᠭᠳᠡᠬᠦᠯᠪᠠ᠃ ᠪᠦᠬᠦ ᠤᠷᠤᠨ ᠤ ᠠᠩᠬᠠᠳᠠᠭᠴᠢ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ | ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠮᠠᠨ ᠤ ᠬᠤᠰᠢᠭᠤᠨ ᠳᠤ ᠡᠬᠢᠯᠡᠬᠦᠯᠦᠨ ᠪᠠᠶᠢᠭᠤᠯᠵᠤ ᠳ᠋ᠣᠺᠲ᠋ᠣᠷ ᠤᠨ ᠠᠵᠢᠯ ᠤᠨ ᠥᠷᠲᠡᠭᠡ ᠵᠡᠷᠭᠡ | ᠰᠢᠨ᠎ᠡ ᠶᠢ ᠡᠭᠦᠳᠬᠦ ᠠᠵᠢᠯ ᠤᠨ ᠲᠠᠪᠴᠠᠩ ᠢ 12 ᠰᠢᠨ᠎ᠡ ᠪᠠᠷ ᠨᠡᠮᠡᠭᠳᠡᠭᠦᠯᠵᠦ᠂ ᠠᠺᠠᠳᠧᠮᠢᠴᠢ ᠶᠢᠨ ᠪᠦᠯᠬᠦᠮ ᠢ ᠤᠷᠢᠨ ᠠᠪᠴᠢᠷᠠᠵᠤ ᠬᠠᠮᠳᠤᠪᠡᠷ 35 | ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠢᠯ ᠢ ᠥᠷᠨᠢᠭᠦᠯᠪᠡ᠃ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠥᠷᠥ ᠶᠢᠨ | ᠪᠣᠳᠣᠯᠭ᠎ᠠ ᠶᠢᠨ 16 ᠵᠤᠷᠪᠤᠰ ᠢ ᠲᠤᠭᠲᠠᠭᠠᠵᠤ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ 22 ᠤᠷᠢᠨ ᠲᠣᠮᠢᠯᠠᠵᠤ᠂ ᠳᠡᠭᠡᠳᠦ ᠲᠠᠰ | ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 290 ᠣᠷᠢᠨ ᠠᠪᠴᠢᠷᠠᠵᠤ᠂ ᠳᠡᠭᠡᠲᠤ ᠮᠡᠷᠭᠡᠵᠢᠯ ᠤᠨ | ᠴᠢᠳᠠᠪᠤᠷᠢᠲᠠᠨ ᠢ 304 ᠨᠡᠮᠡᠭᠳᠡᠭᠦᠯᠪᠡ᠃ ︽ᠦᠶᠦᠭ ᠦᠦᠰᠢᠨ ᠤᠷᠴᠢᠨ︾ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠨᠠᠷᠠᠲᠤ ᠲᠡᠮᠲᠡᠭ ᠢ ᠪᠣᠶ | ᠪᠣᠯᠭᠠᠵᠤ᠂ ︽ᠤᠷᠳᠤᠰ ᠰᠤᠪᠠᠭ · ᠦᠦᠰᠢᠨ ᠰᠤᠪᠠᠭ︾ ᠲᠠᠪᠴᠠᠩ ᠢ ᠰᠢᠨ᠎ᠡ ᠶᠢ ᠡᠭᠦᠳᠦᠨ ᠳᠡᠯᠭᠡᠷᠡᠬᠦᠯᠵᠤ᠂ 1500 ᠭᠠᠷᠤᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠪᠣᠳᠠᠯ ᠢ ︽ᠨᠢᠭᠡ ᠴᠦ ᠤᠳᠠᠭ᠎ᠠ ᠬᠦᠶᠦᠬᠦ ᠦᠬᠡᠢ︾ ᠪᠠᠷ ᠭᠦᠢᠴᠡᠳᠭᠡᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠲᠦᠷᠦᠯ ᠵᠦᠢᠯ ᠢ ᠨᠡᠶᠢᠲᠡᠮᠵᠢᠬᠦᠯᠦᠭᠰᠡᠨ ᠬᠡᠮᠵᠢᠶ᠎ᠡ ᠨᠢ ᠪᠥᠬᠦ ᠣᠷᠣᠨ ᠤ ᠲᠡᠷᠢᠭᠦᠨ ᠳᠤ ᠣᠷᠣᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ | ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ 24.5 ᠳ᠋ᠦᠩᠰᠢᠭᠤᠷ ᠲᠥᠭᠦᠷᠢᠭ | ᠬᠥᠩᠭᠡᠷᠡᠭᠦᠯᠵᠦ ᠠᠵᠤ ᠠᠬᠤᠶᠢᠯᠠᠯ ᠢ ᠬᠠᠪᠰᠤᠷᠤᠨ 1.5 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠬᠦᠯᠢᠶᠡᠵᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | 3894 ᠰᠢᠨ᠎ᠡ ᠪᠠᠷ ᠨᠡᠮᠡᠭᠳᠡᠬᠦᠯᠵᠤ᠂ 68% ᠢᠶᠠᠷ ᠨᠡᠮᠡᠭᠳᠡᠬᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠨᠢ ᠤᠯᠠᠨ ᠲᠦᠮᠡᠨ ᠤ ᠮᠠᠭᠲᠠᠭᠠᠯ | ᠰᠠᠶᠢᠰᠢᠶᠠᠯ ᠢ ᠤᠯᠵᠤ ᠨᠢᠭᠡᠨᠲᠡ ᠦᠵᠡᠰᠬᠦᠯᠡᠩᠲᠤ ᠰᠠᠶᠢᠬᠠᠨ ︽ᠬᠤᠲᠠ ᠶᠢᠨ ᠨᠡᠷ᠎ᠡ ᠶᠢᠨ ᠬᠠᠭᠤᠳᠠᠰᠤ︾ ᠪᠤᠯᠤᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ︽ᠬᠠᠮᠲᠤ ᠪᠠᠷ ᠴᠢᠨᠡᠭᠡᠯᠢᠭᠵᠢᠬᠦ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠬᠥᠭᠵᠢᠯᠲᠡ ᠶᠢᠨ ᠦᠷ᠎ᠡ | ᠪᠦᠲᠦᠭᠡᠯ ᠢ ᠲᠦᠭᠡᠮᠡᠯᠵᠢᠬᠦᠯᠪᠡ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ ᠶᠢ 35.2% ᠢᠶᠠᠷ ᠨᠡᠮᠡᠭᠳᠡᠬᠦᠯᠵᠤ ᠬᠤᠰᠢᠭᠤ ᠱᠠᠲᠤᠨ ᠤ | 10 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠬᠦᠯᠵᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠵᠠᠷᠤᠴᠠᠭᠤᠯᠵᠤ ᠪᠤᠯᠬᠤ ᠤᠷᠤᠯᠭ᠎ᠠ ᠶᠢ ᠲᠤᠰᠪᠤᠷᠢ 4.9% ᠪᠤᠯᠤᠨ 7.1% ᠪᠠᠷ ᠨᠡᠮᠡᠭᠳᠡᠬᠦᠯᠪᠡ᠃ ᠨᠠᠷᠢᠠᠭᠤᠤᠯ ᠡᠮᠨᠡᠯᠭᠡ ᠶᠢᠨ ᠬᠤᠷᠢᠶ᠎ᠠ᠂ | ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠡᠷᠡᠭᠦᠯᠵᠢᠯ ᠰᠤᠪᠢᠯᠠᠯᠲᠠ ᠶᠢᠨ ᠲᠥᠪ ᠢ | ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠠᠷᠠᠳ ᠤᠨ ᠡᠮᠨᠡᠯᠭᠡ ᠶᠢᠨ ᠬᠤᠷᠢᠶ᠎ᠠ ᠨᠢ ᠪᠥᠬᠦ ᠤᠯᠤᠰ ᠤᠨ ᠰᠢᠶᠠᠨ ᠤ ᠬᠡᠪᠴᠢᠶᠡᠨ ᠤ ᠤᠳᠠᠭᠠᠨ | ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠᠷ ᠰᠣᠩᠭᠤᠭᠳᠠᠵᠤ᠂ ᠮᠣᠩᠭᠤᠯ ᠡᠮᠨᠡᠯᠭᠡ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ ᠮᠣᠩᠭᠤᠯ ᠬᠢᠲᠠᠳ ᠡᠮᠨᠡᠯᠭᠡ ᠶᠢᠨ ᠨᠡᠷᠡᠲᠤ ᠡᠮᠨᠡᠯᠭᠡ ᠶᠢᠨ ᠬᠤᠷᠢᠶ᠎ᠡ ᠪᠠᠷ ᠦᠨᠡᠯᠡᠭᠳᠡᠪᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ︽ᠬᠤᠶᠠᠷ ᠢ ᠲᠦᠭᠡᠮᠡᠯᠵᠢᠬᠦᠯᠬᠦ︾ ᠠᠵᠢᠯ ᠨᠢ ᠤᠯᠤᠰ ᠤᠨ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠠᠮᠵᠢᠯᠳᠠᠳᠠᠢ | ᠲᠤᠭᠤᠯᠪᠠ᠃ ᠭᠠᠯᠠᠭᠤᠲᠤ ᠪᠠᠯᠭᠠᠰᠤᠨ ᠤ ᠲᠥᠪᠯᠡᠷᠡᠭᠦᠯᠦᠨ ᠲᠣᠯᠠᠭᠠᠯᠠᠭ᠎ᠠ ᠬᠠᠩᠭᠠᠬᠤ ᠣᠰᠤ ᠬᠠᠩᠭᠠᠬᠤ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠵᠡᠩᠨᠡᠯᠲᠡ ᠳᠤ ᠣᠷᠣᠭᠤᠯᠵᠤ᠂ ᠰᠠᠭᠤᠭᠠᠯᠢ ᠠᠷᠠᠳ ᠤᠨ ᠲᠥᠪᠯᠡᠷᠡᠭᠦᠯᠦᠨ ᠲᠣᠯᠠᠭᠠᠯᠠᠭ᠎ᠠ ᠬᠠᠩᠭᠠᠬᠤ ᠳᠤ ᠵᠢᠯ ᠪᠤᠯᠭᠠᠨ ᠲᠡᠭᠰᠢ ᠳᠥᠷᠪᠡᠯᠵᠢᠨ ᠮᠧᠲᠷ ᠪᠦᠷᠢ ᠳᠤ | 5 ᠲᠥᠭᠦᠷᠢᠭ ᠤᠨ ᠨᠥᠬᠦᠪᠦᠷᠢ ᠤᠯᠭᠤᠪᠠ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ ︽ᠠᠷᠠᠳ ᠤᠨ ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ︽ᠪᠠᠶᠢᠭᠠᠯᠢ ᠶᠢᠨ ᠰᠢᠲᠠᠮᠠᠬᠠᠢ ᠬᠡᠢ ᠶᠢ ᠦᠷᠬᠡᠨ ᠢᠶᠠᠷ ᠨᠡᠬᠡᠬᠡᠨ ᠠᠰᠢᠭᠯᠠᠬᠤ ᠦᠦᠰᠢᠨ︾ ︽ᠬᠠᠮᠲᠤ ᠪᠠᠷ ᠡᠳ᠋ᠯᠡᠬᠦ ᠬᠤᠭᠤᠯᠠᠨ | ᠭᠡᠷ︾ ᠵᠡᠷᠭᠡ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠨᠢ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠨᠡᠮᠡᠭᠳᠡᠬᠦᠯᠪᠡ᠃ 61 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠶᠡᠷᠦᠩᠬᠡᠢ ᠣᠷᠣᠯᠭ᠎ᠠ 1.35 ᠳ᠋ᠦᠩᠰᠢᠭᠤᠷ ᠲᠥᠭᠦᠷᠢᠭ ᠢ ᠳᠠᠪᠠᠵᠤ 47. | 6% ᠪᠠᠷ ᠨᠡᠮᠡᠭᠳᠡᠨ ᠳᠤᠮᠳᠠᠴᠢ ᠴᠡᠪᠡᠷ ᠣᠷᠣᠯᠭ᠎ᠠ 100 ᠲᠦᠮᠡ ᠶᠢ ᠳᠠᠪᠠᠨ ᠪᠥᠬᠦ ᠬᠤᠲᠠ ᠶᠢᠨ ᠲᠡᠷᠢᠭᠦᠨ ᠡᠩᠨᠡᠬᠡᠨ ᠳᠤ ᠣᠷᠣᠪᠠ᠃ ᠠᠶᠤᠯᠭᠦᠢ | ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠤ ᠠᠮᠤᠷ ᠲᠦᠪᠰᠢᠨ | ᠤ ᠬᠢᠷᠢ ᠬᠡᠮᠵᠢᠶ᠎ᠡ ᠶᠢ ᠳᠠᠰᠤᠷᠠᠯᠳᠠ ᠦᠬᠡᠢ ᠳᠡᠭᠡᠭᠰᠢᠯᠡᠬᠦᠯᠪᠡ᠃ ︽ᠵᠦᠷᠢᠴᠡᠯ ᠵᠢᠭᠤᠷᠠᠯᠳᠣᠭᠠᠨ ᠢ ᠮᠡᠳᠡᠭᠰᠡᠨ ᠳᠠᠷᠤᠢ ᠳᠤ ᠨᠢ ᠡᠶᠡᠳᠡᠬᠦᠯᠬᠦ᠂ ᠲᠦᠷᠦᠯ | ᠬᠤᠪᠢᠶᠠᠨ ᠡᠶᠡᠳᠡᠬᠦᠯᠬᠦ ᠪᠠ ᠬᠠᠮᠲᠤᠷᠠᠨ ᠬᠠᠮᠢᠶᠠᠷᠴᠤ ᠡᠶᠡᠳᠡᠬᠦᠯᠬᠦ︾ ᠪᠤᠯᠤᠨ ︽ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ︾ ᠤᠨ ᠠᠵᠢᠯ | ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠨᠤᠲᠠᠯᠠᠯᠲᠠ ᠶᠢ ᠣᠯᠵᠤ ᠪᠥᠬᠦ ᠤᠯᠤᠰ ᠤᠨ | ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠵᠤ ᠨᠡᠶᠢᠬᠡᠮ ᠤᠨ ᠶᠡᠭᠡ ᠲᠠᠯ᠎ᠠ ᠶᠢᠨ ᠡᠶ᠎ᠡ | ᠵᠤᠬᠢᠴᠠᠯ ᠲᠠᠢ ᠲᠤᠭᠲᠠᠭᠤᠨ ᠪᠠᠶᠢᠳᠠᠯ ᠢ ᠪᠠᠲᠤᠯᠠᠪᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢ ᠳᠠᠶᠢᠴᠢᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ | ᠱᠠᠰᠢᠨ ᠰᠤᠷᠲᠠᠬᠤᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ | ᠲᠡᠦᠬᠡ ᠣᠶᠢᠯᠠᠯᠭ᠎ᠠ ᠵᠡᠷᠭᠡ ᠠᠵᠢᠯ ᠨᠢ ᠰᠢᠨ᠎ᠡ ᠦᠷ᠎ᠡ ᠪᠦᠲᠦᠮᠵᠢ ᠤᠯᠵᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠰᠢᠨ᠎ᠡ | ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ ᠤᠯᠤᠰ | ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠳᠤᠳᠠᠢ | ᠦᠷᠨᠢᠬᠦᠯᠵᠤ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ᠦᠵᠡᠯᠲᠠ ᠵᠤᠭᠰᠤᠯᠲᠠ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠨᠡᠩ ᠭᠤᠶᠢᠪᠢᠰᠢ ᠦᠬᠡᠢ ᠪᠠᠷᠢᠮᠲᠠᠯᠠᠪᠠ᠃ ᠡᠯ᠎ᠡ ᠱᠠᠲᠤᠨ ᠤ | ᠲᠤᠭᠤᠷᠢᠨ ᠪᠠᠶᠢᠴᠠᠭᠠᠯᠳᠠ᠂ ᠱᠠᠭᠠᠷᠳᠠᠨ ᠪᠠᠶᠢᠴᠠᠭᠠᠯᠳᠠ ᠪᠠ ᠬᠢᠨᠠᠨ ᠪᠣᠳᠣᠯᠲᠠ ᠵᠡᠷᠭᠡ ᠳᠤ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ | ᠰᠠᠶᠢᠵᠢᠷᠠᠭᠤᠯᠬᠤ ᠶᠢ ᠬᠦᠨᠵᠡᠭᠡᠢ ᠠᠬᠢᠭᠤᠯᠪᠠ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠬᠤᠰᠢᠭᠤ ᠨᠠᠮ ᠤᠨ ᠬᠤᠷᠢᠶ᠎ᠠ ᠠᠴᠠ ᠵᠢᠭᠠᠪᠤᠷᠢ | ᠠᠪᠴᠤ ᠮᠡᠳᠡᠭᠦᠯᠬᠦ ᠶᠢ ᠪᠠᠷᠢᠮᠲᠠᠯᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ 80 ᠬᠤᠪᠢ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ 61 ᠬᠤᠪᠢ ᠰᠢᠢᠳᠪᠦᠷᠢᠯᠡᠵᠦ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ ᠵᠠᠰᠠᠭ ᠤᠨ ᠤᠷᠳᠤᠨ ᠤ ᠴᠢᠳᠠᠪᠬᠢ ᠶᠢᠨ | ᠪᠠᠶᠢᠭᠤᠯᠤᠯᠲᠠ ᠶᠢ ᠬᠦᠨᠵᠡᠭᠡᠶᠢᠷᠡᠬᠦᠯᠵᠤ ᠦᠷᠭᠡᠨ ᠤᠯᠠᠨ ᠺᠠᠳ᠋ᠷ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ ᠤᠯᠠᠮ ᠲᠦᠮᠡᠨ ᠳᠤ ᠦᠢᠯᠡᠴᠢᠯᠡᠵᠤ ᠠᠶᠤᠯ | ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠪᠡ᠃ | ᠲᠥᠯᠥᠭᠡᠯᠡᠭᠴᠢᠳ ᠠ᠋︕ 2023 ᠤᠨ ᠢ ᠪᠢᠳᠠ ᠠᠮᠵᠢᠯᠲᠠ ᠪᠦᠲᠦᠮᠵᠢ ᠲᠠᠢ ᠦᠩᠭᠡᠷᠡᠭᠡᠵᠤ ᠴᠢᠷᠮᠠᠶᠢᠯᠭ᠎ᠠ ᠭᠠᠷᠭᠠᠵᠤ ᠪᠤᠳᠠᠳᠠᠢ ᠠᠵᠢᠯᠯᠠᠨ ᠨᠢᠭᠡ | ᠪᠦᠯᠦᠭ ᠬᠥᠭᠵᠢᠯᠲᠡ ᠶᠢ ᠠᠬᠢᠭᠤᠯᠤᠭᠰᠠᠨ ᠴᠢᠬᠤᠯᠠ ᠶᠡᠭᠡ ᠶᠠᠪᠤᠳᠠᠯ ᠢ ᠡᠬᠢᠯᠡᠭᠦᠯᠵᠦ ᠨᠢᠭᠡ ᠪᠦᠯᠦᠭ ᠰᠠᠭᠤᠷᠢ ᠲᠦᠬᠦᠭᠡᠷᠦᠮᠵᠢ ᠪᠠᠷ ᠰᠠᠶᠢᠨ᠂ ᠢᠷᠡᠭᠡᠳᠦᠢ ᠳᠤ | ᠠᠰᠢᠭᠲᠠᠢ ᠵᠠᠩᠭᠢᠯᠠᠭ᠎ᠠ ᠶᠢᠨ ᠲᠦᠷᠦᠯ ᠵᠦᠢᠯ ᠢ ᠴᠢᠬᠤᠯᠠ ᠠᠬᠢᠴᠠ ᠲᠠᠢ ᠪᠣᠯᠭᠠᠵᠤ᠂ ᠨᠢᠭᠡ ᠪᠦᠯᠦᠭ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ᠂ ᠠᠷᠠᠳ | ᠲᠤ ᠲᠠᠭᠠᠯᠠᠭᠳᠠᠭᠰᠠᠨ ᠰᠠᠶᠢᠨ ᠶᠠᠪᠤᠳᠠᠯ ᠪᠣᠳᠠᠲᠤ ᠶᠠᠪᠤᠳᠠᠯ ᠤᠳ ᠢ ᠪᠠᠶᠡᠯᠡᠭᠦᠯᠪᠡ᠃ ᠡᠨᠡ ᠣᠯᠠᠨ ᠠᠮᠵᠢᠯᠲᠠ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠶᠢᠨ ᠦᠷ᠎ᠡ ᠳ᠋ᠦᠩ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠠᠯᠠᠭᠤᠨ ᠲᠡᠮᠵᠢᠯᠭᠡ ᠶᠢᠨ ᠦᠷ᠎ᠡ ᠳ᠋ᠦᠩ᠂ ᠬᠤᠰᠢᠭᠤ ᠨᠠᠮ ᠤᠨ | ᠬᠤᠷᠢᠶ᠎ᠠ ᠶᠢᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠪᠠ | ᠳᠡᠮᠵᠢᠯᠭᠡ ᠶᠢᠨ ᠦᠷ᠎ᠡ ᠳ᠋ᠦᠩ᠂ ᠪᠥᠬᠦ ᠬᠤᠰᠢᠭᠤ ᠪᠠᠷ ᠢᠶᠠᠨ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ ᠰᠢᠷᠭᠠᠭᠤ ᠬᠠᠲᠠᠭᠤᠵᠢᠯᠲᠠᠢ ᠠᠵᠢᠯᠯᠠᠵᠤ | ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠦᠦᠰᠢᠨ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠰᠢᠭᠤᠨ ᠤ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠢᠨ ᠳᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠡᠬᠦᠨ ᠤ ᠬᠠᠮᠲᠤ ᠦᠦᠰᠢᠨ ᠬᠤᠰᠢᠭᠤᠨ ᠤ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠳᠡᠭ ᠢ | ᠪᠢᠳᠡ ᠭᠦᠨᠵᠡᠭᠡᠢ ᠲᠠᠨᠢᠵᠤ ᠣᠯᠵᠠᠢ᠄ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ︽ᠴᠢᠨᠠᠷ ᠰᠠᠶᠢᠨ ᠪᠤᠯᠪᠠᠴᠤ ᠦᠨ᠎ᠡ ᠬᠠᠩᠰᠢ ᠠᠨᠠᠢ︾ | ᠪᠠᠶᠢᠬᠤ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠵᠢᠯ ᠤᠨ ᠤᠷᠳᠤᠳᠬᠠᠯ ᠬᠦᠷᠦᠯᠴᠡᠬᠦ ᠦᠭᠡᠢ᠂ | ᠪᠦᠲᠦᠭᠡᠭᠳᠡᠬᠦᠨ ᠤ ᠨᠡᠮᠡᠯᠲᠡ ᠥᠷᠲᠡᠭ ᠥᠨᠳᠥᠷ ᠪᠢᠰᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠢ ᠪᠤᠯᠭᠠᠬᠤ ᠡᠷᠴᠢᠮ ᠢᠶᠠᠨ ᠪᠠᠰᠠ | ᠴᠢᠩᠭᠠᠷᠠᠭᠤᠯᠬᠤ ᠴᠢᠬᠤᠯᠠᠲᠠᠢ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠨᠢᠮᠭᠡᠨ᠂ ᠴᠢᠳᠠᠪᠤᠷᠢᠲᠠᠨ ᠳᠤᠲᠠᠭᠳᠠᠵᠤ ᠪᠠᠶᠢᠭ᠎ᠠ | ᠠᠰᠠᠭᠤᠳᠠᠯ ᠢ ᠮᠥᠨ ᠬᠦ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠠᠳᠤᠢ᠂ ᠬᠤᠳᠠ ᠬᠥᠳᠡᠭᠡ ᠶᠢᠨ ᠣᠷᠣᠨ ᠪᠦᠰᠡ ᠶᠢᠨ ᠬᠥᠭᠵᠢᠯᠲᠡ ᠵᠣᠬᠢᠴᠠᠩᠭᠤᠢ | ᠪᠤᠰᠤ ᠪᠠᠶᠢᠵᠤ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠬᠦᠷᠢᠶᠡᠯᠡᠩ ᠲᠣᠭᠤᠷᠢᠭ ᠤᠨ ᠢᠵᠢ | ᠪᠦᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ ᠠᠶᠤᠯᠬᠦᠢ ᠦᠢᠯᠡᠳᠪᠦᠷᠢᠯᠡᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ | ᠮᠥᠨ ᠬᠦ ᠬᠦᠨᠳᠤ ᠨᠤᠴᠢᠲᠠᠢ ᠪᠠᠶᠢᠨ᠎ᠠ᠃ ᠴᠥᠭᠡᠨ ᠲᠣᠭᠠᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠦᠵᠡᠯ | ᠤᠬᠠᠮᠰᠠᠷ᠂ ᠪᠡᠷᠬᠡ ᠰᠡᠳᠦᠪ ᠢ ᠰᠢᠢᠳᠪᠦᠷᠢᠯᠡᠬᠦ ᠡᠷᠴᠢ ᠵᠣᠷᠢᠭ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ | ᠪᠤᠯᠤᠨ᠎ᠠ᠃ ᠪᠢᠳᠡ ᠬᠦᠯᠢᠴᠡᠬᠦ ᠦᠭᠡᠢ ᠲᠦᠰᠢᠭᠯᠡᠬᠦ ᠦᠭᠡᠢ᠂ ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠵᠦ ᠪᠥᠬᠦ ᠬᠤᠰᠢᠭᠤᠨ ᠤ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠤᠭᠲᠤ ᠬᠥᠰᠡᠷᠳᠡᠭᠦᠯᠵᠤ ᠪᠤᠯᠬᠤ ᠦᠭᠡᠢ︕ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠠᠶᠢᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠮᠦᠨᠴᠤ ᠮᠠᠨ ᠤ ᠬᠤᠰᠢᠭᠤᠨ ᠤ ︽ᠰᠢᠨ᠎ᠡ ᠠᠶᠠᠨ ᠢ ᠨᠡᠭᠡᠭᠡᠵᠦ᠂ | ᠬᠤᠰᠢᠭᠤᠷᠠᠨ ᠴᠤᠯᠭᠤᠷᠠᠵᠤ᠂ ᠭᠤᠣᠯᠳᠠᠯᠭᠠᠲᠤ ᠣᠷᠣᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ︾ | ᠪᠣᠭᠤᠮᠲᠠ ᠰᠢᠪᠲᠤᠯᠬᠤ ᠵᠢᠯ ᠪᠣᠯᠬᠤᠷ ᠪᠥᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ ᠠᠯᠤᠰ ᠬᠡᠲᠤ ᠶᠢᠨ | ᠨᠦᠯᠦᠬᠡ ᠲᠠᠢ ᠶᠤᠮ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠬᠤ ᠶᠢ ᠲᠦᠷᠭᠡᠳᠬᠡᠵᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠤ | ᠬᠥᠭᠵᠢᠯᠲᠡ ᠶᠢᠨ ᠰᠢᠨ᠎ᠡ ᠬᠠᠭᠤᠳᠠᠰᠤ ᠶᠢ ᠳᠠᠰᠤᠷᠠᠯᠲᠠ ᠦᠬᠡᠢ ᠪᠢᠴᠢᠭᠯᠡᠨ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 5.5% ᠤᠷᠴᠢᠮ ᠨᠡᠮᠡᠭᠳᠡᠭᠦᠯᠵᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2% ᠤᠷᠴᠢᠮ ᠨᠡᠮᠡᠭᠳᠡᠭᠦᠯᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 4.5% ᠤᠷᠴᠢᠮ ᠨᠡᠮᠡᠭᠳᠡᠭᠦᠯᠵᠤ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠤᠨ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 7% | ᠤᠷᠴᠢᠮ ᠨᠡᠮᠡᠭᠳᠡᠭᠦᠯᠵᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ | ᠨᠡᠮᠡᠭᠳᠡᠯ ᠯᠦᠭᠡ ᠠᠯᠬᠤᠮ ᠨᠢᠬᠡᠲᠠᠢ ᠪᠠᠶᠢᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠪᠢᠳᠠ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠨ᠎ᠡ᠄ | ︵ᠨᠢᠭᠡ︶ ᠲᠤᠭᠲᠠᠭᠤᠨ ᠢᠶᠠᠷ ᠨᠡᠮᠡᠭᠳᠡᠬᠦᠯᠵᠤ ᠲᠤᠲᠤᠭᠠᠳᠤ ᠬᠡᠷᠡᠭᠴᠡᠭᠡ ᠶᠢ ᠦᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠪᠦᠲᠦᠮᠵᠢᠲᠠᠢ ᠪᠡᠯᠡ | ᠤᠷᠤᠭᠤᠯᠤᠯᠲᠠ ᠶᠢᠨ ᠰᠢᠨ᠎ᠡ ᠬᠦᠳᠡᠯᠭᠡᠭᠴᠢ ᠬᠦᠴᠦᠨ ᠢ ᠨᠡᠮᠡᠭᠳᠡᠬᠦᠯᠦᠨ᠎ᠡ | ᠪᠡᠯᠡ ᠣᠷᠣᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠬᠡᠮᠵᠢᠶ᠎ᠡ ᠶᠢ ᠦᠷᠭᠡᠳᠬᠡᠬᠦ ᠶᠢ ᠠᠬᠢᠭᠤᠯᠤᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠤ ᠬᠤᠲᠠ ᠶᠢᠨ ᠱᠠᠲᠤᠨ ᠠᠴᠠ ᠲᠣᠬᠢᠷᠠᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 30 | ᠴᠢᠬᠤᠯᠠ ᠶᠡᠭᠡ ᠲᠥᠷᠥᠯ ᠵᠦᠢᠯ ᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠷ ᠬᠦᠢᠴᠡᠳᠬᠡᠯ ᠢ ᠳᠠᠭᠤᠰᠬᠠᠵᠤ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ ᠰᠡᠷᠭᠦᠭᠡᠬᠦ ᠶᠢ ᠠᠬᠢᠭᠤᠯᠵᠤ ᠪᠥᠬᠦ ᠵᠢᠯ ᠳᠤ 258 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ᠃ ᠤᠨᠤᠪᠴᠢᠲᠠᠢ᠂ ᠪᠤᠳᠠᠳᠠᠢ ᠠᠴᠠ ᠡᠬᠦᠰᠦᠨ ᠠᠷᠠᠯᠵᠢᠶᠠᠴᠢᠨ ᠤᠷᠢᠵᠤ᠂ ᠠᠷᠠᠯᠵᠢᠶᠠᠴᠢᠨ ᠤᠷᠢᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠤᠭᠲᠠᠭᠠᠵᠤ ᠠᠷᠠᠯᠵᠢᠶᠠᠴᠢᠨ ᠤᠷᠢᠬᠤ ᠴᠢᠬᠤᠯᠠ ᠶᠡᠭᠡ ᠠᠵᠢᠯᠯᠠᠭ᠎ᠠ ᠶᠢ ᠥᠷᠨᠢᠭᠦᠯᠵᠤ ︽ᠬᠡᠯᠬᠢᠶᠡᠵᠢᠯ ᠤᠨ ᠭᠤᠤᠯ ᠠᠵᠤ | ᠠᠬᠤᠶᠢᠯᠠᠯ︾ ᠢᠶᠠᠷ ᠠᠷᠠᠯᠵᠢᠶᠠᠴᠢᠨ ᠤᠷᠢᠬᠤ᠂ ︽ᠡᠬᠢ ᠦᠨᠳᠦᠰᠦ︾ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ | ᠦᠷᠨᠢᠬᠦᠯᠤᠨ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠠᠵᠢᠯ ᠡᠬᠢᠯᠡᠭᠦᠯᠬᠦ ᠦᠢᠯᠡᠴᠢᠯᠡᠭᠡᠨ ᠤ ᠪᠠᠲᠤᠯᠠᠭ᠎ᠠ ᠪᠠ ᠰᠢᠯᠭᠠᠨ ᠬᠢᠨᠠᠵᠤ ᠦᠷ᠎ᠡ | ᠪᠦᠲᠦᠮᠵᠢ ᠶᠢ ᠠᠰᠠᠭᠤᠬᠤ ᠶᠢ ᠴᠢᠩᠭᠠᠳᠬᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠵᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 145 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠴᠢᠬᠤᠯᠠ | ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠲᠡᠷᠢᠭᠦᠨ ᠤ ᠦᠢᠯᠡᠳᠬᠦ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠵᠡᠷᠭᠡ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 130 ᠠᠴᠠ ᠳᠡᠭᠡᠭᠰᠢ ᠨᠥᠭᠡᠴᠡᠯᠡᠵᠤ | ᠳᠡᠭᠡᠳᠦ ᠱᠠᠲᠤᠨ ᠤ ᠪᠡᠯᠡ ᠮᠥᠩᠭᠦ ᠶᠢ 35 ᠳ᠋ᠦᠩᠰᠢᠭᠤᠷ ᠲᠥᠭᠦᠷᠢᠭ ᠠᠴᠠ ᠳᠡᠭᠡᠭᠰᠢ ᠲᠡᠮᠡᠴᠡᠨ ᠤᠯᠬᠤ ᠪᠠᠷ ᠴᠢᠷᠮᠠᠶᠢᠨ᠎ᠠ᠃ | ᠬᠡᠷᠡᠭᠯᠡᠬᠡᠨ ᠤ ᠶᠠᠰᠤ ᠴᠢᠨᠠᠷ ᠢ ᠳᠡᠭᠡᠭᠰᠢᠯᠡᠬᠦᠯᠦᠨ ᠪᠠᠭᠲᠠᠭᠠᠮᠵᠢ ᠶᠢ ᠦᠷᠭᠡᠳᠬᠡᠬᠦ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠰᠢᠨ᠎ᠡ ᠡᠨᠧᠷᠭᠢ ᠶᠢᠨ ᠮᠠᠰᠢᠨ ᠲᠡᠷᠭᠡ᠂ ᠨᠦᠬᠦᠴᠡᠯ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ᠂ | ᠪᠣᠬᠢᠷᠲᠤᠯ ᠦᠭᠡᠢ ᠭᠡᠷ ᠤᠨ ᠬᠡᠷᠡᠭᠰᠡᠯ ᠵᠡᠷᠭᠡ ᠬᠡᠷᠡᠭᠯᠡᠭᠡ ᠶᠢ ᠬᠥᠭᠵᠢᠭᠡᠵᠦ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠣᠷᠣᠨ ᠰᠠᠭᠤᠴᠠ | ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠤᠯᠠᠨ ᠨᠡᠶᠢᠲᠡ ᠶᠢᠨ ᠬᠡᠷᠡᠭᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠤᠨ ᠰᠦᠯᠵᠢᠶᠡᠨ | ᠳᠡᠭᠡᠷᠡᠬᠢ ᠬᠡᠷᠡᠭᠯᠡᠭᠡ ᠪᠠ ᠲᠠᠪᠴᠠᠩ ᠤᠨ ᠠᠵᠤ ᠠᠬᠤᠢ ᠶᠢ ᠪᠤᠢ ᠪᠤᠯᠭᠠᠨ ᠬᠥᠭᠵᠢᠭᠦᠯᠦᠨ᠎ᠡ᠃ ᠬᠡᠷᠡᠭᠯᠡᠭᠡᠨ ᠤ ᠰᠠᠭᠤᠷᠢ ᠲᠦᠬᠦᠭᠡᠷᠦᠮᠵᠢ ᠶᠢᠨ ᠲᠠᠰ ᠳᠡᠪᠰᠢᠬᠦ ᠶᠢ | ᠠᠬᠢᠭᠤᠯᠵᠤ ︽ᠨᠢᠭᠡ ᠮᠦᠴᠡ ᠳᠤ ᠬᠦᠷᠬᠦ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠤᠭᠤᠷᠢᠭ︾᠂ ᠥᠪᠡᠷᠮᠢᠴᠡ ᠣᠨᠴᠠᠯᠢᠭ ᠲᠠᠢ ᠬᠤᠳᠠᠯᠳᠤᠭᠠᠨ ᠤ | ᠵᠡᠭᠡᠯᠢ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠲᠤᠰᠪᠤᠷᠢ 1 ᠪᠠᠶᠢᠭᠤᠯᠤᠨ᠎ᠠ᠃ ᠭᠤᠷᠪᠠᠨ ᠱᠠᠲᠤᠨ ᠤ ᠢᠯᠡᠭᠡᠵᠤ | ᠬᠦᠷᠭᠡᠬᠦ ᠪᠠᠷᠠᠭᠠᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ ᠶᠡᠷᠦᠩᠬᠡᠶᠢᠯᠡᠭᠰᠡᠨ ︽ᠠᠶᠠᠨᠴᠢᠨ ᠪᠠᠷᠠᠭ᠎ᠠ ᠰᠢᠤᠳᠠᠨ︾ ᠤ ᠦᠢᠯᠡᠴᠢᠯᠡᠭᠡᠨ ᠤ | ᠥᠷᠲᠡᠭᠡ ᠶᠢ 30 ᠠᠴᠠ ᠳᠡᠭᠡᠭᠰᠢ ᠪᠠᠶᠢᠭᠤᠯᠵᠤ ᠬᠡᠷᠡᠭᠯᠡᠭᠡᠨ ᠤ ᠵᠦᠢᠯ ᠢ ᠬᠥᠳᠡᠭᠡ ᠲᠣᠰᠬᠤᠨ ᠳᠤ ᠬᠦᠷᠭᠡᠬᠦ ᠪᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠬᠤᠲᠠ ᠳᠤ ᠣᠷᠣᠭᠤᠯᠬᠤ ᠬᠤᠣᠰ ᠴᠢᠭᠯᠡᠯ ᠢᠶᠠᠷ ᠭᠦᠢᠯᠭᠡᠭᠡᠨ ᠤ ᠵᠠᠮ ᠮᠥᠷ ᠢ ᠰᠠᠭᠠᠳ ᠦᠭᠡᠢ ᠨᠡᠪᠲᠡᠷᠡᠭᠦᠯᠦᠨ᠎ᠡ᠃ | ᠵᠠᠬ᠎ᠠ ᠳᠡᠯᠭᠡᠬᠦᠷ ᠤᠨ ᠭᠤᠤᠯ ᠴᠤᠭᠴᠠ ᠶᠢ ᠪᠤᠢ ᠪᠤᠯᠭᠠᠨ ᠪᠤᠵᠠᠭᠠᠶᠢᠷᠠᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠢ ᠪᠤᠯᠭᠠᠨ | ᠪᠤᠵᠠᠭᠠᠶᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠶᠢᠨ ᠰᠠᠶᠢᠬᠠᠨ ᠬᠥᠭᠵᠢᠯᠲᠡ ᠶᠢᠨ | ᠣᠷᠴᠢᠨ ᠢ ᠪᠦᠷᠢᠯᠳᠦᠬᠦᠯᠦᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 4000 ᠡᠷᠦᠬᠡ ᠠᠴᠠ ᠳᠡᠭᠡᠭᠰᠢ᠂ ︽ᠲᠦᠷᠪᠡᠨ ᠲᠦᠷᠦᠯ ᠤᠨ ᠬᠡᠪᠴᠢᠶᠡᠵᠢᠯ ᠠᠴᠠ | ᠳᠡᠭᠡᠭᠰᠢᠬᠢ︾ ᠠᠵᠤ ᠠᠬᠤᠶᠢᠯᠠᠯ ᠢ 18᠂ ︽ᠲᠤᠰᠬᠠᠢ ᠨᠠᠷᠢᠯᠢᠭ ᠤᠨᠴᠠᠯᠢᠭᠲᠤ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 2 ᠰᠢᠨ᠎ᠡ ᠪᠠᠷ | ᠨᠡᠮᠡᠭᠳᠡᠭᠦᠯᠦᠨ᠎ᠡ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠠᠵᠤ ᠠᠬᠤᠶᠢᠯᠠᠯ ᠤᠨ ᠲᠦᠭᠦᠬᠡᠢ | ᠮᠠᠲ᠋ᠧᠷᠢᠶᠠᠯ ᠤᠨ ᠬᠠᠩᠭᠠᠯᠭ᠎ᠠ ᠪᠠ ᠦᠢᠯᠡᠳᠪᠦᠷᠢᠯᠡᠯ ᠪᠣᠷᠤᠯᠠᠭᠤᠯᠭ᠎ᠠ ᠵᠡᠷᠭᠡ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ | ᠠᠵᠤ ᠦᠢᠯᠡᠰ ᠤᠨ ᠬᠡᠯᠬᠢᠶᠡᠵᠢᠯ᠂ ᠬᠠᠩᠭᠠᠯᠭ᠎ᠠ ᠶᠢᠨ ᠬᠡᠯᠬᠢᠶᠡᠵᠢᠯ ᠤᠨ ᠲᠦᠭᠵᠢᠷᠡᠯ ᠢ ᠨᠠᠪᠲᠠᠷᠡᠭᠦᠯᠵᠦ ᠴᠢᠨᠠᠷ ᠰᠠᠶᠢᠲᠠᠢ ᠦᠢᠯᠡᠳᠬᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ ︽ᠬᠤᠶᠠᠷ ᠤᠭᠲᠤ ᠭᠤᠶᠢᠪᠢᠰᠢ ᠦᠭᠡᠢ ᠪᠠᠶᠢᠬᠤ︾ ᠶᠢ ᠡᠷᠡᠰ ᠨᠠᠶᠢᠳᠠᠪᠤᠷᠢᠵᠢᠭᠤᠯᠵᠤ ᠤᠯᠤᠰ ᠤᠨ ᠥᠮᠴᠢᠯᠡᠯ ᠤᠨ | ᠠᠵᠤ ᠠᠬᠤᠶᠢᠯᠠᠯ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠠᠳᠠᠯᠢ ᠪᠠᠷ ᠦᠵᠡᠬᠦ᠂ ᠤᠷᠤᠨ ᠨᠤᠲᠤᠭ ᠤᠨ ᠠᠵᠤ ᠠᠬᠤᠶᠢᠯᠠᠯ᠂ ᠭᠠᠳᠠᠨ᠎ᠠ ᠠᠴᠠ | ᠢᠷᠡᠭᠰᠡᠨ ᠠᠵᠤ ᠠᠬᠤᠶᠢᠯᠠᠯ ᠳᠤ ᠠᠳᠠᠯᠢ ᠪᠠᠷ ᠬᠠᠨᠳᠤᠬᠤ ᠶᠢ ᠪᠠᠷᠢᠮᠲᠠᠯᠠᠵᠤ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭᠠᠨ ᠤ | ᠰᠢᠨ᠎ᠡ ᠲᠤᠭᠲᠠᠯᠴᠠᠭ᠎ᠠ ᠶᠢ ᠬᠡᠷᠡᠭᠵᠢᠬᠦᠯᠤᠨ ᠨᠡᠶᠢᠬᠡᠮ ᠤᠨ ᠬᠦᠷᠦᠩᠭᠡ ᠶᠢᠨ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠵᠡᠷᠭᠡ ᠬᠦᠷᠢᠶ᠎ᠡ ᠴᠠᠷᠠᠭᠠᠨ ᠤ | ᠪᠦᠲᠦᠬᠡᠨ ᠪᠠᠶᠢᠭᠤᠯᠤᠯᠲᠠ ᠪᠠ ᠭᠤᠤᠯᠳᠠᠯᠭᠠᠲᠤ ᠲᠦᠷᠦᠯ ᠵᠦᠢᠯ ᠤᠨ ᠪᠡᠯᠡ ᠤᠷᠤᠭᠤᠯᠤᠯᠲᠠ ᠳᠤ ᠤᠷᠤᠯᠴᠠᠬᠤ ᠶᠢ ᠳᠡᠮᠵᠢᠵᠤ ᠠᠷᠭ᠎ᠠ ᠪᠦᠬᠦᠨ ᠢ ᠬᠡᠷᠡᠭᠯᠡᠨ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠳᠠᠷᠤᠭᠠᠰᠤ ᠶᠢ ᠬᠦᠩᠭᠡᠷᠡᠬᠦᠯᠵᠤ ᠦᠦᠰᠢᠨ ᠨᠤᠲᠤᠭ ᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯᠲᠠᠨ ᠤ ᠰᠢᠨ᠎ᠡ ᠶᠢ ᠡᠬᠦᠳᠦᠨ ᠦᠢᠯᠡᠰ ᠪᠦᠲᠦᠬᠡᠬᠦ ᠦᠩᠰᠢᠭ ᠤᠷᠤᠨ ᠪᠤᠯᠭᠠᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠵᠤ ᠠᠬᠤᠢ ᠶᠢᠨ | ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠤᠯᠤᠰ ᠤᠨ ᠲᠡᠰ ᠤᠨ | ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠤᠷᠤᠨ ᠪᠣᠯᠣᠨ ᠮᠢᠩᠭᠠᠨ ᠳ᠋ᠦᠩᠰᠢᠭᠤᠷ ᠲᠡᠰ ᠤᠨ ᠬᠦᠷᠢᠶᠡᠯᠡᠩ ᠲᠣᠭᠤᠷᠢᠭ ᠤᠨ ᠬᠠᠷᠠᠯᠲᠠ ᠶᠢᠨ ᠲᠤᠭᠤᠷᠢᠨ | ᠳᠤ ᠡᠯ᠎ᠡ ᠲᠦᠷᠦᠯ ᠤᠨ ᠲᠥᠯᠦᠪᠵᠢᠭᠦᠯᠭᠡ ᠶᠢ ᠵᠠᠰᠠᠨ ᠲᠤᠬᠳᠠᠭᠠᠵᠤ ᠲᠣᠬᠢᠷᠠᠭᠤᠯᠤᠯᠲᠠ ᠬᠢᠭᠦ ᠶᠢ ᠲᠦᠷᠭᠡᠳᠭᠡᠨ ᠠᠬᠢᠭᠤᠯᠵᠤ ᠠᠷᠭ᠎ᠠ ᠪᠦᠬᠦᠨ ᠢ ᠰᠦᠪᠡᠭᠴᠢᠯᠡᠨ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠳᠡᠭᠡᠭᠰᠢᠯᠡᠭᠦᠯᠤᠯᠲᠡ | ᠶᠢᠨ ᠠᠵᠢᠯᠯᠠᠭ᠎ᠠ ᠶᠢ ᠬᠡᠷᠡᠭᠵᠢᠭᠦᠯᠵᠦ ᠪᠠᠴᠢᠮ ᠪᠠᠶᠢᠳᠠᠯ ᠢ ᠰᠢᠢᠳᠪᠦᠷᠢᠯᠡᠬᠦ ᠪᠤᠬᠢᠷ ᠤᠰᠤ ᠬᠠᠳᠠᠭᠠᠯᠠᠬᠤ ᠴᠦᠭᠦᠷᠦᠮ᠂ ᠪᠣᠷᠣᠭᠠᠨ ᠤ ᠤᠰᠤ ᠶᠢ ᠬᠤᠷᠢᠶᠠᠨ | ᠴᠤᠭᠯᠠᠭᠤᠯᠬᠤ ᠴᠦᠭᠦᠷᠦᠮ ᠪᠠ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠤᠷᠢ ᠶᠢᠨ ᠲᠡᠷᠭᠡᠨ ᠵᠣᠭᠰᠣᠭᠠᠯ ᠢ ᠡᠬᠢᠯᠡᠭᠦᠯᠦᠨ ᠪᠦᠲᠦᠭᠡᠨ ᠪᠠᠶᠢᠭᠤᠯᠵᠤ ᠬᠦᠷᠢᠶᠡᠯᠡᠩ | ᠲᠣᠭᠤᠷᠢᠭ ᠤᠨ ᠵᠠᠮ ᠵᠢᠴᠢ ᠲᠠᠭᠠᠯᠳᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠤᠭ ᠤᠨ ᠭᠠᠯ ᠤᠨᠲᠠᠷᠠᠭᠠᠯᠲᠠ ᠶᠢᠨ ᠤᠰᠤ | ᠬᠠᠩᠭᠠᠯᠲᠠ ᠶᠢᠨ ᠰᠢᠰᠲ᠋ᠧᠮ ᠤᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠴᠠᠯᠢᠩ ᠬᠥᠯᠥᠰᠤᠨ ᠤ ᠦᠷ᠎ᠡ | ᠪᠦᠲᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠤᠬᠳᠠᠯᠴᠠᠭ᠎ᠠ ᠵᠡᠷᠭᠡ ᠲᠠᠯ᠎ᠠ ᠶᠢᠨ ᠪᠠᠬᠢᠯᠡᠯᠲᠡ ᠶᠢ | ᠠᠷᠢᠯᠭᠠᠨ᠎ᠠ᠃ ︽ᠮᠦ ᠶᠢᠨ ᠳᠤᠮᠳᠠᠴᠢ᠂ ᠨᠡᠭᠦᠷᠡᠰᠦᠲᠥ᠋ᠷᠥᠭᠴᠢ ᠶᠢᠨ ᠳᠤᠮᠳᠠᠴᠢ ᠪᠠᠷ ᠦᠨᠡᠯᠡᠬᠦ︾ ᠰᠢᠯᠭᠠᠨ ᠬᠢᠨᠠᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ | ᠬᠦᠷᠢᠶᠡᠯᠡᠩ ᠲᠣᠭᠤᠷᠢᠭ ᠤᠨ ᠠᠵᠤ ᠦᠢᠯᠡᠰ ᠢ ᠠᠴᠢᠶᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠡᠬᠦᠨ ᠤ ᠬᠠᠮᠲᠤ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠤᠨ ᠬᠦᠭᠵᠢᠯᠲᠡ ᠶᠢᠨ ᠪᠠᠷᠠᠭᠠᠨ ᠬᠦᠢᠯᠬᠡᠬᠡᠨ ᠤ ᠦᠢᠯᠡᠰ ᠢ ᠪᠦᠷᠢᠯᠳᠦᠬᠦᠯᠦᠨ ᠤᠷᠤᠨ ᠪᠦᠰᠡ ᠶᠢᠨ ᠠᠵᠤ ᠠᠬᠤᠢ ᠶᠢᠨ ᠬᠦᠭᠵᠢᠯᠲᠡ ᠶᠢ | ᠪᠤᠵᠠᠭᠠᠶᠢᠷᠠᠭᠤᠯᠬᠤ ᠶᠢ ᠠᠬᠢᠭᠤᠯᠤᠨ᠎ᠠ᠃ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ᠎ᠠ᠃ ᠮᠢᠩᠭᠠᠨ ᠳ᠋ᠦᠩᠰᠢᠭᠤᠷ ᠲᠡᠰ ᠤᠨ ᠵᠢᠷᠭᠤᠭᠠᠨ | ᠶᠡᠭᠡ ᠲᠦᠷᠦᠯ ᠵᠦᠢᠯ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠨ ᠡᠨᠧᠷᠭᠢ ᠶᠢᠨ ᠠᠵᠤ ᠦᠢᠯᠡᠰ ᠤᠨ ᠳᠠᠭᠠᠯᠲᠠ ᠠᠵᠤ | ᠦᠢᠯᠡᠰ ᠤᠨ ᠬᠡᠯᠬᠢᠶᠡᠵᠢᠯ ᠢ ᠬᠦᠭᠵᠢᠬᠦᠯᠬᠦ᠂ ᠦᠷᠳᠡᠭ ᠤᠨ ᠬᠡᠯᠬᠢᠶᠡᠵᠢᠯ ᠢ ᠳᠤᠮᠳᠠ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠮᠠᠩᠬᠢᠰᠦᠨ ᠵᠠᠳᠠᠭᠠᠢ᠂ ᠲᠤᠭᠤᠭᠠᠳᠤ ᠵᠡᠷᠭᠡ 2 ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ | ᠪᠠᠶᠠᠨᠴᠠᠶᠢᠳᠠᠮ᠂ ᠨᠠᠷᠢᠠᠭᠤᠤᠯ ᠨᠢᠭᠡᠳᠦᠭᠡᠷ ᠨᠤᠮᠧᠷᠳᠤ᠂ ᠾᠧᠦ ᠯᠢᠦ ᠸᠠᠨ ᠵᠡᠷᠭᠡ ᠠᠭᠤᠷᠬᠠᠢ ᠶᠢᠨ ᠠᠢ ᠰᠠᠪᠠ ᠶᠢᠨ ᠲᠥᠷᠥᠯ ᠵᠦᠢᠯ ᠢ ᠬᠢᠨᠠᠨ | ᠵᠦᠪᠰᠢᠶᠡᠷᠡᠭᠦᠯᠭᠦ ᠭᠠᠷ ᠬᠦᠢᠴᠡᠳᠬᠡᠯ ᠢ ᠲᠦᠷᠭᠡᠳᠬᠡᠨ ᠨᠡᠭᠦᠷᠡᠰᠦᠨ ᠤ ᠭᠠᠷᠤᠯᠲᠠ ᠶᠢ 4200 ᠲᠦᠮᠡᠨ ᠲᠣᠨ ᠳᠤ ᠭᠦᠷᠭᠡᠨ᠎ᠠ᠃ ᠡᠩ ᠤᠨ ᠪᠠᠶᠢᠭᠠᠯᠢ ᠶᠢᠨ | ᠰᠢᠲᠠᠮᠠᠬᠠᠢ ᠬᠡᠢ ᠶᠢᠨ ᠦᠢᠯᠡᠳᠪᠦᠷᠢᠯᠡᠯ ᠢ ᠲᠣᠭᠲᠠᠭᠤᠨ ᠢᠶᠠᠷ ᠪᠤᠵᠠᠭᠠᠶᠢᠷᠠᠭᠤᠯᠵᠤ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢ ᠭᠦᠨᠵᠡᠭᠡᠢ ᠰᠢᠢᠳᠪᠦᠷᠢᠯᠡᠬᠦ | ᠶᠡᠷᠦᠩᠬᠡᠢ ᠦᠢᠯᠡᠳᠪᠦᠷᠢ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠵᠦᠩ ᠮᠸᠢ ᠪᠦᠯᠦᠭᠯᠡᠯ ᠤᠨ 2 × 660MW ᠤᠨ | ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠢ | ᠡᠬᠢᠯᠡᠬᠦᠯᠦᠨ ᠤᠭᠰᠠᠷᠠᠬᠤ ᠬᠡᠪᠴᠢᠶᠡᠵᠢᠯ ᠢ 430 ᠲᠦᠮᠡᠨ ᠺᠢᠯᠣᠸᠠᠲ ᠠᠴᠠ ᠳᠡᠭᠡᠭᠰᠢ ᠳᠤ ᠭᠦᠷᠭᠡᠨ᠎ᠡ᠃ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ | ᠠᠵᠤ ᠦᠢᠯᠡᠳᠪᠦᠷᠢ ᠶᠢᠨ 3 ᠲᠦᠮᠡᠨ ᠲᠣᠨ ᠤ ᠰᠠᠯᠬᠢ ᠭᠡᠷᠡᠯ ᠤᠨ ᠡᠨᠧᠷᠬᠢ ᠶᠢ ᠠᠭᠤᠰᠤᠯᠴᠠᠭᠤᠯᠤᠨ ᠪᠤᠬᠢᠷᠳᠦᠯ ᠦᠬᠡᠢ ᠤᠰᠤᠲᠥ᠋ᠷᠥᠭᠴᠢ ᠦᠢᠯᠡᠳᠭᠦ ᠲᠥᠷᠥᠯ | ᠵᠦᠢᠯ ᠢ ᠪᠠᠶᠢᠭᠤᠯᠵᠤ ᠵᠦᠩ ᠮᠸᠢ ᠪᠦᠯᠦᠭᠯᠡᠯ ᠤᠨ 10 ᠲᠦᠮᠡᠨ ᠲᠣᠨ ᠤ ︽ᠨᠠᠷᠠᠨ ᠭᠡᠷᠡᠯ ᠢ ᠰᠢᠩᠭᠡᠨ ᠲᠦᠯᠦᠪᠳᠦ ᠪᠠᠷ ᠬᠠᠳᠠᠭᠠᠯᠠᠬᠤ︾᠂ ᠵᠦᠩ ᠲᠢᠶᠠᠨ | ᠾᠧ ᠴᠤᠸᠠᠩ ᠡᠨᠧᠷᠬᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠣᠬᠢᠷᠲᠤᠯ ᠦᠭᠡᠢ ᠪᠠᠷ ᠨᠡᠭᠦᠷᠡᠰᠦᠲᠥ᠋ᠷᠥᠭᠴᠢ ᠪᠠᠭᠠᠰᠬᠠᠬᠤ ᠲᠠᠰ ᠳᠡᠪᠰᠢᠭᠦᠯᠦᠨ | ᠥᠭᠡᠷᠡᠴᠢᠯᠡᠬᠦ ᠵᠡᠷᠭᠡ ᠲᠥᠷᠥᠯ ᠵᠦᠢᠯ ᠢ ᠡᠬᠢᠯᠡᠬᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠤᠬᠢᠷᠳᠤᠯ ᠦᠬᠡᠢ ᠤᠰᠤᠲᠥ᠋ᠷᠥᠭᠴᠢ ᠶᠢ ᠬᠡᠪᠴᠢᠶᠡᠵᠢᠭᠦᠯᠦᠨ | ᠬᠡᠷᠡᠭᠯᠡᠬᠦ ᠶᠢ ᠠᠬᠢᠭᠤᠯᠤᠨ᠎ᠠ᠃ ᠪᠦᠦ ᠹᠧᠩ ᠪᠦᠯᠦᠭᠯᠡᠯ ᠤᠨ ᠠᠯᠺᠧᠨ ᠤ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠠᠰᠢᠭ ᠤᠯᠬᠤ ᠶᠢ ᠦᠨᠡᠨᠬᠦ | ᠪᠠᠲᠤᠯᠠᠵᠤ ᠳᠤᠮᠳᠠᠳᠤ ᠤᠯᠤᠰ ᠤᠨ ᠴᠢᠯᠠᠭᠤᠨ ᠲᠣᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠳᠤ ᠺᠣᠮᠫᠠᠨᠢ ᠶᠢᠨ 120 ᠲᠦᠮᠡᠨ ᠲᠣᠨ | ᠡᠲ᠋ᠡᠨ ᠢᠶᠠᠷ ᠡᠲ᠋ᠧᠡ ᠦᠢᠯᠡᠳᠭᠦ ᠲᠥᠷᠥᠯ ᠵᠦᠢᠯ ᠢ ᠪᠤᠳᠠᠳᠠᠶᠢᠵᠢᠭᠤᠯᠬᠤ ᠶᠢ ᠠᠬᠢᠭᠤᠯᠵᠤ ᠠᠯᠺᠧᠨ ᠤ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠪᠣᠶ | ᠪᠣᠯᠭᠠᠨ᠎ᠠ᠃ ᠬᠤᠢ ᠨᠧᠩ ᠪᠦᠯᠦᠭᠯᠡᠯ ᠤᠨ ᠵᠦᠸᠧ ᠵᠧᠩ ᠺᠤᠮᠫᠠᠨᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠪᠥᠬᠦ ᠲᠠᠯ᠎ᠠ ᠪᠠᠷ ᠠᠬᠢᠭᠤᠯᠤᠨ ᠲᠤᠮᠳᠠᠳᠤ | ᠤᠯᠤᠰ ᠤᠨ ᠡᠨᠧᠷᠭᠢ ᠶᠢᠨ ᠪᠦᠳᠦᠭᠡᠨ ᠪᠠᠶᠢᠭᠤᠯᠤᠯᠳᠡ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ 500 ᠲᠦᠮᠡᠨ ᠲᠣᠨ ᠤ ᠨᠡᠭᠦᠷᠡᠰᠦ ᠪᠠᠷ ᠲᠣᠰᠣ | ᠦᠢᠯᠡᠳᠬᠦ ᠲᠥᠷᠥᠯ ᠵᠦᠢᠯ ᠢ ᠮᠠᠨ ᠤ ᠬᠤᠰᠢᠭᠤᠨ ᠳᠤ ᠤᠷᠤᠨᠵᠢᠭᠤᠯᠬᠤ ᠪᠠᠷ ᠴᠢᠷᠮᠠᠶᠢᠵᠤ ᠨᠢᠭᠡ ᠪᠦᠯᠦᠭ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ | ᠮᠠᠲ᠋ᠧᠷᠢᠶᠠᠯ ᠢ ᠳᠡᠭᠡᠳᠦ ᠳᠡᠰᠵᠢᠬᠦᠯᠬᠦ ᠲᠥᠷᠥᠯ ᠵᠦᠢᠯ ᠢ ᠪᠠᠶᠢᠷᠢᠰᠢᠭᠤᠯᠤᠨ ᠬᠡᠷᠡᠭᠵᠢᠭᠦᠯᠵᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠳᠡᠭᠡᠳᠦ ᠲᠡᠰᠵᠢᠭᠰᠡᠨ᠂ ᠣᠯᠠᠨ ᠡᠰᠢᠵᠢᠭᠰᠡᠨ᠂ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠪᠤᠢ ᠪᠤᠯᠭᠠᠨ᠎ᠠ᠃ ᠰᠢᠷᠬᠤᠰᠤ ᠵᠢᠭᠤᠯᠴᠢᠯᠠᠯ ᠤᠨ ᠣᠷᠣᠨ ᠢ 5A ᠲᠠᠰ ᠤᠨ | ᠦᠵᠡᠮᠵᠢ ᠶᠢᠨ ᠣᠷᠣᠨ᠂ ᠬᠤᠷ᠎ᠠ ᠤᠰᠤ ᠵᠢᠭᠤᠯᠴᠢᠯᠠᠯ ᠤᠨ ᠣᠷᠣᠨ ᠢ 4A ᠲᠠᠰ ᠤᠨ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠶᠢ | ᠲᠦᠷᠭᠡᠳᠬᠡᠨ ᠰᠢᠷᠬᠤᠰᠤ ᠰᠣᠶᠣᠯ ᠵᠢᠭᠤᠯᠴᠢᠯᠠᠯ ᠤᠨ ᠪᠦᠰᠡ ᠶᠢᠨ ᠪᠠᠶᠢᠭᠤᠯᠤᠯᠲᠠ ᠶᠢ ᠠᠬᠢᠭᠤᠯᠵᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ ᠤᠨ | ᠨᠠᠷᠠᠲᠤ ᠲᠡᠮᠳᠡᠭ ᠢ ᠪᠣᠶ ᠪᠣᠯᠭᠠᠨ᠎ᠠ᠃ ᠣᠷᠣᠨ ᠪᠦᠰᠡ ᠠᠯᠤᠰᠯᠠᠨ ᠬᠤᠯᠪᠤᠭᠠᠯᠠᠨ ᠬᠥᠭᠵᠢᠬᠦ ᠶᠢ ᠴᠢᠩᠭᠠᠳᠬᠠᠨ ︽ᠥᠪᠥᠷ ᠮᠣᠩᠭᠤᠯ ᠱᠠᠨᠰᠢ ᠨᠢᠩᠰᠢᠶᠠ︾ ᠶᠢᠨ | ᠵᠢᠭᠤᠯᠴᠢᠯᠠᠯ ᠤᠨ ᠲᠣᠮᠣ ᠵᠠᠬ᠎ᠠ ᠳᠡᠯᠭᠡᠭᠦᠷ ᠲᠤ ᠪᠥᠬᠦ ᠲᠠᠯ᠎ᠠ ᠪᠠᠷ ᠠᠭᠤᠰᠤᠯᠴᠠᠨ᠎ᠠ᠃ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠠᠨ ᠨᠢᠭᠡᠳᠭᠡᠵᠦ | ᠪᠠᠲᠤ ᠶᠢᠨ ᠲᠤᠬᠤᠢ ᠶᠢᠨ ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤ ᠶᠢ ᠪᠦᠬᠦ ᠬᠤᠳᠠ᠂ ᠪᠦᠬᠦ ᠣᠷᠣᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠣᠷᠣᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ | ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ ᠰᠢᠷᠬᠤᠰᠤ ᠬᠠᠭᠤᠴᠢ ᠰᠤᠳᠤᠯᠤᠯ ᠤᠨ ᠪᠠᠭᠤᠷᠢ ᠶᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ ᠪᠠ ᠳᠡᠯᠡᠬᠡᠢ ᠶᠢᠨ ᠪᠠᠶᠢᠭᠠᠯᠢ ᠬᠢᠭᠡᠳ ᠰᠣᠶᠣᠯ ᠤᠨ ︽ᠬᠤᠣᠰ ᠥᠪ︾ ᠲᠤ ᠭᠤᠶᠤᠴᠢᠯᠠᠨ ᠮᠡᠳᠡᠭᠦᠯᠬᠦ ᠶᠢ ᠠᠬᠢᠭᠤᠯᠤᠨ᠎ᠠ᠃ | ︵ᠭᠤᠷᠪᠠ︶ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠦᠭᠡᠷᠡᠴᠢᠯᠡᠯᠲᠡ ᠬᠢᠵᠤ | ᠴᠢᠯᠤᠭᠡᠲᠠᠢ ᠶᠠᠪᠤᠯᠴᠠᠬᠤ ᠰᠢᠨ᠎ᠡ ᠠᠯᠬᠤᠮ ᠢ ᠠᠯᠬᠤᠨ᠎ᠠ | ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ | ᠤᠷᠴᠢᠨ ᠨᠥᠬᠦᠴᠡᠯ ᠢ ᠦᠨᠡᠯᠡᠬᠦ ᠬᠦᠢᠴᠡᠳᠬᠡᠯ ᠲᠤᠭ᠎ᠠ ᠯᠤᠭ᠎ᠠ ᠬᠠᠷᠭᠤᠭᠤᠯᠵᠤ ᠨᠢᠭᠡ ᠪᠦᠯᠦᠭ ᠮᠠᠰᠢ ᠴᠢᠩᠭ᠎ᠠ ᠬᠠᠨᠳᠤᠯᠭᠠᠲᠤ ᠴᠢᠨᠠᠷ ᠲᠠᠢ ᠥᠪᠡᠷᠮᠢᠴᠡ | ᠣᠨᠴᠠᠯᠢᠭ ᠲᠠᠢ ᠥᠭᠡᠷᠡᠴᠢᠯᠡᠯᠲᠡ ᠶᠢᠨ ᠠᠷᠭ᠎ᠠ ᠠᠪᠴᠠᠯ ᠢ ᠳᠡᠯᠭᠡᠷᠡᠬᠦᠯᠵᠦ ᠨᠠᠩ ᠣᠯᠠᠨ ᠦᠨᠡᠯᠡᠯᠲᠡ ᠶᠢᠨ ᠬᠦᠢᠴᠡᠳᠭᠡᠯ ᠲᠤᠭ᠎ᠠ ᠶᠢ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ᠃ ︽ᠬᠢᠨᠠᠨ ᠵᠥᠪᠰᠢᠶᠡᠷᠡᠬᠦ ᠶᠢ ᠲᠥᠭᠦᠮᠴᠢᠯᠡᠬᠦ︾ ᠰᠢᠨ᠎ᠡ ᠵᠠᠭᠪᠤᠷ ᠢ ᠪᠥᠬᠦ ᠲᠠᠯ᠎ᠠ ᠪᠠᠷ ᠪᠦᠷᠢᠯᠳᠦᠭᠦᠯᠵᠦ | ᠦᠷᠭᠦᠯᠵᠢ ᠲᠤᠬᠢᠶᠠᠯᠳᠤᠳᠠᠭ ᠭᠡᠷᠡᠭ ᠣᠴᠢᠷ ᠢ ︽ᠨᠢᠭᠡ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠶᠢ ᠨᠡᠶᠢᠲᠡᠮᠵᠢᠭᠦᠯᠤᠨ ︽ᠭᠡᠷᠡᠴᠢᠯᠡᠯ ᠠᠪᠬᠤ | ᠦᠭᠡᠢ ᠬᠤᠲᠠ︾ ᠶᠢ ᠡᠬᠦᠳᠦᠨ ᠪᠠᠶᠢᠭᠤᠯᠵᠤ ᠨᠢᠭᠡ ᠪᠦᠯᠦᠭ ︽ᠨᠢᠭᠡ ᠭᠡᠷᠡᠴᠢ ᠪᠠᠷ ᠪᠦᠬᠦᠨ ᠢ ᠭᠦᠢᠴᠡᠳᠬᠡᠬᠦ︾ ︽ᠬᠢᠨᠠᠨ ᠵᠦᠪᠰᠢᠶᠡᠷᠡᠬᠦᠯᠬᠦ ᠦᠬᠡᠢ ᠪᠠᠷ | ᠰᠢᠭᠤᠳ ᠬᠦᠷᠲᠡᠬᠦ︾ ᠤᠴᠢᠷ ᠶᠠᠪᠤᠳᠠᠯ ᠢ ᠬᠡᠷᠡᠭᠵᠢᠭᠦᠯᠦᠨ ︽ᠳᠦᠷᠪᠡᠨ ᠭᠦᠢᠴᠡᠳᠭᠡᠬᠦ︾ ᠦᠢᠯᠡᠴᠢᠯᠡᠭᠡᠨ ᠤ ᠲᠤᠭᠳᠠᠯᠴᠠᠭ᠎ᠠ ᠶᠢ ᠭᠦᠨᠵᠡᠭᠡᠶᠢᠷᠡᠭᠦᠯᠵᠦ | ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠪᠠ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠪᠡᠶᠡᠴᠢᠯᠡᠨ ᠣᠶᠢᠯᠠᠭᠠᠬᠤ ᠤᠷᠳᠤᠨ︾ ᠤ ᠠᠵᠢᠯᠯᠠᠭ᠎ᠠ ᠶᠢ ᠪᠠᠶᠢᠩᠭᠤ ᠥᠷᠨᠢᠭᠦᠯᠤᠨ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠲᠠᠷᠤᠢ ᠳᠤᠨᠢ ᠭᠦᠢᠴᠡᠳᠬᠡᠬᠦ︾ | ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ | ᠥᠷᠨᠢᠭᠦᠯᠦᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠪᠠᠷ ᠬᠤᠳᠠᠯᠳᠤᠭᠠᠨ ᠤ ᠶᠠᠪᠤᠳᠠᠯ᠂ ᠨᠡᠶᠢᠭᠡᠮ ᠨᠡᠶᠢᠲᠡ ᠶᠢᠨ ᠢᠲᠡᠭᠡᠯ ᠨᠠᠶᠢᠳᠠᠪᠤᠷᠢ ᠪᠠ | ᠬᠠᠤᠯᠢ ᠴᠠᠭᠠᠵᠠ ᠶᠢᠨ ᠢᠲᠡᠭᠡᠯ ᠬᠦᠨᠳᠦ ᠶᠢ ᠲᠠᠶᠢᠴᠢᠯᠠᠨ᠎ᠠ᠃ | ᠭᠤᠤᠯᠳᠠᠯᠭᠠᠲᠤ ᠬᠦᠷᠢᠶ᠎ᠡ ᠴᠠᠷᠠᠭᠠᠨ ᠤ ᠦᠬᠡᠷᠡᠴᠢᠯᠡᠯᠲᠡ ᠳᠤ ᠦᠷᠬᠦᠯᠵᠢᠯᠡᠨ ᠰᠢᠪᠳᠤᠯᠤᠯᠲᠠ ᠬᠢᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠠᠶᠡᠯᠡᠬᠦᠯᠦᠨ᠎ᠡ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠢ ᠵᠠᠬ᠎ᠠ | ᠳᠡᠯᠭᠡᠭᠦᠷᠴᠢᠯᠡᠨ ᠰᠣᠩᠭᠤᠨ ᠤᠷᠢᠬᠤ᠂ ᠳᠤᠮᠳᠠ ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠢ ᠥᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ | ᠠᠬᠢᠭᠤᠯᠤᠨ ︽ᠬᠤᠶᠠᠷ ᠪᠤᠰᠤ︾ ︽ᠬᠤᠶᠠᠷ ᠭᠦᠷᠦᠩᠭᠡ︾ ᠶᠢ ᠢᠯᠭᠠᠷᠠᠭᠤᠯᠤᠨ ᠰᠢᠢᠳᠪᠦᠷᠢᠯᠡᠬᠦ ᠠᠵᠢᠯ ᠢ ᠥᠷᠨᠢᠭᠦᠯᠵᠦ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ | ᠂ ᠰᠢᠨ᠎ᠡ ᠮᠡᠷᠭᠡᠵᠢᠯ ᠵᠡᠷᠭᠡ ᠭᠦᠷᠢᠶ᠎ᠠ ᠴᠠᠷᠠᠭᠠᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠤᠮᠳᠠᠳᠤ ᠪᠠᠭ᠎ᠠ ᠰᠤᠷᠭᠠᠭᠤᠯᠢ ᠶᠢᠨ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠪᠠ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠤᠨ ᠲᠡᠰ ᠤᠨ ᠳᠦᠷᠢᠮ ᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠣᠰᠬᠤᠨ ᠢ 7 ᠰᠢᠨ᠎ᠡ | ᠪᠠᠷ ᠨᠡᠮᠡᠭᠳᠡᠭᠦᠯᠦᠨ᠎ᠡ᠃ ᠤᠰᠤᠨ ᠤ ᠡᠷᠬᠡ ᠶᠢ ᠠᠷᠠᠯᠵᠢᠶᠠᠯᠠᠬᠤ ᠥᠭᠡᠷᠡᠴᠢᠯᠡᠯᠲᠡ ᠶᠢ ᠠᠬᠢᠭᠤᠯᠵᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠢ ᠪᠤᠯᠭᠠᠬᠤ ᠡᠷᠴᠢᠮ ᠢ ᠴᠢᠩᠭᠠᠷᠠᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠰᠤᠳᠤᠯᠤᠨ ᠨᠡᠭᠡᠭᠡᠯᠲᠠ ᠳᠠᠬᠢ ᠪᠡᠯᠡ ᠤᠷᠤᠭᠤᠯᠤᠯᠲᠠ ᠶᠢ ᠨᠡᠮᠡᠭᠳᠡᠭᠦᠯᠤᠨ ︽ᠭᠤᠷᠪᠠ ᠶᠢ ᠦᠬᠡᠶᠢᠰᠭᠡᠭᠦ︾ ᠠᠵᠤ ᠠᠬᠤᠶᠢᠯᠠᠯ ᠢ 3᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | 16 ᠰᠢᠨ᠎ᠡ ᠪᠠᠷ ᠨᠡᠮᠡᠭᠳᠡᠭᠦᠯᠦᠨ᠎ᠡ᠃ ᠠᠵᠦ ᠠᠬᠤᠶᠢᠯᠠᠯ᠂ ᠶᠡᠭᠡ ᠲᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠬᠠᠮᠳᠤᠷᠠᠯᠴᠠᠭ᠎ᠠ ᠶᠢ | ᠭᠦᠨᠵᠠᠭᠡᠶᠢᠷᠡᠭᠦᠯᠵᠦ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠳᠡ ᠶᠢ ᠪᠦᠭᠦ ᠲᠠᠯ᠎ᠠ ᠪᠠᠷ ᠠᠬᠢᠭᠤᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠵᠦ | ᠠᠵᠤ ᠠᠬᠤᠶᠢᠯᠠᠯ ᠨᠢ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠲᠤᠷᠰᠢᠯᠲᠠ ᠶᠢᠨ ᠲᠠᠰᠤᠭ᠂ ᠰᠤᠳᠤᠯᠭᠠᠨ ᠤ | ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠶᠢ ᠵᠣᠷᠢᠭᠵᠢᠭᠤᠯᠤᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠲᠣ | ᠦᠶ᠎ᠡ ᠶᠢᠨ ᠮᠠᠯ ᠲᠠᠷᠢᠶᠠᠯᠠᠩ ᠠᠵᠤ ᠠᠬᠤᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ | ᠵᠡᠷᠭᠡ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ ᠰᠤᠳᠤᠯᠭᠠᠨ ᠤ ᠦᠷ᠎ᠡ ᠪᠦᠲᠦᠭᠡᠯ ᠢ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ | ᠴᠢᠩᠭᠠᠳᠬᠠᠨ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠭᠦᠨᠵᠡᠭᠡᠶᠢᠷᠡᠭᠦᠯᠵᠤ ᠠᠵᠤ | ᠠᠬᠤᠶᠢᠯᠠᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠬᠡᠷᠡᠭᠯᠡᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ | ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ 2000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠳᠤᠳᠤᠭᠠᠳᠤ ᠶᠢ ᠬᠤᠯᠪᠤᠨ ᠭᠠᠳᠠᠭᠰᠢ ᠨᠡᠪᠲᠡᠷᠡᠬᠦᠯᠬᠦ ᠬᠢᠷᠢ ᠳᠦᠪᠰᠢᠨ ᠢ ᠦᠷᠬᠦᠯᠵᠢᠯᠡᠨ ᠳᠡᠭᠡᠭᠰᠢᠯᠡᠬᠦᠯᠦᠨ᠎ᠡ᠃ ᠮᠤᠵᠢ ᠶᠢᠨ ᠵᠠᠮ 215 ᠱᠤᠭᠤᠮ ᠤᠨ | ᠲᠦᠩᠽᠢ ᠠᠴᠠ ᠬᠠᠢ ᠽᠧ ᠫᠠᠨ ᠬᠦᠷᠬᠦ ᠵᠠᠰᠠᠮᠠᠯ ᠵᠠᠮ ᠢ 8 ᠳ᠋ᠤᠭᠠᠷ ᠰᠠᠷ᠎ᠠ ᠳᠤ ᠲᠡᠷᠭᠡ ᠨᠡᠪᠲᠡᠷᠡᠭᠦᠯᠬᠦ ᠶᠢ ᠠᠬᠢᠭᠤᠯᠤᠨ ᠲᠤᠭ ᠪᠠᠯᠭᠠᠰᠤ ᠠᠴᠠ ᠴᠠᠶᠢᠳᠠᠮ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ 215 ᠱᠤᠭᠤᠮ ᠤᠨ ᠦᠦᠰᠢᠨᠵᠤᠤ ᠠᠴᠠ ᠰᠢᠨᠡᠪᠠᠯᠭᠠᠰᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ | ᠡᠬᠢᠯᠡᠭᠦᠯᠦᠨ ᠵᠠᠰᠠᠵᠤ ᠭᠠᠯᠠᠭᠤᠲᠤ ᠪᠠᠯᠭᠠᠰᠤ ᠠᠴᠠ ᠢᠤᠢ ᠶᠠᠩ ᠲᠤᠭᠤᠷᠢᠭ ᠬᠦᠷᠬᠦ ᠦᠨᠳᠤᠷ ᠬᠤᠷᠳᠤᠴᠠᠲᠤ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠨ ᠠᠬᠢᠭᠤᠯᠵᠤ ᠠᠮᠠᠨᠴᠢᠷᠠᠭ᠎ᠠ ᠠᠴᠠ ᠪᠠᠭ᠎ᠠ ᠬᠤᠭᠤᠯᠠᠶᠢᠲᠤ ᠬᠦᠷᠬᠦ᠂ ᠦᠤᠰᠢᠨ ᠠᠴᠠ ᠬᠦᠨᠦᠭ ᠬᠦᠷᠬᠦ ᠬᠤᠶᠠᠷ ᠵᠤᠷᠪᠤᠰ ᠮᠤᠵᠢ ᠶᠢᠨ | ᠵᠠᠭᠠᠭ ᠤᠨ ︽ᠲᠠᠰᠤᠷᠬᠠᠢ ᠵᠠᠮ︾ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠤᠯᠪᠣᠭᠠᠯᠵᠢ ᠠᠴᠠ ᠵᠢᠢ ᠠᠨ ᠬᠦᠷᠬᠦ ᠲᠡᠮᠦᠷ ᠵᠠᠮ ᠳᠤ ᠲᠦᠰᠢᠭᠯᠡᠨ | ᠵᠠᠰᠠᠮᠠᠯ ᠵᠠᠮ ᠪᠤᠯᠤᠨ ᠲᠡᠮᠦᠷ ᠵᠠᠮ ᠤᠨ ᠲᠡᠭᠡᠭᠡᠪᠦᠷᠢ ᠶᠢ ᠢᠳᠡᠪᠬᠢᠲᠡᠢ ᠬᠥᠭᠵᠢᠭᠦᠯᠤᠨ ᠲᠤᠯᠢ ᠶᠢᠨ ᠰᠦᠮ᠎ᠡ ᠶᠢᠨ ᠡᠮᠦᠨ᠎ᠡ ᠪᠠ ᠨᠠᠷᠢᠠᠭᠤᠤᠯ ᠬᠤᠶᠠᠷ ᠵᠤᠷᠪᠤᠰ | ᠲᠡᠮᠦᠷ ᠵᠠᠮ ᠤᠨ ᠳᠤᠰᠬᠠᠢ ᠱᠤᠭᠤᠮ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ ᠣᠲᠣ ᠦᠶ᠎ᠡ ᠶᠢᠨ ᠪᠠᠷᠠᠭᠠᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ | ᠲᠥᠪ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ | ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠪᠣᠬᠢᠷᠲᠤᠯ ᠦᠭᠡᠢ ᠬᠦᠭᠵᠢᠯᠲᠡ ᠶᠢᠨ ᠰᠢᠨ᠎ᠡ | ᠳᠠᠪᠠᠭᠤᠯᠢᠭ ᠢ ᠪᠤᠢ ᠪᠤᠯᠭᠠᠨ᠎ᠠ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠨ ᠵᠠᠰᠠᠯᠲᠠ ᠶᠢᠨ ᠠᠵᠢᠯ ᠢ ᠦᠷᠬᠦᠯᠵᠢᠯᠡᠨ ᠴᠢᠩᠭᠠᠳᠬᠠᠨ᠎ᠠ᠃ ᠠᠭᠤᠯᠠ ᠤᠰᠤ ᠤᠢ ᠮᠤᠳᠤ ᠲᠠᠷᠢᠶᠠᠨ ᠭᠠᠵᠠᠷ | ᠨᠠᠭᠤᠷ ᠪᠦᠷᠢᠲᠤ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠮᠤᠤᠠᠤᠰᠤ ᠶᠢᠨ | ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ ︽ᠲᠠᠪᠤᠨ 100 ᠲᠦᠮᠡᠨ ᠮᠦ︾ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠢ ᠴᠣᠭᠴᠠᠯᠠᠨ ᠪᠠᠶᠢᠭᠤᠯᠵᠤ ︽ᠤᠮᠠᠷᠠᠲᠤ ᠶᠢᠨ ᠭᠤᠷᠪᠠᠨ ᠤᠷᠤᠨ︾ ᠤ ᠭᠤᠤᠯᠳᠠᠯᠭᠠᠲᠤ | ᠠᠮᠢ ᠠᠬᠤᠢ ᠶᠢᠨ ᠢᠨᠵᠧᠨᠧᠷᠢᠩ ᠵᠡᠷᠭᠡ ᠶᠢ ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ ᠭᠤᠤᠯᠳᠠᠯᠭᠠᠲᠤ ᠤᠷᠤᠨ ᠤ ᠤᠯᠤᠰ ᠤᠨ ᠨᠤᠲᠤᠭ ᠳᠡᠪᠢᠰᠭᠡᠷ ᠤᠨ | ᠨᠤᠭᠤᠭᠠᠷᠠᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠵᠤ 60 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠡᠯᠡᠰᠦᠨ ᠤ ᠠᠵᠤ ᠦᠢᠯᠡᠰ ᠢ ᠬᠥᠭᠵᠢᠭᠦᠯᠵᠦ᠂ | 1000 ᠮᠦ ᠠᠵᠤ ᠠᠬᠤᠢ ᠶᠢᠨ ᠣᠶ᠂ 1 ᠲᠦᠮᠡᠨ ᠮᠦ ᠬᠢᠲᠠᠳ ᠡᠮ ᠤᠨ ᠮᠠᠲ᠋ᠧᠷᠢᠶᠠᠯ ᠢ ᠰᠢᠨ᠎ᠡ ᠪᠠᠷ ᠲᠠᠷᠢᠨ᠎ᠠ᠃ ᠮᠠᠯ ᠠᠵᠤ ᠠᠬᠤᠢ ᠡᠪᠡᠰᠦ ᠪᠡᠯᠴᠢᠭᠡᠷ ᠤᠨ | ᠲᠡᠩᠴᠡᠭᠦᠷᠢᠰᠢᠯ ᠪᠠ ᠪᠡᠯᠴᠢᠭᠡᠷᠯᠡᠭᠦᠯᠬᠦ ᠶᠢ ᠬᠤᠷᠢᠭᠯᠠᠵᠦ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠣᠶ ᠰᠢᠭᠤᠢ ᠨᠤᠲᠤᠭ ᠪᠡᠯᠴᠢᠭᠡᠷ ᠢ | ᠡᠪᠳᠡᠬᠦ ᠠᠲᠠᠷ ᠬᠠᠭᠠᠯᠪᠤᠷᠢᠯᠠᠬᠤ ᠵᠡᠷᠭᠡ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ ᠲᠡᠤᠬᠡᠨ ᠠᠴᠠ ᠦᠯᠡᠳᠡᠭᠳᠡᠭᠰᠡᠨ | ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠬᠦ ᠠᠵᠢᠯ ᠢ ᠴᠢᠩᠭᠠᠳᠬᠠᠵᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠭᠤᠣᠯ ᠮᠥᠷᠡᠨ ᠨᠠᠭᠤᠷ | ᠴᠥᠭᠦᠷᠥᠮ ᠤᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠴᠡᠭᠴᠡᠯᠡᠬᠦ ᠠᠵᠢᠯ ᠢ ᠦᠷᠬᠦᠯᠵᠢᠯᠡᠨ ᠠᠬᠢᠭᠤᠯᠵᠤ᠂ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠠᠵᠢᠯ ᠢ ᠴᠢᠩᠭᠠᠳᠬᠠᠨ ᠰᠠᠪᠠ ᠭᠠᠵᠠᠷ ᠤᠨ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠪᠣᠬᠢᠷᠲᠤᠯ ᠢ ᠶᠡᠷᠦᠩᠭᠡᠶᠢᠯᠡᠨ ᠰᠡᠷᠭᠡᠶᠢᠯᠡᠨ ᠵᠠᠰᠠᠬᠤ ᠠᠵᠢᠯ ᠢ ᠦᠷᠬᠦᠯᠵᠢᠯᠡᠨ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠲᠥᠪ ᠪᠠ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠨᠢᠭᠡ ᠴᠣᠭᠴᠠᠵᠢᠭᠤᠯᠤᠨ ᠠᠬᠢᠭᠤᠯᠵᠤ᠂ ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠵᠦ | ᠴᠡᠩᠭᠡᠷ ᠣᠭᠲᠠᠷᠭᠤᠢ ᠴᠡᠩᠬᠡᠭ ᠤᠰᠤ᠂ ᠠᠷᠢᠭᠤᠨ ᠲᠠᠷᠬᠠᠨ ᠪᠠᠶᠢᠭᠠᠯᠢ ᠤᠷᠴᠢᠨ ᠢᠶᠠᠨ ᠬᠠᠮᠠᠭᠠᠯᠠᠬᠤ ᠲᠡᠶᠢᠨ ᠤ ᠢᠯᠠᠯᠲᠠ ᠶᠢ ᠵᠠᠪᠠᠯ ᠣᠯᠤᠨ᠎ᠠ᠃ ᠠᠭᠠᠷ | ᠮᠠᠨᠳᠠᠯ ᠤᠨ ᠪᠣᠬᠢᠷᠲᠤᠯ ᠪᠣᠳᠠᠰ ᠤᠨ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠶᠢ ᠴᠢᠩᠭᠠᠳᠬᠠᠵᠤ ᠰᠢᠨ᠎ᠡ ᠨᠢᠭᠡ ᠡᠭᠡᠯᠵᠢ ᠶᠢᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠤᠨ ᠵᠠᠰᠠᠯᠲᠠ ᠶᠢ ᠥᠷᠨᠢᠭᠦᠯᠵᠦ ᠰᠢᠷᠬᠤᠰᠤᠨ ᠪᠠᠯᠭᠠᠰᠤ᠂ ᠤᠯᠠᠭᠠᠨᠲᠣᠯᠤᠭᠠᠢ ᠪᠠᠯᠭᠠᠰᠤ᠂ ᠦᠦᠰᠢᠨᠵᠤᠤ ᠪᠠᠯᠭᠠᠰᠤᠨ ᠤ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ︽ᠦᠵᠡᠰᠬᠦᠯᠡᠩᠲᠦ ᠰᠠᠶᠢᠬᠠᠨ ᠭᠤᠣᠯ ᠮᠦᠷᠡᠨ ᠨᠠᠭᠤᠷ ᠴᠦᠬᠦᠷᠦᠮ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠵᠦ᠂ ᠪᠦᠲᠦᠬᠡᠨ ᠪᠠᠶᠢᠭᠤᠯᠵᠤ ᠪᠠᠶᠢᠭ᠎ᠠ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠢᠢᠳᠪᠦᠷᠢᠯᠡᠬᠦ 2 ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠤᠯᠤᠰ ᠤᠨ ᠲᠤᠭᠲᠠᠭᠠᠭᠰᠠᠨ ᠤᠰᠤᠨ ᠤ ᠴᠢᠨᠠᠷ ᠤᠨ ᠪᠠᠷᠢᠮᠵᠢᠶᠠᠨ ᠳᠤ ᠲᠣᠭᠲᠠᠭᠤᠨ ᠢᠶᠠᠷ ᠬᠦᠷᠭᠡᠬᠦ ᠶᠢ | ᠪᠠᠲᠤᠯᠠᠨ᠎ᠠ᠃ ᠠᠶᠤᠯᠲᠠᠢ ᠬᠠᠶᠠᠭᠳᠠᠮᠠᠯ ᠪᠣᠳᠠᠰ ᠵᠢᠴᠢ ᠡᠮ ᠡᠮᠨᠡᠯᠭᠡ ᠶᠢᠨ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠢ ᠰᠠᠶᠢᠲᠤᠷ ᠪᠠᠶᠢᠴᠠᠭᠠᠵᠤ ᠭᠠᠵᠠᠷ ᠳᠣᠣᠷᠠᠬᠢ | ᠤᠰᠤ ᠶᠢ ᠬᠢᠨᠠᠨ ᠬᠡᠮᠵᠢᠬᠦ ᠬᠤᠳᠳᠤᠭ ᠢ ᠪᠠᠷᠢᠮᠵᠢᠶ᠎ᠠ ᠶᠤᠰᠤᠭᠠᠷ ᠪᠠᠶᠢᠭᠤᠯᠵᠤ ᠲᠠᠷᠢᠶᠠᠯᠠᠩ ᠤᠨ ᠤᠯᠠᠨ ᠡᠬᠢᠲᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠦᠷᠭᠦᠯᠵᠢᠯᠡᠨ ᠴᠢᠩᠭᠠᠳᠬᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠪᠠᠲᠤᠯᠠᠵᠤ ᠠᠮᠢ ᠠᠬᠤᠢ ᠣᠷᠴᠢᠨ ᠲᠣᠭᠤᠷᠢᠨ ᠤ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦᠨ᠎ᠡ᠃ | ᠪᠤᠬᠢᠷᠳᠤᠯ ᠦᠬᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠦᠷᠬᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ | ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠭᠦᠨᠵᠡᠭᠡᠢ ᠠᠬᠢᠭᠤᠯᠵᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠢ ᠥᠭᠡᠷᠡᠴᠢᠯᠡᠵᠤ ᠲᠠᠰ | ᠳᠡᠪᠰᠢᠬᠦᠯᠬᠦ ᠪᠠ ᠡᠨᠧᠷᠭᠢ ᠶᠢ ᠶᠡᠭᠡ ᠪᠠᠷ ᠬᠤᠷᠣᠭᠳᠠᠭᠤᠯᠬᠤ ᠠᠵᠤ ᠠᠬᠤᠶᠢᠯᠠᠯ ᠤᠳ ᠢ ᠴᠠᠬᠢᠯᠭᠠᠨ ᠢᠶᠠᠷ ᠣᠷᠣᠯᠠᠭᠤᠯᠬᠤ ᠶᠢ ᠲᠦᠷᠭᠡᠳᠬᠡᠨ ᠡᠨᠧᠷᠭᠢ ᠶᠢᠨ | ᠬᠤᠷᠣᠭᠳᠠᠯ ᠤᠨ ︽ᠬᠤᠣᠰ ᠡᠵᠡᠮᠳᠡᠯ︾ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢᠨ ︽ᠬᠤᠣᠰ ᠡᠵᠡᠮᠳᠡᠯ︾ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ | ᠃ ᠵᠦᠪᠰᠢᠶᠡᠷᠡᠭᠰᠡᠨ ᠪᠤᠯᠪᠠᠴᠣ ᠬᠠᠩᠭᠠᠭᠰᠠᠨ ᠦᠭᠡᠢ ᠭᠠᠵᠠᠷ ᠰᠢᠷᠤᠢ ᠪᠠ ᠰᠤᠯᠠ ᠪᠠᠶᠢᠭ᠎ᠠ ᠭᠠᠵᠠᠷ ᠰᠢᠷᠣᠢ ᠶᠢ ᠠᠰᠢᠭᠯᠠᠬᠤ ᠬᠦᠴᠦᠯᠡᠴᠡ ᠶᠢ ᠴᠢᠩᠭᠠᠳᠬᠠᠵᠤ | ᠭᠠᠵᠠᠷ ᠰᠢᠷᠣᠢ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ ᠶᠢ ᠰᠠᠶᠢᠳᠤᠷ ᠠᠷᠪᠢᠯᠠᠵᠤ ᠤᠰᠤ ᠶᠢ ᠨᠠᠨᠳᠢᠩᠨᠠᠬᠤ | ᠠᠵᠢᠯᠯᠠᠭ᠎ᠠ ᠶᠢ ᠬᠡᠷᠡᠭᠵᠢᠭᠦᠯᠵᠦ ᠪᠠᠳᠤ ᠶᠢᠨ ᠲᠤᠬᠤᠢ ᠶᠢᠨ ᠤᠰᠤᠨ ᠴᠥᠭᠦᠷᠥᠮ ᠤᠨ ᠳᠡᠭᠡᠳᠦ ᠤᠷᠤᠰᠬᠠᠯ ᠤᠨ ᠬᠤᠳᠳᠤᠭ ᠢᠶᠠᠷ ᠤᠰᠤᠯᠠᠯᠲᠠ ᠬᠢᠬᠦ ᠣᠷᠣᠨ ᠤ | ᠤᠰᠤᠨ ᠤ ᠡᠬᠢ ᠰᠤᠷᠪᠤᠯᠵᠢ ᠶᠢ ᠰᠤᠯᠪᠢᠯᠴᠠᠭᠤᠯᠬᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠳᠠ ᠶᠢᠨ ᠮᠡᠷᠭᠡᠵᠢᠯ ᠪᠠ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠶᠢ | ᠴᠢᠩᠭᠠᠳᠬᠠᠨ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ | ᠬᠤᠬᠢᠷᠠᠯ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠤᠰᠤᠨ ᠤ ᠠᠰᠢᠭᠯᠠᠮᠵᠢ ᠶᠢ | ᠳᠡᠭᠡᠭᠰᠢᠯᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠡᠭᠡᠭᠰᠢᠯᠡᠬᠦᠯᠵᠤ᠂ ᠯᠢ ᠸᠧᠢ ᠤᠷᠴᠢᠨ ᠲᠤᠭᠤᠷᠢᠨ | ᠤ ᠬᠠᠮᠠᠭᠠᠯᠠᠯᠲᠠ᠂ ᠺᠦᠨ ᠯᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠠᠯᠠᠭᠤᠳᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ | ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ | ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠤᠷᠤᠰᠢᠨ ᠰᠠᠭᠤᠷᠢᠰᠢᠬᠤ ᠳᠤ | ᠲᠠᠭᠠᠯᠠᠮᠵᠢᠲᠠᠢ ᠠᠵᠢᠯ ᠦᠢᠯᠡᠰ ᠡᠷᠬᠢᠯᠡᠬᠦ ᠳᠤ ᠳᠤᠬᠢᠷᠠᠮᠵᠢᠲᠠᠢ ᠰᠢᠨ᠎ᠡ ᠲᠦᠷᠢ ᠲᠦᠷᠬᠦ ᠶᠢ ᠪᠤᠢ ᠪᠤᠯᠭᠠᠨ᠎ᠠ | ᠴᠢᠨᠰᠠᠭᠠᠲᠤ ᠬᠤᠲᠠ ᠶᠢ ᠦᠨᠳᠦᠷ ᠳᠦᠪᠰᠢᠨ ᠢᠶᠠᠷ ᠪᠦᠲᠦᠬᠡᠨ ᠪᠠᠶᠢᠭᠤᠯᠤᠨ᠎ᠠ᠃ ᠬᠤᠳᠠ ᠶᠢᠨ ᠶᠡᠷᠦᠩᠬᠡᠶᠢᠯᠡᠭᠰᠡᠨ ᠴᠢᠳᠠᠮᠵᠢ ᠶᠢ ᠲᠡᠭᠦᠯᠳᠡᠷᠵᠢᠭᠦᠯᠵᠦ | ᠨᠢᠭᠡ ᠪᠦᠯᠦᠭ ︽ᠪᠠᠭ᠎ᠠ ᠬᠡᠯᠪᠡᠷᠢ ᠶᠢᠨ ᠴᠡᠴᠡᠷᠯᠢᠭ︾ ᠪᠠ ︽ᠪᠠᠭ᠎ᠠ ᠬᠡᠯᠪᠡᠷᠢ ᠶᠢᠨ ᠵᠦᠯᠭᠡᠨ ᠭᠠᠵᠠᠷ︾ ᠢ ᠰᠢᠨ᠎ᠡ ᠪᠠᠷ ᠪᠠᠶᠢᠭᠤᠯᠵᠤ ᠲᠡᠷᠭᠡᠨ ᠤᠷᠤ ᠶᠢ 2000 | ᠭᠠᠷᠤᠢ ᠨᠡᠮᠡᠨ ᠳᠤᠬᠢᠷᠠᠭᠤᠯᠤᠨ᠎ᠠ᠃ ᠦᠦᠰᠢᠨ ᠵᠡᠭᠡᠯᠢ ᠶᠢᠨ ᠬᠤᠶᠢᠳᠤ ᠬᠡᠰᠡᠭ ᠤᠨ ᠤᠷᠳᠤᠳᠬᠠᠯ ᠱᠤᠭᠤᠮ ᠪᠠ ᠡᠷᠡᠭᠦᠯᠵᠢᠯ ᠰᠤᠪᠢᠯᠠᠯᠲᠠ ᠶᠢᠨ ᠲᠥᠪ ᠤᠨ | ᠬᠤᠯᠪᠣᠯᠲᠠ ᠶᠢᠨ ᠵᠠᠮ ᠤᠨ ᠢᠨᠵᠧᠨᠧᠷᠢᠩ ᠢ ᠬᠡᠷᠡᠭᠵᠢᠭᠦᠯᠵᠦ 12 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠭᠤᠴᠢᠨ | ᠵᠡᠭᠡᠯᠢ᠂ ᠵᠡᠭᠡᠯᠢ ᠳᠠᠭᠠᠤ ᠬᠤᠳᠠᠯᠳᠤᠭ᠎ᠠ ᠪᠠ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ 3.4 ᠺᠢᠯᠣᠮᠧᠲᠷ ︽ | ᠨᠤᠭᠤᠭᠠᠨ ᠵᠠᠮ︾᠂ 10 ᠲᠦᠮᠡᠨ ᠲᠡᠭᠰᠢ ᠳᠥᠷᠪᠡᠯᠵᠢᠨ ᠮᠧᠲᠷ ᠵᠦᠯᠭᠡᠨ ᠭᠠᠵᠠᠷ ᠢ ᠰᠢᠨ᠎ᠡ ᠪᠠᠷ ᠨᠡᠮᠡᠨ ᠪᠠᠶᠢᠭᠤᠯᠬᠤ ᠪᠤᠶᠤ ᠦᠭᠡᠷᠡᠴᠢᠯᠡᠵᠤ᠂ 7.5 ᠲᠦᠮᠡᠨ | ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ ᠭᠠᠵᠠᠷ ᠳᠣᠣᠷᠠᠬᠢ ᠬᠤᠭᠤᠯᠠᠢ ᠲᠣᠣᠷ ᠢ 66.5 ᠺᠢᠯᠣᠮᠧᠲᠷ ᠰᠢᠨ᠎ᠡ ᠪᠠᠷ ᠥᠭᠡᠷᠡᠴᠢᠯᠡᠨ | ᠪᠠᠶᠢᠭᠤᠯᠵᠤ ᠣᠷᠣᠨ ᠰᠠᠭᠤᠴᠠ ᠶᠢᠨ ᠴᠠᠬᠢᠯᠭᠠᠨ ᠱᠠᠲᠤ ᠶᠢ 10 ᠠᠴᠠ ᠳᠡᠭᠡᠭᠰᠢ ᠨᠡᠮᠡᠨ ᠤᠭᠰᠠᠷᠠᠨ᠎ᠠ᠃ ᠠᠶᠢᠯ ᠭᠡᠷ ᠤᠨ ᠰᠢᠲᠠᠮᠠᠬᠠᠢ ᠬᠡᠢ ᠯᠡᠪᠡᠷᠡᠭᠰᠡᠨ ᠢ | ᠰᠡᠷᠡᠮᠵᠢᠯᠡᠭᠦᠯᠬᠦ ᠶᠢᠨ ᠬᠠᠮᠲᠤ ᠬᠠᠭᠠᠨ ᠲᠠᠰᠤᠯᠬᠤ ᠲᠦᠬᠦᠭᠡᠷᠦᠮᠵᠢ ᠶᠢ ᠦᠷᠭᠡᠨ ᠳᠡᠯᠭᠡᠷᠡᠬᠦᠯᠵᠤ ᠠᠮᠢᠳᠤᠷᠠᠯ ᠤᠨ ᠬᠤᠭ ᠨᠤᠪᠰᠢ ᠶᠢ ᠲᠦᠷᠦᠯ ᠢᠯᠭᠠᠬᠤ ᠠᠵᠢᠯ ᠢ | ᠰᠠᠶᠢᠲᠤᠷ ᠬᠢᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠬᠥᠳᠡᠯᠦᠯᠴᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠶᠢ ᠦᠨᠳᠦᠷ ᠪᠠᠷᠢᠮᠵᠢᠶ᠎ᠠ ᠪᠠᠷ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ | ᠡᠭᠦᠷᠭᠡ ᠶᠢ ᠪᠠᠲᠤ ᠡᠭᠦᠷᠭᠡᠯᠡᠵᠦ 3.4 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ 5 ᠲᠦᠮᠡᠨ ᠮᠤ᠋ ᠳᠤ | ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠦᠨ ᠲᠠᠷᠢᠶᠠᠯᠠᠩ ᠤᠨ ᠭᠠᠮᠰᠢᠭ ᠢ ᠰᠡᠷᠬᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ | ᠶᠢ ᠳᠡᠭᠡᠭᠰᠢᠯᠡᠬᠦᠯᠵᠤ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨᠬᠦ ᠪᠠᠲᠤᠯᠠᠨ᠎ᠠ᠃ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠤᠭᠲᠠᠭᠠᠵᠤ ︽ᠣᠷᠳᠣᠰ ᠨᠠᠷᠢᠨ ᠨᠣᠣᠰᠣᠲᠤ ᠬᠤᠨᠢ᠂ ᠠᠯᠠᠰᠢᠨ ᠦᠬᠡᠷ᠂ ᠭᠠᠭ᠋ᠠᠢ᠂ ᠠᠮᠤ ᠪᠤᠳᠠᠭ᠎ᠠ︾ ᠶᠢᠨ | ᠦᠢᠯᠡᠳᠬᠦᠨ ᠤ ᠥᠷᠲᠡᠭ ᠨᠢ ᠠᠷᠪᠠᠨ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ | ᠪᠦᠷᠢᠯᠳᠦᠬᠦᠯᠦᠨ᠎ᠡ᠃ ᠬᠡᠪᠴᠢᠶᠡᠵᠢᠬᠦᠯᠦᠭᠰᠡᠨ᠂ ᠠᠵᠤ ᠦᠢᠯᠡᠰᠵᠢᠬᠦᠯᠦᠭᠰᠡᠨ᠂ ᠨᠡᠷᠡᠲᠤ ᠲᠡᠮᠲᠡᠭᠴᠢᠯᠡᠭᠰᠡᠨ ᠬᠦᠭᠵᠢᠯᠲᠡ ᠶᠢ ᠪᠠᠷᠢᠮᠲᠠᠯᠠᠵᠤ ︽ᠦᠭᠡᠷ ᠬᠤᠪᠢᠳᠠᠨ | ᠮᠠᠯᠵᠢᠬᠤ︾ ᠬᠤᠪᠢ ᠡᠵᠡᠮᠳᠡᠭᠰᠡᠨ ᠪᠦᠯᠦᠭᠯᠡᠯ ᠤᠨ ᠬᠤᠪᠢ ᠤᠷᠤᠭᠤᠯᠤᠭᠰᠠᠨ ᠺᠤᠮᠫᠠᠨᠢ ᠶᠢᠨ ᠳᠡᠭᠡᠳᠦ ᠲᠠᠰ ᠤᠨ ᠠᠯᠠᠰᠢᠨ ᠦᠬᠡᠷ ᠲᠡᠵᠢᠭᠡᠨ ᠮᠠᠯᠵᠢᠬᠤ᠂ ᠳ᠋ᠦᠩ | ᠹᠠᠩ ᠰᠢ ᠸᠠᠩ ᠪᠦᠯᠦᠭᠯᠡᠯ ᠤᠨ ᠭᠠᠭ᠋ᠠᠢ ᠲᠡᠵᠢᠭᠡᠨ ᠦᠷᠡᠵᠢᠭᠦᠯᠬᠦ ᠣᠳᠣᠬᠢᠴᠢᠯᠠᠭᠰᠠᠨ ᠣᠷᠴᠢᠯ ᠠᠵᠤ ᠦᠢᠯᠡᠰ ᠤᠨ ᠬᠡᠯᠬᠢᠶᠡᠵᠢᠯ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠳᠡᠭᠡᠳᠦ ᠲᠠᠰ ᠤᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ | ᠭᠠᠵᠠᠷ ᠢ ᠬᠦᠴᠦᠯᠡᠨ ᠪᠠᠶᠢᠭᠤᠯᠵᠤ ᠣᠷᠳᠣᠰ ᠨᠠᠷᠢᠨ ᠨᠣᠣᠰᠣᠲᠤ ᠬᠤᠨᠢᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠠᠯ ᠲᠠᠷᠢᠶᠠᠯᠠᠩ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ ᠡᠷᠳᠡᠨᠢ ᠰᠢᠰᠢ ᠶᠢᠨ ᠠᠵᠤ ᠦᠢᠯᠡᠰ ᠤᠨ ᠬᠡᠯᠬᠢᠶᠡᠵᠢᠯ ᠢ ᠨᠢᠭᠡᠳᠦᠯᠲᠡᠢ | ᠲᠦᠯᠦᠪᠵᠢᠬᠦᠯᠦᠨ ᠪᠤᠵᠠᠭᠠᠶᠢᠷᠠᠭᠤᠯᠵᠤ᠂ ᠭᠤᠸ᠎ᠠ ᠵᠢᠮᠢᠰ ᠢᠳᠡᠰᠢᠨ ᠨᠣᠭᠤᠭ᠎ᠠ ᠪᠠ ᠡᠯᠳᠡᠪ ᠠᠮᠤ ᠶᠢᠨ ᠣᠨᠴᠠᠯᠢᠭᠲᠤ ᠠᠵᠤ ᠦᠢᠯᠡᠰ ᠢ ᠰᠢᠯᠢᠳᠡᠭᠵᠢᠬᠦᠯᠵᠤ | ᠦᠦᠰᠢᠨ ᠠᠳᠤᠭᠤᠨ ᠤ ᠡᠬᠦᠯᠳᠡᠷ ᠬᠠᠮᠠᠭᠠᠯᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠦᠨ᠎ᠡ᠃ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ | ᠦᠢᠯᠡᠰ ᠢ ᠳᠠᠶᠢᠴᠢᠯᠠᠬᠤ︾ ᠶᠢ ᠶᠡᠬᠡᠪᠡᠷ ᠠᠬᠢᠭᠤᠯᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠮᠠᠯ ᠲᠠᠷᠢᠶᠠᠯᠠᠩ ᠠᠵᠤ | ᠠᠬᠤᠢ ᠳᠤ ᠪᠡᠯᠡ ᠣᠷᠣᠭᠤᠯᠬᠤ ᠶᠢ ᠵᠣᠷᠢᠭᠵᠢᠭᠤᠯᠤᠨ ᠨᠢᠭᠡ ᠪᠦᠯᠦᠭ ᠭᠤᠣᠯᠳᠠᠯᠭ᠎ᠠ ᠲᠠᠢ ᠳᠠᠶᠢᠴᠢᠯᠠᠬᠤ ᠲᠥᠷᠥᠯ ᠵᠦᠢᠯ ᠢ ᠵᠢᠱᠢᠶ᠎ᠡ ᠦᠵᠡᠭᠦᠯᠦᠨ ᠬᠡᠷᠡᠭᠵᠢᠭᠦᠯᠵᠦ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠣᠯᠴᠠᠯ ᠢ ᠠᠬᠢᠭᠤᠯᠤᠨ᠎ᠠ᠃ ᠨᠠᠷᠠᠲᠤ ᠳᠡᠮᠳᠡᠭ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠢᠭᠡᠳᠦᠯᠲᠡᠢ ᠪᠣᠭᠤᠳᠠᠯᠯᠠᠬᠤ᠂ ᠨᠢᠭᠡᠳᠦᠯᠲᠡᠢ ᠡᠵᠡᠩᠨᠡᠬᠦ ᠬᠡᠪ | ᠵᠠᠭᠪᠤᠷ ᠢ ᠰᠦᠪᠡᠭᠴᠢᠯᠡᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠳᠡᠮᠳᠡᠭ ᠤᠨ ︽ᠬᠤᠯᠢᠮᠠᠭ᠂ ᠴᠥᠭᠡᠨ᠂ ᠪᠠᠭᠤᠷᠠᠢ᠂ ᠪᠠᠭ᠎ᠠ︾ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ ᠳᠠᠬᠢᠨ | ᠶᠠᠳᠠᠭᠤᠷᠠᠬᠤ ᠶᠢ ᠰᠡᠷᠬᠡᠶᠢᠯᠡᠵᠤ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠤᠨ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠶᠢ ᠠᠬᠢᠭᠤᠯᠵᠤ ᠠᠰᠢᠭ | ᠲᠤᠰᠠ ᠶᠢᠨ ᠬᠤᠯᠪᠤᠭᠠᠲᠤ ᠲᠣᠭᠳᠠᠯᠴᠠᠭ᠎ᠠ ᠶᠢ ᠲᠡᠭᠦᠯᠳᠡᠷᠵᠢᠭᠦᠯᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠤ ᠠᠵᠢᠯ ᠢᠶᠠᠷ ᠲᠡᠳᠬᠦᠮᠵᠢ ᠶᠢ | ᠣᠷᠣᠯᠠᠭᠤᠯᠬᠤ᠂ ︽ᠣᠷᠣᠨ ᠠᠯᠣᠰᠯᠠᠭᠰᠠᠨ ᠠᠵᠤ ᠠᠬᠤᠢ︾ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠮᠠᠯᠴᠢᠨ ᠲᠠᠷᠢᠶᠠᠴᠢᠨ ᠤ ᠠᠵᠤ ᠠᠮᠢᠳᠤᠷᠠᠯ ᠢ ᠤᠯᠠᠮ ᠦᠭᠡᠳᠡ ᠡᠰᠡᠷᠡᠭ ᠪᠤᠯᠭᠠᠬᠤ ᠪᠠᠷ | ᠴᠢᠷᠮᠠᠶᠢᠨ᠎ᠠ᠃ | ᠬᠤᠲᠠ ᠬᠦᠳᠡᠭᠡ ᠶᠢᠨ ᠤᠷᠴᠢᠨ ᠲᠤᠭᠤᠷᠢᠨ ᠢ ᠴᠢᠨᠠᠷ ᠰᠠᠶᠢᠲᠠᠢ ᠰᠠᠶᠢᠵᠢᠷᠠᠭᠤᠯᠤᠨ᠎ᠠ᠃ ᠤᠰᠤ᠂ ᠴᠠᠬᠢᠯᠭᠠᠨ᠂ ᠵᠠᠮ᠂ ᠬᠡᠢ᠂ ᠴᠢᠮᠡᠭᠡ ᠵᠠᠩᠭᠢ᠂ | ᠳᠤᠯᠠᠭᠠᠯᠠᠭ᠎ᠠ ᠶᠢᠨ ︽ᠵᠢᠷᠭᠤᠭᠠᠨ ᠶᠡᠭᠡ ᠪᠠᠲᠤᠯᠠᠭ᠎ᠠ︾ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠠᠳᠬᠤᠵᠤ ᠤᠤᠭᠤᠬᠤ ᠤᠰᠤᠨ ᠤ | ᠠᠮᠤᠷ ᠲᠦᠪᠰᠢᠨ᠂ ᠤᠰᠤᠨ ᠤ ᠴᠢᠨᠠᠷ ᠢ ᠳᠡᠭᠡᠭᠰᠢᠯᠡᠭᠦᠯᠬᠦ ᠪᠠᠲᠤᠯᠠᠭ᠎ᠠ ᠶᠢᠨ ᠢᠨᠵᠧᠨᠧᠷᠢᠩ ᠢ 13 ᠭᠠᠵᠠᠷ ᠬᠡᠷᠡᠭᠵᠢᠭᠦᠯᠵᠦ᠂ ᠪᠡᠯᠡᠳᠬᠡᠯ ᠤᠰᠤᠨ ᠰᠤᠷᠪᠤᠯᠵᠢ ᠶᠢᠨ | ᠭᠠᠵᠠᠷ ᠢ 2 ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠲᠣᠣᠷ ᠢ 817 ᠺᠢᠯᠣᠮᠧᠲᠷ ᠲᠡᠰ ᠳᠡᠪᠰᠢᠭᠦᠯᠵᠦ ᠬᠤᠯᠪᠣᠭᠠᠯᠵᠢ᠂ | ᠪᠠᠭ᠎ᠠ ᠰᠢᠪᠡᠷ ᠲᠣᠰᠬᠤᠨ ᠤ 35 ᠺᠢᠯᠤᠸᠤᠯᠲ ᠤᠨ ᠬᠦᠴᠦᠳᠡᠯ ᠦᠭᠡᠷᠡᠴᠢᠯᠡᠬᠦ ᠦᠷᠳᠡᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠬᠦᠯᠦᠨ | ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠦᠨᠡᠨᠬᠦ ᠰᠠᠶᠢᠲᠤᠷ ᠰᠢᠢᠳᠪᠤᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 60 | ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ | ᠬᠤᠰᠢᠭᠤ ᠶᠢᠨ ᠳᠠᠬᠢᠨ ᠬᠢᠨᠠᠨ ᠰᠢᠯᠭᠠᠯᠲᠠ ᠶᠢ ᠲᠣᠭᠤᠯᠬᠤ ᠶᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠠᠩᠭᠠᠯᠭ᠎ᠠ ᠶᠢᠨ ᠵᠠᠮ ᠢ ᠰᠠᠭᠠᠳ ᠦᠬᠡᠢ ᠨᠡᠪᠲᠡᠷᠡᠬᠦᠯᠵᠤ 1300 ᠡᠷᠦᠬᠡ ᠠᠴᠠ ᠳᠡᠭᠡᠭᠰᠢᠬᠢ ᠮᠠᠯᠴᠢᠨ ᠲᠠᠷᠢᠶᠠᠴᠢᠨ ᠳᠤ ᠪᠠᠶᠢᠭᠠᠯᠢ ᠶᠢᠨ ᠰᠢᠲᠠᠮᠠᠬᠠᠢ ᠬᠡᠢ | ᠬᠡᠷᠡᠭᠯᠡᠭᠦᠯᠬᠦ ᠶᠢ ᠠᠬᠢᠭᠤᠯᠤᠨ᠎ᠠ᠃ 5G ᠶᠢᠨ ᠰᠠᠭᠤᠷᠢ ᠥᠷᠲᠡᠭᠡ ᠶᠢ 80 ᠰᠠᠭᠤᠷᠢ ᠰᠢᠨ᠎ᠡ ᠪᠠᠷ ᠪᠠᠶᠢᠭᠤᠯᠤᠨ᠎ᠠ᠃ ᠳᠤᠯᠠᠭᠠᠯᠠᠭ᠎ᠠ ᠬᠠᠩᠭᠠᠬᠤ ᠬᠤᠭᠤᠯᠠᠢ ᠲᠤᠤᠷ | ᠢ 50 ᠺᠢᠯᠣᠮᠧᠲᠷ ᠠᠴᠠ ᠳᠡᠭᠡᠭᠰᠢ ᠰᠢᠨ᠎ᠡ ᠪᠠᠷ ᠦᠭᠡᠷᠡᠴᠢᠯᠡᠨ ᠪᠠᠶᠢᠭᠤᠯᠵᠤ ᠳᠤᠯᠠᠭᠠᠯᠠᠭ᠎ᠠ ᠬᠠᠩᠭᠠᠬᠤ ᠲᠠᠯᠠᠪᠠᠢ ᠶᠢ 40 ᠲᠦᠮᠡᠨ ᠳᠡᠭᠰᠢ ᠲᠦᠷᠪᠡᠯᠵᠢᠨ ᠮᠧᠲᠷ | ᠠᠴᠠ ᠳᠡᠭᠡᠭᠰᠢ ᠰᠢᠨ᠎ᠡ ᠪᠠᠷ ᠨᠡᠮᠡᠵᠤ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠬᠦᠯᠦᠨ᠎ᠡ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠶᠢ ᠠᠬᠢᠭᠤᠯᠤᠨ ᠥᠪᠡᠷᠲᠡᠭᠡᠨ ᠵᠠᠰᠠᠬᠤ ᠣᠷᠣᠨ ᠤ | ᠲᠠᠰ ᠤᠨ ︽ᠠᠷᠪᠠᠨ ᠬᠤᠰᠢᠭᠤ ᠰᠢᠶᠠᠨ ᠵᠠᠭᠤᠨ ᠰᠤᠮᠤ ᠰᠢᠶᠠᠩ ᠪᠠᠯᠭᠠᠰᠤ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠰᠤᠮᠤ ᠪᠠᠯᠭᠠᠰᠤ ᠶᠢ 1᠂ | ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 11 ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠲᠤ ᠦᠢᠯᠡᠴᠢᠯᠡᠨ ᠠᠷᠠᠳ | ᠢ ᠪᠠᠶᠠᠵᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠬᠦᠴᠦᠲᠠᠢ ᠠᠬᠢᠭᠤᠯᠤᠨ᠎ᠠ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ ᠶᠢᠨ | ᠡᠵᠡᠯᠡᠬᠦ ᠬᠠᠷᠢᠴᠠᠯ ᠢ 70% ᠠᠴᠠ ᠳᠡᠭᠡᠭᠰᠢ ᠳᠤ ᠲᠤᠭᠳᠠᠪᠤᠷᠢᠵᠢᠭᠤᠯᠤᠨ᠎ᠠ᠃ ᠳᠠᠷᠤᠭᠠᠰᠤ ᠶᠢ ᠬᠥᠩᠭᠡᠷᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ | ᠠᠵᠢᠯ ᠣᠯᠭᠤᠯᠲᠠ ᠶᠢ ᠥᠷᠭᠡᠳᠬᠡᠬᠦ ᠤᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠬᠦ ᠶᠢ ᠪᠠᠷᠢᠮᠲᠠᠯᠠᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠨ | ᠰᠤᠯᠠ ᠠᠵᠢᠯ ᠤᠨ ᠵᠠᠬ᠎ᠠ ᠳᠡᠯᠭᠡᠭᠦᠷ ᠢ ᠲᠥᠯᠥᠪᠵᠢᠭᠦᠯᠦᠨ ᠪᠠᠶᠢᠭᠤᠯᠵᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠢ ᠡᠬᠢᠯᠡᠨ ᠠᠵᠢᠯᠯᠠᠭᠤᠯᠵᠤ ᠬᠤᠳᠠ ᠪᠠᠯᠭᠠᠰᠤᠨ ᠤ 1050 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ 3000 ᠠᠴᠠ ᠳᠡᠭᠡᠭᠰᠢ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ ᠬᠤᠳᠠ ᠪᠠᠯᠭᠠᠰᠤᠨ ᠤ ᠠᠵᠢᠯ ᠣᠯᠣᠭᠰᠠᠨ ᠦᠭᠡᠢ ᠭᠡᠷ ᠪᠦᠯᠢ ᠶᠢ ᠬᠦᠳᠡᠯᠥᠩᠬᠦᠢ ᠪᠠᠷ ᠦᠭᠡᠶᠢᠰᠬᠡᠨ᠎ᠡ | ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠦᠷᠭᠦᠯᠵᠢᠯᠡᠨ ᠠᠬᠢᠭᠤᠯᠵᠤ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 85% ᠠᠴᠠ ᠳᠡᠭᠡᠭᠰᠢ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠨᠣᠷᠮ᠎ᠠ ᠶᠢ 95% ᠠᠴᠠ ᠳᠡᠭᠡᠭᠰᠢ ᠪᠠᠶᠢᠯᠭᠠᠵᠤ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ | ᠪᠠᠶᠢᠭᠤᠯᠬᠤ ᠪᠠᠷ ᠭᠤᠶᠣᠴᠢᠯᠠᠨ ᠮᠡᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ ︽ | ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠨ᠎ᠠ︾᠃ ᠨᠠᠰᠣᠲᠠᠶᠢᠴᠣᠳ ᠪᠠ ᠬᠡᠤᠬᠡᠳ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ ︽ᠲᠠᠪᠤᠨ ᠲᠠᠯ᠎ᠠ ᠠᠴᠠ ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ ᠦᠥᠰᠢᠨᠵᠤᠤ ᠨᠠᠰᠣᠲᠠᠶᠢᠴᠣᠳ ᠢ ᠠᠰᠠᠷᠠᠨ ᠬᠠᠷᠠᠭᠠᠯᠵᠠᠬᠤ ᠬᠦᠷᠢᠶᠡᠯᠡᠩ ᠢ | ᠠᠰᠢᠭᠯᠠᠯᠲᠠ ᠳᠤ ᠣᠷᠣᠭᠤᠯᠵᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠢ 4 ᠰᠢᠨ᠎ᠡ ᠪᠠᠷ ᠪᠠᠶᠢᠭᠤᠯᠵᠤ᠂ ᠭᠠᠴᠠᠭ᠎ᠠ | ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 47 ᠪᠠᠶᠢᠭᠤᠯᠵᠤ᠂ 100 ᠡᠷᠦᠬᠡ ᠶᠠᠳᠠᠭᠤ ᠬᠦᠴᠢᠷᠳᠡᠯᠲᠡᠢ ᠨᠠᠰᠤᠲᠠᠶᠢᠴᠤᠳ ᠤᠨ | ᠬᠠᠭᠤᠴᠢᠷᠠᠭᠰᠠᠨ ᠭᠡᠷ ᠣᠷᠣᠨ ᠢ ᠦᠭᠡᠷᠡᠴᠢᠯᠡᠨ ᠰᠢᠨᠡᠳᠬᠡᠵᠦ ᠨᠡᠶᠢᠭᠡᠮ ᠲᠣᠭᠤᠷᠢᠭ ᠤᠨ ︽ᠬᠠᠮᠲᠤᠪᠠᠷ ᠡᠳ᠋ᠯᠡᠬᠦ ᠬᠤᠭᠤᠯᠠᠨ ᠭᠡᠷ︾ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠭᠤᠷᠪᠠᠨ ᠬᠡᠦᠬᠡᠳ ᠲᠦᠷᠦᠬᠦ ᠢᠵᠢ ᠪᠦᠷᠢᠳᠦᠯ ᠤᠨ ᠳᠡᠮᠵᠢᠯᠬᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠨᠡᠶᠢᠭᠡᠮ | ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ ᠨᠡᠶᠢᠭᠡᠮᠴᠢᠯᠡᠭᠰᠡᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠢᠷᠢ | ᠳᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠠᠰᠢᠭ ᠬᠦᠷᠲᠡᠬᠡᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ ᠲᠠᠪᠤᠳᠤᠭᠠᠷ ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠣᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠠᠭᠤᠷᠢᠰᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠲᠦᠷᠭᠡᠳᠬᠡᠨ ᠨᠢᠭᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ | ᠪᠠᠭ᠎ᠠ ᠰᠤᠷᠭᠠᠭᠤᠯᠢ ᠵᠡᠷᠭᠡ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ︽ᠬᠢᠴᠢᠶᠡᠯ ᠲᠦᠷᠦᠯ ᠢ ᠴᠢᠨᠠᠷᠵᠢᠭᠤᠯᠬᠤ᠂ ᠬᠢᠴᠢᠶᠡᠯ ᠤᠨ ᠲᠠᠩᠬᠢᠮ ᠢ ᠴᠢᠩᠭᠠᠳᠬᠠᠬᠤ᠂ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠬᠦ︾ | ᠢᠨᠵᠧᠨᠧᠷᠢᠩ ᠢ ᠬᠡᠷᠡᠭᠵᠢᠭᠦᠯᠵᠦ ︽ᠨᠣᠮ ᠤᠨ ᠴᠠᠭᠠᠨ ᠪᠤᠶᠠᠨᠲᠤ ᠰᠣᠷᠭᠠᠭᠤᠯᠢ ᠶᠢᠨ ᠬᠦᠷᠢᠶ᠎ᠡ︾ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠠᠬᠢᠭᠤᠯᠵᠤ ᠨᠢᠭᠡ ᠪᠦᠯᠦᠭ ᠰᠢᠯᠢᠳᠡᠭ ᠪᠠᠭᠰᠢ ᠶᠢ ᠤᠷᠢᠨ ᠠᠪᠴᠢᠷᠠᠵᠤ ᠪᠠᠭᠰᠢ ᠶᠢ ᠬᠢᠨᠠᠨ ᠰᠢᠯᠭᠠᠵᠤ | ᠦᠨᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠤᠯᠤᠨ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠦᠢᠯᠡᠰ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠠᠪᠴᠠᠯᠳᠣᠭᠤᠯᠬᠤ ᠶᠢ | ᠠᠬᠢᠭᠤᠯᠤᠨ᠎ᠠ᠃ ᠡᠷᠡᠭᠦᠯ ᠡᠩᠬᠡ ᠦᠦᠰᠢᠨ ᠤ ᠪᠠᠶᠢᠭᠤᠯᠤᠯᠲᠠ ᠶᠢ ᠴᠢᠩᠭᠠᠳᠬᠠᠵᠤ ᠭᠠᠴᠠᠭ᠎ᠠ ᠲᠣᠰᠬᠤᠨ ᠤ ᠵᠢᠷᠤᠮᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ | 5 ᠰᠢᠨ᠎ᠡ ᠪᠠᠷ ᠥᠷᠭᠡᠳᠬᠡᠨ ᠥᠭᠡᠷᠡᠴᠢᠯᠡᠵᠤ ᠰᠦᠯᠵᠢᠶᠡᠨ ᠳᠡᠭᠡᠷᠡᠬᠢ ᠡᠮᠨᠡᠯᠬᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ᠃ ︽ᠨᠠᠷᠠᠲᠤ | ᠡᠮᠨᠡᠯᠭᠡ ᠶᠢᠨ ᠬᠤᠷᠢᠶ᠎ᠠ ᠡᠷᠭᠢᠯᠡᠬᠦ᠂ ᠨᠠᠷᠠᠲᠤ ᠡᠮᠨᠡᠯᠭᠡ ᠶᠢᠨ ᠰᠠᠯᠠᠭ᠎ᠠ ᠪᠠᠶᠢᠭᠤᠯᠬᠤ᠂ ᠨᠠᠷᠠᠲᠤ ᠡᠮᠴᠢ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠠᠯᠠᠪᠠᠢ ᠶᠢ ᠪᠦᠲᠦᠬᠡᠨ ᠪᠠᠶᠢᠭᠤᠯᠵᠤ ᠤᠯᠠᠭᠠᠨᠮᠥ᠋ᠴᠢᠷ ᠤᠨ | ᠤᠷᠠᠨ ᠰᠠᠶᠢᠬᠠᠨ ᠤ ᠦᠵᠡᠬᠦᠯᠬᠡ ᠶᠢᠨ ᠲᠢᠩᠬᠢᠮ᠂ ᠨᠣᠮ ᠤᠨ ᠰᠠᠩ᠂ ᠮᠦᠽᠧᠢ ᠶᠢ ᠠᠰᠢᠭᠯᠠᠯᠲᠠ ᠳᠤ ᠣᠷᠣᠭᠤᠯᠵᠤ ᠨᠢᠭᠡ ᠪᠦᠯᠦᠭ ᠣᠷᠣᠨ ᠪᠦᠰᠡ ᠶᠢᠨ | ᠣᠨᠴᠠᠯᠢᠭ ᠲᠠᠢ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠨ ᠨᠡᠶᠢᠲᠡᠯᠡᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ | ᠡᠭᠦᠳᠦᠨ ᠬᠡᠷᠡᠭᠵᠢᠬᠦᠯᠵᠦ ᠤᠯᠠᠨ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠳᠠᠰᠤᠷᠠᠯᠳᠠ ᠦᠭᠡᠢ ᠬᠠᠩᠭᠠᠨ᠎ᠠ᠃ | ᠦᠨᠳᠦᠰᠦᠲᠡᠨ ᠤ ᠪᠦᠯᠬᠦᠮᠳᠡᠯ ᠢ ᠨᠡᠩ ᠪᠠᠬᠢᠵᠢᠬᠦᠯᠬᠦ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠡᠨᠡ ᠬᠦ ᠭᠤᠣᠯ ᠰᠢᠵᠢᠮ ᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠤᠬᠠᠮᠰᠠᠷ ᠠᠴᠠ ᠪᠠᠨ ᠪᠦᠬᠦ ᠲᠠᠯ᠎ᠠ ᠪᠠᠷ | ᠲᠤᠭᠤᠰᠢᠯᠠᠭᠤᠯᠬᠤ ᠶᠢ ᠡᠷᠡᠰ ᠪᠠᠷᠢᠮᠲᠠᠯᠠᠨ᠎ᠠ᠃ ︽ᠨᠠᠮ ᠳᠠᠭᠠᠨ ᠲᠠᠯᠠᠷᠬᠠᠵᠦ᠂ ᠨᠠᠮ ᠢᠶᠠᠨ ᠬᠦᠷᠢᠶᠡᠯᠡᠵᠦ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ︽ᠵᠢᠷᠭᠤᠭᠠᠨ ᠪᠠᠳᠠᠭ ᠦᠬᠡ︾ ᠶᠢᠨ ᠪᠣᠳᠠᠲᠤ ᠶᠠᠪᠤᠳᠠᠯ ᠪᠠ ᠶᠣᠰᠣ ᠵᠦᠢ ᠶᠢ ᠠᠮᠢᠳᠤᠯᠢᠭ | ᠪᠤᠳᠠᠳᠠᠢ ᠰᠠᠶᠢᠲᠤᠷ ᠶᠠᠷᠢᠵᠤ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽10+6+N︾ ᠠᠵᠢᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠤᠨ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠢ | ᠬᠡᠷᠡᠭᠵᠢᠭᠦᠯᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠦᠰᠢᠨ ᠤ ᠦᠯᠢᠭᠡᠷ ᠢ ᠪᠦᠬᠦ ᠲᠠᠯ᠎ᠠ ᠪᠠᠷ ᠰᠠᠶᠢᠲᠤᠷ ᠶᠠᠷᠢᠵᠤ | ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ | ᠨᠡᠶᠢᠬᠡᠮ ᠤᠨ ᠵᠠᠰᠠᠯᠲᠠ ᠶᠢ ᠨᠡᠩ ᠪᠦᠲᠦᠮᠵᠢᠲᠠᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠷᠡᠰ ᠪᠠᠲᠤᠳᠬᠠᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠬᠦ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠨ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠭᠡᠮ ᠰᠣᠭᠤᠭ ᠤᠨ ᠪᠠᠶᠢᠴᠠᠭᠠᠨ ᠴᠡᠭᠴᠡᠯᠡᠯᠲᠡ ᠶᠢ | ᠭᠦᠨᠵᠡᠭᠡᠶᠢᠷᠡᠭᠦᠯᠵᠦ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ | ᠵᠢᠯᠤᠭᠤᠳᠬᠤ ᠲᠥᠪ ᠢ ᠡᠬᠢᠯᠡᠨ ᠪᠠᠶᠢᠭᠤᠯᠵᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠠᠪᠤᠷᠠᠨ ᠲᠤᠰᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠢᠳᠡᠭᠡᠨ | ᠣᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ ᠢᠳᠡᠭᠡᠨ ᠤᠮᠳᠠᠭᠠᠨ ᠤ ᠠᠮᠤᠷ | ᠳᠦᠪᠰᠢᠨ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠶᠢ ᠴᠢᠩᠭᠠᠳᠬᠠᠵᠤ ︽ᠢᠳᠡᠭᠡᠨ ᠣᠮᠳᠠᠭᠠᠨ ᠤ ᠨᠠᠷᠠᠨ ᠬᠡᠷᠡᠯᠲᠤ︾ ᠠᠵᠢᠯᠯᠠᠭ᠎ᠠ ᠶᠢ ᠬᠡᠷᠡᠭᠵᠢᠭᠦᠯᠦᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠣᠮᠳᠠᠭᠠᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠤᠶᠤᠴᠢᠯᠠᠨ | ᠮᠡᠳᠡᠭᠦᠯᠤᠨ᠎ᠡ᠃ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠪᠠ | ᠲᠦᠷᠦᠯ ᠵᠦᠢᠯ ᠢ ᠲᠣᠭᠲᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ | ᠵᠢᠵᠢᠭ ᠠᠵᠤ ᠠᠬᠤᠶᠢᠯᠠᠯ ᠤᠨ ᠵᠥᠷᠢᠴᠡᠯᠳᠦᠬᠡᠨ ᠦᠭᠡᠢ ᠥᠷᠢᠲᠦᠭᠰᠡᠨ ᠵᠣᠭᠤᠰ ᠢ ︽ᠬᠥᠳᠡᠯᠦᠩᠭᠦᠢ ᠪᠠᠷ ᠦᠬᠡᠶᠢᠰᠬᠡᠬᠦ︾ ᠶᠢ ᠪᠠᠲᠤᠯᠠᠨ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠴᠦ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠪᠤᠳᠠᠳᠠᠢ ᠠᠵᠢᠯᠯᠠᠭᠤᠯᠬᠤ ᠶᠢ ᠴᠢᠩᠭᠠᠳᠬᠠᠵᠤ ︽ᠵᠦᠷᠢᠴᠡᠯ | ᠵᠢᠭᠤᠷᠠᠯᠳᠤᠭᠠᠨ ᠢ ᠮᠡᠳᠡᠭᠰᠡᠨ ᠳᠠᠷᠤᠢ ᠳᠤᠨᠢ ᠡᠶᠡᠳᠡᠬᠦᠯᠬᠦ᠂ ᠲᠦᠷᠦᠯ ᠬᠤᠪᠢᠶᠠᠨ ᠡᠶᠡᠳᠡᠬᠦᠯᠬᠦ᠂ ᠬᠠᠮᠳᠤᠷᠠᠨ ᠬᠠᠮᠢᠶᠠᠷᠴᠤ ᠡᠶᠡᠳᠡᠬᠦᠯᠬᠦ︾ ᠶᠢ ᠦᠷᠭᠦᠯᠵᠢᠯᠡᠨ | ᠭᠦᠨᠵᠡᠭᠡᠶᠢᠷᠡᠭᠦᠯᠵᠦ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ | ᠬᠠᠤᠯᠢ ᠪᠤᠰᠤ ᠵᠠᠬᠢᠳᠠᠯ ᠰᠤᠷᠪᠤᠯᠵᠢᠯᠠᠯ ᠬᠢᠬᠦ᠂ ᠦᠢᠮᠡᠭᠡᠨ ᠵᠢᠭᠤᠷᠠᠯᠳᠤᠭᠠᠨ ᠲᠠᠢ ᠵᠠᠬᠢᠳᠠᠯ ᠰᠤᠷᠪᠤᠯᠵᠢᠯᠠᠯ ᠬᠢᠬᠦ ᠦᠢᠯᠡ ᠠᠵᠢᠯᠯᠠᠭᠠᠨ ᠳᠤ ᠬᠠᠤᠯᠢ ᠶᠤᠰᠤᠭᠠᠷ | ᠴᠤᠬᠢᠯᠲᠠ ᠦᠭᠬᠦᠨ᠎ᠡ᠃ ︽ᠤᠯᠠᠨ ᠲᠦᠮᠡᠨᠴᠢ ᠠᠮᠤᠷ ᠢ ᠬᠠᠮᠠᠭᠠᠯᠠᠬᠤ ᠢᠨᠵᠧᠨᠧᠷᠢᠩ︾ ᠢ ᠭᠦᠨᠵᠡᠭᠡᠢ ᠠᠬᠢᠭᠤᠯᠵᠤ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠦᠦᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ | ᠲᠥᠯᠥᠭᠡᠯᠡᠭᠴᠢᠳ ᠠ᠋︕ ᠠᠷᠠᠳ ᠤᠨ ᠬᠦᠰᠡᠯ ᠡᠷᠡᠮᠡᠯᠵᠡᠯ ᠪᠣᠯ ᠵᠠᠰᠠᠭ ᠶᠠᠪᠤᠭᠤᠯᠬᠤ ᠬᠠᠨᠳᠤᠰᠢ ᠮᠥᠨ᠃ ᠡᠨᠡ ᠵᠢᠯ ᠬᠤᠰᠢᠭᠤ᠂ ᠰᠤᠮᠤ ᠪᠠᠯᠭᠠᠰᠤ | ᠬᠤᠶᠠᠷ ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠢ ᠨᠡᠶᠢᠲᠡᠯᠡᠵᠦ | ᠳᠠᠷᠤᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ ᠦᠨᠡᠨ ᠪᠣᠳᠠᠲᠠᠢ ᠶᠠᠪᠤᠳᠠᠯ ᠢ ᠦᠨᠡᠨ ᠪᠣᠳᠠᠲᠠᠢ ᠬᠢᠵᠦ ᠰᠠᠶᠢᠨ ᠶᠠᠪᠤᠳᠠᠯ ᠢ ᠰᠠᠶᠢᠲᠤᠷ ᠬᠢᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠵᠠᠰᠠᠭ ᠤᠨ ᠣᠷᠳᠣᠨ ᠤ ᠡᠮᠦᠨ᠎ᠡ ︽ᠠᠷᠠᠳ ᠲᠦᠮᠡᠨ︾ ᠭᠡᠳᠡᠭ ᠬᠤᠶᠠᠷ ᠦᠬᠡ ᠪᠠᠶᠢᠬᠤ ᠶᠢ ᠢᠮᠠᠭᠳᠠ ᠴᠡᠬᠡᠵᠢᠯᠡᠨ ᠵᠦᠪ ᠤᠨᠤᠪᠴᠢᠲᠠᠢ ᠵᠠᠰᠠᠭ ᠤᠨ | ᠤᠷᠳᠤᠨ ᠤ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠨ ᠦᠢᠯᠡᠳᠦᠯᠭᠡᠵᠢᠬᠦᠯᠵᠤ ᠵᠠᠰᠠᠭ ᠤᠨ ᠤᠷᠳᠤᠨ ᠤ ᠵᠠᠰᠠᠯᠲᠠ ᠶᠢᠨ ᠴᠢᠳᠠᠪᠤᠷᠢ | ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠳᠤᠰᠢᠶᠠᠬᠤ ᠪᠠᠷ | ᠴᠢᠷᠮᠠᠶᠢᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠬᠦᠨ ᠪᠠᠶᠢᠷᠢᠨ ᠳᠤ ᠲᠠᠯᠪᠢᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠤᠭᠳᠠᠯ ᠢ ᠬᠦᠨᠵᠡᠭᠡᠢ ᠤᠶᠢᠯᠠᠭᠠᠨ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠵᠤ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠶᠢᠯᠠᠭᠠᠬᠤ ᠴᠢᠳᠠᠪᠤᠷᠢ᠂ ᠬᠡᠷᠡᠭᠵᠢᠬᠦᠯᠬᠦ ᠴᠢᠳᠠᠪᠤᠷᠢ ᠶᠢ ᠳᠠᠰᠤᠷᠠᠯᠲᠠ ᠦᠬᠡᠢ | ᠳᠡᠭᠡᠭᠰᠢᠯᠡᠬᠦᠯᠤᠨ᠎ᠡ᠃ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠤᠨ ᠬᠤᠶᠠᠷ ᠶᠡᠭᠡ ᠶᠠᠪᠤᠳᠠᠯ ᠢ | ᠴᠢᠩᠭ᠎ᠠ ᠠᠳᠬᠤᠨ ᠰᠠᠶᠢᠲᠤᠷ ᠬᠢᠵᠤ ᠦᠪᠡᠷᠳᠡᠭᠡᠨ ᠵᠠᠰᠠᠬᠤ ᠤᠷᠤᠨ ᠤ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠦᠪᠯᠡᠷᠡᠬᠦᠯᠦᠨ ᠲᠡᠷᠡ | ᠶᠤᠰᠤᠭᠠᠷ ᠨᠢ᠂ ᠪᠤᠰᠢᠭᠤ ᠱᠠᠯᠠᠮᠠᠭᠠᠢ ᠪᠠᠷ᠂ ᠦᠨᠡᠨ ᠠᠴᠠ ᠵᠦᠪ ᠢ ᠡᠷᠢᠨ᠂ ᠵᠤᠷᠢᠭᠲᠠᠢ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠶᠠᠪᠤᠳᠠᠯ | ᠪᠦᠬᠦᠨ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠦᠨᠵᠡᠭᠡᠶᠢᠷᠡᠬᠦᠯᠦᠨ ᠠᠬᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠡᠷᠡᠰ ᠨᠠᠶᠢᠳᠠᠪᠤᠷᠢᠵᠢᠭᠤᠯᠵᠤ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ | ᠬᠡᠷᠡᠭᠵᠢᠭᠦᠯᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠠᠶᠢᠴᠠᠭᠠᠨ ᠰᠤᠳᠤᠯᠵᠤ ᠨᠤᠲᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ | ᠵᠦᠢᠯ ᠤᠨ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠴᠢᠩᠭ᠎ᠠ | ᠵᠢᠷᠤᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠴᠢᠩᠭᠠᠳᠬᠠᠵᠤ ᠵᠠᠰᠠᠭ ᠵᠠᠬᠢᠷᠭᠠᠨ ᠤ ᠠᠵᠢᠯᠯᠠᠭ᠎ᠠ ᠪᠦᠬᠦᠨ ᠢ ᠢᠯᠡ ᠲᠤᠲᠤ ᠪᠤᠯᠭᠠᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠤᠳᠠᠳᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠎ᠠ᠃ ᠰᠡᠳᠬᠢᠯ ᠰᠠᠨᠠᠭ᠎ᠠ ᠪᠠᠨ ᠠᠵᠢᠯ | ᠦᠢᠯᠡᠰ ᠤᠨ ᠬᠥᠭᠵᠢᠯᠲᠡ ᠳᠡᠭᠡᠷ᠎ᠡ ᠲᠠᠯᠪᠢᠨ ᠤᠶᠤᠨ ᠴᠢᠳᠠᠯ ᠢᠶᠠᠨ ᠠᠵᠢᠯ ᠢ ᠠᠬᠢᠭᠤᠯᠬᠤ ᠳᠡᠭᠡᠷ᠎ᠡ ᠲᠠᠯᠪᠢᠬᠤ ᠶᠢ ᠪᠠᠷᠢᠮᠲᠠᠯᠠᠵᠤ ᠦᠦᠰᠢᠨ ᠤ ᠠᠯᠤᠰ ᠬᠡᠳᠤ ᠶᠢᠨ | ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠠᠵᠢᠯ ᠢ ᠴᠢᠩᠭ᠎ᠠ ᠠᠳᠬᠤᠵᠤ ᠬᠦᠴᠢᠷ ᠢ | ᠲᠤᠭᠤᠯᠤᠨ ᠬᠠᠷᠢᠭᠤᠴᠠᠯᠭ᠎ᠠ ᠡᠭᠦᠷᠭᠡᠯᠡᠵᠤ ᠬᠤᠪᠢ ᠨᠡᠮᠡᠷᠢ ᠦᠵᠡᠭᠦᠯᠤᠨ ᠦᠨᠡᠨ ᠠᠴᠠ ᠡᠬᠦᠰᠴᠤ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ | ᠠᠯᠢᠪᠠ ᠡᠬᠢ ᠪᠠᠶᠠᠯᠢᠭ ᠢ ᠨᠢᠭᠡᠳᠬᠡᠵᠤ ᠠᠯᠢᠪᠠ ᠬᠦᠴᠦᠨ ᠢ ᠲᠠᠶᠢᠴᠢᠯᠠᠨ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ ︽ᠰᠢᠨ᠎ᠡ ᠤᠳᠤᠷᠢᠳᠤᠯᠭ᠎ᠠ ᠦᠯᠡᠳᠡᠭᠳᠡᠯ ᠠᠰᠠᠭᠤᠳᠠᠯ ᠤᠳ ᠢ ᠰᠢᠢᠳᠪᠦᠷᠢᠯᠡᠬᠦ︾ ᠶᠢ | ᠪᠠᠷᠢᠮᠲᠠᠯᠠᠨ ᠦᠩᠭᠡᠷᠡᠭᠰᠡᠨ ᠤ ᠦᠯᠡᠳᠡᠭᠳᠡᠯ ᠠᠰᠠᠭᠤᠳᠠᠯ ᠤᠳ ᠢ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠰᠢᠢᠳᠪᠦᠷᠢᠯᠡᠵᠤ ᠦᠨᠡᠨ ᠰᠡᠳᠬᠢᠯ ᠢᠶᠠᠷ ᠢᠶᠠᠨ | ᠠᠵᠢᠯᠯᠠᠵᠤ ᠠᠷᠢᠭᠤᠨ ᠬᠦᠯᠦᠰᠦ ᠪᠠᠷ ᠢᠶᠠᠨ ᠠᠰᠠᠭᠤᠳᠠᠯ ᠢ ᠰᠢᠢᠳᠪᠦᠷᠢᠯᠡᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠬᠦᠭᠵᠢᠯᠲᠡ ᠶᠢ ᠠᠬᠢᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠳ᠋ᠨ ᠲᠤᠭᠤᠰᠢᠯᠠᠭᠤᠯᠤᠨ᠎ᠠ᠃ ᠢᠮᠠᠭᠲᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠰᠡᠷᠭᠡᠭ ᠢᠶᠠᠷ | ᠲᠠᠨᠢᠬᠤ ᠶᠢ ᠪᠠᠲᠤᠯᠠᠨ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠬᠦᠨᠵᠡᠭᠡᠶᠢᠷᠡᠬᠦᠯᠵᠤ | ᠭᠤᠤᠯᠳᠠᠯᠭᠠᠲᠤ ᠴᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠦᠷᠢᠮ ᠤᠨ ᠬᠡᠷᠡᠭᠵᠢᠬᠦᠯᠦᠯᠲᠡ ᠶᠢ ᠦᠨᠡᠨᠬᠦ ᠯᠠᠪᠳᠠᠭᠤᠨ ᠪᠠᠳᠤᠲᠠᠢ ᠴᠢᠩᠭ᠎ᠠ | ᠠᠳᠬᠤᠨ᠎ᠠ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠣᠨ ᠠᠷᠪᠢᠴᠢ ᠭᠠᠮᠲᠠᠢ ᠠᠮᠢᠳᠤᠷᠠᠬᠤ | ᠳᠠᠳᠬᠠᠯ ᠢ ᠪᠤᠢ ᠪᠤᠯᠭᠠᠵᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠬᠠᠮᠢᠶᠠᠷᠤᠯᠲᠠ ᠶᠢ ᠴᠢᠩᠭᠠᠳᠬᠠᠨ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ | ᠡᠵᠡᠮᠳᠡᠵᠦ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ ︽ᠰᠢᠨ᠎ᠡ ᠲᠦᠷᠢ ᠲᠦᠷᠬᠦ | ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ ᠡᠬᠢ ᠪᠠᠶᠠᠯᠢᠭ ᠪᠠ ᠡᠳ᠋ ᠤᠨ ᠬᠦᠴᠦᠨ ᠢᠶᠠᠨ ᠬᠦᠭᠵᠢᠯᠲᠡ ᠶᠢ ᠠᠬᠢᠭᠤᠯᠬᠤ ᠪᠤᠯᠤᠨ ᠠᠷᠠᠳ ᠤᠨ | ᠠᠮᠢᠳᠤᠷᠠᠯ ᠢ ᠳᠡᠭᠡᠭᠰᠢᠯᠡᠬᠦᠯᠬᠦ ᠳᠤ ᠨᠡᠩ ᠢᠯᠡᠬᠦᠦ ᠬᠡᠷᠡᠭᠯᠡᠨ᠎ᠡ᠃ | ᠲᠥᠯᠥᠭᠡᠯᠡᠭᠴᠢᠳ ᠠ᠋︕ ᠴᠢᠨᠠᠷ ᠰᠠᠶᠢᠲᠠᠢ ᠬᠦᠭᠵᠢᠯᠲᠡ ᠶᠢᠨ ᠬᠦᠨᠳᠤ ᠡᠬᠦᠷᠭᠡ ᠪᠢᠳᠠᠨ ᠤ ᠮᠦᠷᠦᠨ ᠳᠡᠭᠡᠷ᠎ᠡ ᠲᠠᠯᠪᠢᠭᠳᠠᠵᠤ ᠪᠠᠶᠢᠨ᠎ᠠ᠂ ᠵᠦᠪᠬᠡᠨ | ᠴᠦᠬᠦᠷᠡᠰᠢ ᠦᠬᠡᠢ ᠴᠢᠷᠮᠠᠶᠢᠨ ᠲᠡᠮᠡᠴᠡᠪᠡᠯ ᠰᠠᠶ᠋ᠢ ᠬᠦᠰᠡᠯ ᠨᠠᠶᠢᠳᠠᠯᠭ᠎ᠠ ᠶᠢ ᠬᠦᠰᠡᠷᠳᠡᠬᠦᠯᠦᠯ ᠦᠬᠡᠢ ᠪᠡᠶᠡᠯᠡᠬᠦᠯᠵᠤ ᠴᠢᠳᠠᠨ᠎ᠠ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠡᠷᠡᠯᠬᠡᠭᠯᠡᠨ ᠲᠡᠮᠡᠴᠡᠵᠦ᠂ ᠵᠤᠷᠢᠬᠲᠠᠢ ᠪᠠᠷ ᠤᠷᠤᠭᠰᠢᠯᠠᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ | ︕ | | | | | ᠨᠡᠷᠡᠰ ᠤᠨ ᠲᠠᠶᠢᠯᠪᠤᠷᠢ | | | ︽ᠭᠤᠷᠪᠠ ᠳᠥᠷᠪᠡ ᠳᠥᠷᠪᠡ︾ ᠶᠢᠨ ᠬᠦᠭᠵᠢᠯᠲᠡ ᠶᠢᠨ ᠡᠭᠦᠷᠭᠡ᠄ ᠮᠠᠨ ᠤ ᠬᠤᠰᠢᠭᠤᠨ ᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠴᠡᠪᠡᠷ ᠡᠨᠧᠷᠭᠢ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠡᠨᠧᠷᠭᠢ ᠶᠢ ᠡᠪᠴᠡᠯᠳᠦᠬᠦᠯᠦᠨ ᠬᠥᠭᠵᠢᠬᠦᠯᠬᠦ | ᠵᠢᠱᠢᠶ᠎ᠡ ᠦᠵᠡᠭᠦᠯᠬᠦ ︽ᠭᠤᠷᠪᠠᠨ ᠶᠡᠭᠡ ᠤᠯᠤᠰ ᠤᠨ ᠳᠡᠰ ᠤᠨ ᠠᠵᠤ ᠦᠢᠯᠡᠰ ᠤᠨ ᠭᠤᠣᠯᠳᠠᠯᠭᠠᠲᠤ ᠣᠷᠣᠨ︾ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ | ᠵᠠᠰᠠᠯᠲᠠ᠂ ᠠᠮᠢ ᠠᠬᠤᠢ ᠶᠢᠨ ᠮᠠᠯ ᠲᠠᠷᠢᠶᠠᠯᠠᠩ ᠠᠵᠤ ᠠᠬᠤᠢ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠨᠡᠶᠢᠭᠡᠮ ᠤᠨ ᠵᠠᠰᠠᠯᠲᠠ ᠵᠡᠷᠭᠡ ︽ᠪᠦᠬᠦ | ᠣᠷᠣᠨ ᠤ ᠳᠦᠷᠪᠡᠨ ᠵᠢᠱᠢᠶ᠎ᠡ ᠦᠵᠡᠭᠦᠯᠬᠦ ᠭᠠᠵᠠᠷ︾ ᠢ ᠪᠠᠶᠢᠭᠤᠯᠬᠤ᠂ ᠬᠠᠮᠲᠤᠪᠠᠷ ᠴᠢᠨᠡᠭᠡᠯᠢᠭᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠬᠠᠷᠢᠭᠤᠴᠠᠯᠭ᠎ᠠ ᠡᠬᠦᠷᠭᠡᠯᠡᠵᠤ ᠠᠮᠵᠢᠯᠲᠠ ᠪᠦᠲᠦᠮᠵᠢ ᠭᠠᠷᠭᠠᠬᠤ ︽ᠳᠦᠷᠪᠡᠨ ᠲᠠᠯ᠎ᠠ ᠶᠢᠨ ᠠᠵᠢᠯ ᠢ ᠪᠦᠬᠦ | ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠬᠤ︾ ᠶᠢ ᠴᠢᠷᠮᠠᠶᠢᠨ ᠪᠡᠶᠡᠯᠡᠬᠦᠯᠬᠦ ᠬᠥᠭᠵᠢᠯᠲᠡ ᠶᠢᠨ ᠡᠭᠦᠷᠭᠡ ᠶᠢ ᠵᠢᠭᠠᠵᠤ ᠪᠠᠶᠢᠨ᠎ᠠ᠃ | ︽ᠭᠤᠷᠪᠠᠨ ᠬᠦᠷᠢᠶᠡᠯᠡᠩ ᠭᠤᠷᠪᠠᠨ ᠰᠠᠭᠤᠷᠢᠨ ᠭᠠᠵᠠᠷ︾᠄ ᠮᠠᠨ ᠤ ᠬᠤᠰᠢᠭᠤᠨ ᠤ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠣᠯᠳᠠᠯᠭᠠᠲᠤ ᠤᠷᠤᠨ ᠢ ᠪᠦᠲᠦᠭᠡᠨ ᠪᠠᠶᠢᠭᠤᠯᠬᠤ ᠶᠢᠨ | ᠭᠤᠣᠯ ᠭᠠᠷᠳᠠᠴᠠ ᠮᠥᠨ᠂ ᠲᠤᠬᠠᠶᠢᠯᠠᠪᠠᠯ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ︵ᠵᠦᠩ ᠮᠧᠢ︶ ᠠᠵᠤ ᠦᠢᠯᠡᠰ ᠤᠨ ᠬᠦᠷᠢᠶᠡᠯᠡᠩ᠂ ᠰᠢᠨ᠎ᠡ | ᠮᠠᠲ᠋ᠧᠷᠢᠶᠠᠯ ︵ᠵᠠᠳᠠᠷᠠᠭᠤᠯᠵᠤ ᠪᠣᠯᠬᠤ ᠮᠠᠲ᠋ᠧᠷᠢᠶᠠᠯ︶ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠣᠷᠴᠢᠯ ᠠᠵᠤ | ᠠᠬᠤᠢ ︵CCUS᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ︶ ᠶᠢᠨ ᠠᠵᠤ ᠦᠢᠯᠡᠰ ᠤᠨ ᠬᠦᠷᠢᠶᠡᠯᠡᠩ᠂ ᠳᠡᠯᠡᠬᠡᠢ ᠶᠢᠨ | ᠬᠠᠮᠤᠭ ᠤᠨ ᠲᠣᠮᠣ ᠨᠡᠭᠦᠷᠡᠰᠦ ᠪᠠᠷ ᠰᠠᠭᠤᠷᠢ ᠪᠣᠯᠭᠠᠭᠰᠠᠨ ᠠᠯᠺᠧᠨ ᠤ ᠰᠠᠭᠤᠷᠢᠨ ᠭᠠᠵᠠᠷ᠂ ᠪᠥᠬᠦ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ᠂ ᠪᠥᠬᠦ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠬᠢᠭᠡᠳ ᠰᠢᠨ᠎ᠡ ᠡᠨᠧᠷᠭᠢ ᠶᠢ ᠡᠪᠴᠡᠯᠳᠦᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠵᠢᠭᠠᠵᠤ ᠪᠠᠶᠢᠨ᠎ᠠ᠃ | ︽ᠨᠠᠷᠠᠨ ᠡᠨᠧᠷᠬᠢ ᠶᠢ ᠰᠢᠩᠬᠡᠨ ᠲᠦᠯᠦᠪᠲᠦ ᠪᠠᠷ ᠬᠠᠳᠠᠭᠠᠯᠠᠬᠤ︾᠄ ᠨᠡᠷᠡᠨ ᠡᠨᠧᠷᠭᠢ ᠵᠡᠷᠭᠡ ᠲᠡᠬᠢᠠ ᠡᠭᠦᠰᠴᠦ ᠪᠣᠯᠬᠤ ᠡᠨᠧᠷᠭᠢ ᠶᠢ ᠠᠰᠢᠭᠯᠠᠨ | ᠴᠠᠬᠢᠯᠭᠠᠨ ᠡᠨᠧᠷᠭᠢ ᠭᠠᠷᠭᠠᠬᠤ᠂ ᠣᠰᠣ ᠶᠢ ᠴᠠᠬᠢᠯᠭᠠᠨ ᠢᠶᠠᠷ ᠵᠠᠳᠠᠯᠵᠤ ᠤᠰᠤᠲᠥ᠋ᠷᠥᠭᠴᠢ ᠦᠢᠯᠡᠳᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ | ᠤᠰᠤᠲᠥ᠋ᠷᠥᠭᠴᠢ ᠨᠡᠮᠡᠵᠦ ᠮᠧᠲ᠋ᠢᠯ ᠠᠯᠺᠣᠣᠯ ᠬᠢᠬᠦ ᠮᠡᠷᠭᠡᠵᠢᠯ ᠢᠶᠠᠷ ᠰᠢᠩᠭᠡᠨ ᠪᠡᠶᠡᠲᠦ ᠲᠦᠯᠡᠰᠢ ᠬᠢᠬᠦ ᠶᠢ ᠵᠢᠭᠠᠵᠤ ᠪᠠᠶᠢᠨ᠎ᠠ᠃ | ︽ᠨᠢᠭᠡ ᠪᠠᠯᠭᠠᠰᠤ ᠭᠤᠷᠪᠠᠨ ᠣᠷᠳᠣᠨ ᠣᠯᠠᠨ ᠴᠡᠭ︾᠄ ︽ᠨᠢᠭᠡ ᠪᠠᠯᠭᠠᠰᠤ︾ ᠭᠡᠳᠡᠭ ᠨᠢ ᠪᠠᠲᠤ ᠶᠢᠨ ᠳᠤᠬᠤᠢ ᠶᠢᠨ ᠬᠤᠪᠢᠰᠬᠠᠯ ᠤᠨ ᠰᠣᠶᠣᠯ ᠤᠨ | ᠵᠢᠵᠢᠭ ᠪᠠᠯᠭᠠᠰᠤ ᠶᠢ ᠵᠢᠭᠠᠵᠤ᠂ ︽ᠭᠤᠷᠪᠠᠨ ᠣᠷᠳᠣᠨ︾ ᠭᠡᠳᠡᠭ ᠨᠢ ᠦᠦᠰᠢᠨ ᠬᠤᠰᠢᠭᠤᠨ ᠤ ᠬᠤᠪᠢᠰᠬᠠᠯ ᠤᠨ ᠥᠯᠢᠭᠡᠷ ᠢ ᠲᠠᠶᠢᠯᠪᠤᠷᠢᠯᠠᠨ ᠰᠤᠳᠤᠯᠵᠤ | ᠰᠤᠷᠤᠯᠴᠠᠬᠤ ᠣᠷᠳᠣᠨ᠂ ᠪᠠᠲᠤ ᠶᠢᠨ ᠳᠤᠬᠤᠢ ᠶᠢᠨ ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤᠨ ᠤ ᠨᠠᠮ ᠤᠨ ᠲᠡᠦᠬᠡ ᠶᠢᠨ ᠬᠥᠮᠦᠵᠢᠯ ᠤᠨ ᠣᠷᠳᠣᠨ᠂ | ᠦᠦᠰᠢᠨ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠦᠵᠡᠰᠬᠦᠯᠡᠩ ᠢ ᠵᠢᠭᠠᠵᠤ᠂ ︽ᠤᠯᠠᠨ ᠴᠡᠭ︾ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠠᠯᠪᠠᠯᠠᠵᠤ ᠪᠠᠶᠢᠭᠰᠠᠨ ᠬᠠᠭᠤᠴᠢᠨ ᠪᠠᠭᠤᠷᠢ᠂ ᠪᠠᠲᠤ ᠶᠢᠨ ᠳᠤᠬᠤᠢ ᠶᠢᠨ ᠤᠰᠤᠨ ᠴᠠᠬᠢᠯᠭᠠᠨ ᠤ ᠦᠷᠳᠡᠭᠡ᠂ | ᠨᠠᠷᠢᠠᠭᠤᠤᠯ ᠤᠨ ᠨᠠᠮ ᠤᠨ ᠳᠤᠭᠤᠶᠢᠯᠠᠩ ᠤᠨ ᠭᠦ᠋ ᠵᠢᠶᠠ ᠸᠠᠨ ᠤ ᠬᠠᠭᠤᠴᠢᠨ ᠪᠠᠭᠤᠷᠢ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠶᠢ ᠵᠢᠭᠠᠵᠤ ᠪᠠᠶᠢᠨ᠎ᠠ᠃ | ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ᠄ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠪᠡᠯᠡ ᠣᠷᠣᠭᠤᠯᠤᠯᠲᠠ ᠦᠭᠡᠢ ᠶᠢ ᠦᠭᠡᠶᠢᠰᠬᠡᠬᠦ᠂ ᠰᠤᠳᠤᠯᠤᠨ ᠨᠡᠭᠡᠭᠡᠬᠦ ᠪᠠᠶᠢᠭᠤᠯᠤᠮᠵᠢ ᠦᠭᠡᠢ ᠶᠢ ᠦᠭᠡᠶᠢᠰᠬᠡᠬᠦ᠂ ᠡᠭᠦᠳᠦᠯᠲᠡ ᠶᠢᠨ ᠲᠤᠰᠬᠠᠢ ᠠᠰᠢᠭ | ᠦᠭᠡᠢ ᠶᠢ ᠦᠭᠡᠶᠢᠰᠬᠡᠬᠦ ᠵᠡᠷᠭᠡ ᠶᠢ ᠵᠢᠭᠠᠵᠤ ᠪᠠᠶᠢᠨ᠎ᠠ᠃ | ︽ᠲᠤᠰᠬᠠᠶ ᠨᠠᠷᠢᠯᠢᠭ ᠤᠨᠴᠠᠯᠢᠭᠲᠤ ᠰᠢᠨ᠎ᠡ︾ ᠲᠤᠮᠳᠠ ᠪᠠᠭ᠎ᠠ ᠠᠵᠤ ᠠᠬᠤᠶᠢᠯᠠᠯ᠄ ︽ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠬᠵᠢᠭᠰᠠᠨ᠂ | ᠰᠢᠨᠡᠵᠢᠭᠰᠡᠨ︾ ᠤᠨᠴᠠᠯᠢᠭ ᠲᠠᠢ ᠳᠤᠮᠳᠠ ᠪᠠᠭ᠎ᠠ ᠠᠵᠤ ᠠᠬᠤᠶᠢᠯᠠᠯ ᠢ ᠵᠢᠭᠠᠵᠤ ᠪᠠᠶᠢᠨ᠎ᠠ᠃ | ︽ᠬᠤᠶᠠᠷ ᠤᠭᠲᠤ ᠭᠤᠶᠢᠪᠢᠰᠢ ᠦᠭᠡᠢ︾᠄ ᠡᠨᠡ ᠨᠢ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠤᠭᠲᠤ ᠭᠤᠶᠢᠪᠢᠰᠢ ᠦᠭᠡᠢ ᠪᠠᠷ ᠪᠠᠬᠢᠵᠢᠭᠦᠯᠦᠨ | ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠤᠭᠲᠤ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠬᠦ ᠪᠠ | ᠬᠥᠲᠥᠯᠥᠨ ᠵᠢᠯᠤᠭᠤᠳᠬᠤ ᠶᠢ ᠵᠢᠭᠠᠵᠤ ᠪᠠᠶᠢᠨ᠎ᠠ᠃ | ︽ᠲᠦᠷᠪᠡᠨ ᠲᠦᠷᠦᠯ ᠤᠨ ᠭᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ᠂ ᠬᠢᠷᠢ ᠬᠡᠮ ᠤᠨ ᠵᠡᠷᠭᠡ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢ ᠪᠥᠭᠡᠮ ᠢᠶᠠᠷ | ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭᠯᠠᠬᠤ ᠪᠠᠭᠤᠳᠠᠯᠯᠠᠬᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ | ᠨᠡᠷᠡᠶᠢᠳᠦᠯ ᠢ ᠵᠢᠭᠠᠵᠤ ᠪᠠᠶᠢᠨ᠎ᠠ᠃ | ︽ᠬᠤᠶᠠᠷ ᠪᠤᠰᠤ︾ ︽ᠬᠤᠶᠠᠷ ᠭᠦᠷᠦᠩᠭᠡ︾᠄ ᠬᠤᠶᠠᠷ ᠪᠤᠰᠤ ᠭᠡᠳᠡᠭ ᠨᠢ ᠳᠠᠷᠤᠢ ᠭᠤᠣᠯ ᠠᠵᠢᠯ ᠪᠤᠰᠤ᠂ ᠳᠠᠪᠠᠭᠤᠯᠢᠭ ᠪᠤᠰᠤ ᠶᠢ ᠵᠢᠭᠠᠵᠤ ᠪᠠᠶᠢᠨ᠎ᠠ | ᠃ ᠬᠤᠶᠠᠷ ᠬᠥᠷᠥᠩᠭᠡ ᠭᠡᠳᠡᠭ ᠨᠢ ᠳᠠᠷᠤᠢ ᠦᠷ᠎ᠡ ᠠᠰᠢᠭ ᠢᠶᠠᠷ ᠳᠣᠣᠷ᠎ᠠ ᠬᠥᠷᠥᠩᠭᠡ᠂ ᠬᠦᠴᠦᠨ ᠦᠭᠡᠢ ᠬᠥᠷᠥᠩᠭᠡ ᠶᠢ ᠵᠢᠭᠠᠵᠤ ᠪᠠᠶᠢᠨ᠎ᠠ᠃ | ︽ᠤᠰᠤᠨ ᠤ ᠡᠷᠬᠡ ᠶᠢᠨ ᠠᠷᠠᠯᠵᠢᠶ᠎ᠠ︾᠄ ᠤᠰᠤ ᠬᠡᠷᠡᠭᠯᠡᠬᠦ ᠨᠢᠭᠡᠴᠢ ᠶᠢᠨ ᠬᠤᠭᠤᠷᠣᠨᠳᠤ ᠪᠠᠨ ᠤᠰᠤ ᠠᠪᠬᠤ ᠡᠷᠬᠡ ᠪᠠᠨ ᠰᠢᠯᠵᠢᠭᠦᠯᠦᠨ ᠥᠭᠬᠦ ᠪᠤᠶᠤ | ᠰᠢᠶᠠᠨ ᠤ ᠲᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠭᠤᠷᠣᠨᠳᠤ ᠪᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ | ᠲᠤᠭ᠎ᠠ ᠪᠠᠨ ᠰᠢᠯᠵᠢᠭᠦᠯᠦᠨ ᠥᠭᠬᠦ ᠦᠶᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | ︽ᠲᠦᠷᠪᠡᠨ ᠬᠦᠢᠴᠡᠳᠬᠡᠬᠦ︾᠄ ᠨᠢᠭᠡ ᠰᠦᠯᠵᠢᠶ᠎ᠡ ᠪᠠᠷ ᠬᠦᠢᠴᠡᠳᠬᠡᠬᠦ᠂ ᠭᠠᠷ ᠤᠳᠠᠰᠤᠨ ᠳᠡᠭᠡᠷ᠎ᠡ ᠬᠦᠢᠴᠡᠳᠬᠡᠬᠦ᠂ ᠨᠢᠭᠡ ᠯᠡ ᠤᠳᠠᠭ᠎ᠠ ᠳᠤ | ᠬᠦᠢᠴᠡᠳᠬᠡᠬᠦ᠂ ᠬᠠᠪᠰᠤᠷᠤᠨ ᠬᠦᠢᠴᠡᠳᠬᠡᠬᠦ ᠶᠢ ᠵᠢᠭᠠᠵᠤ ᠪᠠᠶᠢᠨ᠎ᠠ᠃ | ︽ᠲᠠᠪᠤᠨ 100 ᠲᠦᠮᠡᠨ ᠮᠦ︾᠄ ᠲᠠᠷᠤᠢ ᠵᠠᠭᠤᠨ ᠲᠦᠮᠡᠨ ᠮᠦ ᠨᠢᠴᠦᠭᠦᠨ ᠡᠯᠡᠰᠦ ᠶᠢ ᠵᠠᠰᠠᠬᠤ ᠰᠠᠭᠤᠷᠢᠨ ᠭᠠᠵᠠᠷ᠂ ᠵᠠᠭᠤᠨ ᠲᠦᠮᠡᠨ ᠮᠦ | ᠦᠬᠦᠰᠢᠷᠡᠭᠰᠡᠨ ᠣᠶ ᠶᠢ ᠰᠡᠷᠭᠦᠭᠡᠬᠦ ᠰᠠᠭᠤᠷᠢᠨ ᠭᠠᠵᠠᠷ᠂ ᠵᠠᠭᠤᠨ ᠲᠦᠮᠡᠨ ᠮᠦ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠰᠠᠭᠤᠷᠢᠨ ᠭᠠᠵᠠᠷ᠂ | ᠵᠠᠭᠤᠨ ᠲᠦᠮᠡᠨ ᠮᠦ ᠣᠶ ᠡᠯᠡᠰᠦᠨ ᠤ ᠠᠵᠤ ᠦᠢᠯᠡᠰ ᠪᠠ ᠪᠣᠳᠠ ᠮᠣᠳᠣ ᠶᠢ ᠡᠳ᠋ᠰᠢᠭᠦᠯᠦᠨ ᠠᠰᠢᠭᠯᠠᠬᠤ ᠠᠵᠤ ᠦᠢᠯᠡᠰ ᠤᠨ ᠰᠠᠭᠤᠷᠢᠨ ᠭᠠᠵᠠᠷ᠂ ᠵᠠᠭᠤᠨ | ᠲᠦᠮᠡᠨ ᠮᠦ ᠠᠮᠢ ᠠᠬᠤᠢ ᠶᠢᠨ ᠬᠤᠷᠢᠭ᠎ᠠ ᠱᠤᠭᠤᠮ ᠢ ᠪᠠᠬᠢᠵᠢᠭᠦᠯᠦᠨ ᠳᠡᠭᠡᠭᠰᠢᠯᠡᠭᠦᠯᠬᠦ ᠰᠠᠭᠤᠷᠢᠨ ᠭᠠᠵᠠᠷ ᠢ ᠵᠢᠭᠠᠵᠤ ᠪᠠᠶᠢᠨ᠎ᠠ᠃ | ᠠᠵᠢᠯ ᠢᠶᠠᠷ ᠲᠡᠳᠬᠦᠮᠵᠢ ᠶᠢ ᠣᠷᠣᠯᠠᠭᠤᠯᠬᠤ᠄ ᠡᠨᠡ ᠨᠢ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ | ᠢ ᠪᠦᠲᠦᠭᠡᠨ ᠪᠠᠶᠢᠭᠤᠯᠵᠤ᠂ ᠲᠡᠳᠬᠦᠮᠵᠢ ᠬᠦᠷᠳᠡᠭᠰᠡᠳ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠬᠦᠷᠲᠡᠬᠦ ᠪᠠᠷ | ᠳᠠᠮᠵᠢᠨ ᠰᠢᠭᠤᠳ ᠲᠡᠳᠬᠦᠮᠵᠢ ᠶᠢ ᠣᠷᠣᠯᠠᠭᠤᠯᠬᠤ ᠨᠢᠭᠡ ᠵᠦᠢᠯ ᠤᠨ ᠲᠡᠳᠭᠦᠮᠵᠢ ᠶᠢᠨ ᠲᠦᠷᠦ ᠶᠢᠨ ᠪᠣᠳᠣᠯᠭ᠎ᠠ ᠶᠢ ᠵᠢᠭᠠᠵᠤ ᠪᠤᠢ᠃ | ︽ᠣᠷᠣᠨ ᠪᠦᠰᠡ ᠠᠯᠣᠰᠯᠠᠭᠰᠠᠨ ᠠᠵᠤ ᠠᠬᠤᠢ︾᠄ ᠬᠤᠶᠠᠷ ᠵᠠᠰᠠᠭ ᠵᠠᠬᠢᠷᠭᠠᠨ ᠤ ᠣᠷᠣᠨ ᠨᠢ ᠪᠠᠶᠢᠭᠤᠯᠤᠯ ᠲᠣᠭᠳᠠᠯᠴᠠᠭ᠎ᠠ ᠶᠢᠨ ᠬᠢᠵᠠᠭᠠᠷᠯᠠᠯ ᠢ | ᠡᠪᠳᠡᠵᠦ ᠣᠷᠣᠨ ᠪᠦᠰᠡ ᠠᠯᠤᠰᠯᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢ ᠬᠡᠷᠡᠭᠯᠡᠵᠤ ᠡᠴᠦᠰ ᠲᠡᠭᠡᠨ | ᠬᠤᠶᠠᠷ ᠭᠠᠵᠠᠷ ᠤᠨ ᠡᠬᠢ ᠪᠠᠶᠠᠯᠢᠭ ᠤᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ | ᠬᠠᠮᠲᠤᠷᠠᠯᠴᠠᠭᠠᠨ ᠤ ᠬᠥᠭᠵᠢᠯᠲᠡ ᠶᠢᠨ ᠵᠠᠭᠪᠤᠷ ᠢ ᠵᠢᠭᠠᠵᠤ ᠪᠠᠶᠢᠨ᠎ᠠ᠃ | ︽ᠠᠷᠪᠠᠨ ᠬᠤᠰᠢᠭᠤ ᠰᠢᠶᠠᠨ ᠵᠠᠭᠤᠨ ᠰᠤᠮᠤ ᠰᠢᠶᠠᠩ ᠪᠠᠯᠭᠠᠰᠤ ᠮᠢᠩᠭᠠᠨ ᠭᠠᠴᠠᠭ᠎ᠠ ᠲᠣᠰᠬᠤᠨ︾᠄ ︽︿ᠮᠢᠩᠭᠠᠨ ᠭᠠᠴᠠᠭ᠎ᠠ ᠲᠤᠰᠬᠤᠨ ᠢᠶᠠᠷ ᠵᠢᠱᠢᠶ᠎ᠡ | ᠦᠵᠡᠬᠦᠯᠬᠦ ᠲᠦᠮᠡᠨ ᠭᠠᠴᠠᠭ᠎ᠠ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠣᠷᠣᠰᠢᠨ ᠰᠠᠭᠤᠷᠢᠰᠢᠬᠤ ᠳᠤ | ᠲᠠᠭᠠᠯᠠᠮᠵᠢᠲᠠᠢ ᠠᠵᠢᠯ ᠦᠢᠯᠡᠰ ᠡᠷᠬᠢᠯᠡᠬᠦ ᠳᠤ ᠲᠤᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠨᠢ᠂ 2027 ᠣᠨ ᠪᠣᠯᠬᠤ ᠳᠤ ᠵᠢᠱᠢᠶ᠎ᠡ ᠦᠵᠡᠭᠦᠯᠬᠦ ᠬᠤᠰᠢᠭᠤ | ᠰᠢᠶᠠᠨ ᠢ 10 ᠣᠷᠴᠢᠮ᠂ ᠵᠢᠱᠢᠶ᠎ᠡ ᠦᠵᠡᠭᠦᠯᠬᠦ ᠰᠤᠮᠤ ᠰᠢᠶᠠᠩ ᠪᠠᠯᠭᠠᠰᠤ ᠶᠢ 100 ᠣᠷᠴᠢᠮ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 1000 | ᠣᠷᠴᠢᠮ ᠪᠦᠲᠦᠭᠡᠨ ᠪᠠᠶᠢᠭᠤᠯᠤᠨ᠎ᠠ᠃ | ︽ᠲᠠᠪᠤᠨ ᠲᠠᠯ᠎ᠠ ᠠᠴᠠ ᠬᠤᠯᠪᠤᠭᠠᠯᠠᠨ ᠬᠦᠳᠡᠯᠦᠯᠴᠡᠬᠦ︾᠄ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠵᠤ᠂ ᠨᠡᠶᠢᠭᠡᠮ ᠤᠨ ᠠᠵᠢᠯᠲᠠᠨ ᠢᠶᠠᠷ | ᠲᠤᠯᠭᠠᠭᠤᠷᠢᠯᠠᠯ ᠪᠣᠯᠭᠠᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠨᠡᠶᠢᠭᠡᠮ ᠲᠣᠭᠤᠷᠢᠭ ᠤᠨ ᠰᠠᠶᠢᠨ | ᠲᠤᠷᠠᠴᠤᠳ ᠢᠶᠠᠷ ᠬᠠᠪᠰᠤᠷᠤᠮᠵᠢ ᠪᠣᠯᠭᠠᠨ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠡᠬᠢ ᠪᠠᠶᠠᠯᠢᠭ ᠢᠶᠠᠷ ᠨᠥᠬᠦᠪᠦᠷᠢ | ᠪᠣᠯᠭᠠᠭᠰᠠᠨ ᠰᠢᠨ᠎ᠡ ᠮᠠᠶ᠋ᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠭᠳᠠᠯᠴᠠᠭ᠎ᠠ ᠶᠢ ᠵᠢᠭᠠᠵᠤ ᠪᠠᠶᠢᠨ᠎ᠠ᠃ | ︽ᠵᠢᠷᠭᠤᠭᠠᠨ ᠪᠠᠳᠠᠭ ᠦᠭᠡ︾ ᠶᠢᠨ ᠪᠣᠳᠠᠲᠤ ᠶᠠᠪᠤᠳᠠᠯ ᠪᠠ ᠶᠣᠰᠣ ᠵᠦᠢ᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠮᠦᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ | ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ | ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠬᠦᠦ ᠪᠤᠷᠤᠭᠤ ᠶᠢ ᠪᠤᠯ ᠴᠥᠮ ᠨᠠᠮ ᠤᠨ ᠲᠥᠪ ᠬᠤᠷᠢᠶ᠎ᠠ ᠠᠴᠠ ᠵᠢᠯᠤᠭᠤᠳᠴᠤ ᠬᠠᠪᠰᠤᠷᠤᠨ | ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠤᠯ ᠰᠢ ᠶᠢᠨ ᠫᠢᠩ ᠶᠡᠷᠦᠩᠬᠡᠢ ᠱᠦᠵᠢ ᠶᠢᠨ | ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠨᠢ | ᠨᠠᠮ ᠤᠨ ᠦᠭᠡ ᠶᠢ ᠰᠣᠨᠣᠰᠬᠤ ᠳᠤ ᠵᠢᠱᠢᠶᠡᠴᠢ ᠪᠤᠯᠤᠭᠰᠠᠨ ᠳᠤ ᠪᠤᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽10+6+N︾ ᠠᠵᠢᠯ ᠤᠨ ᠲᠣᠭᠳᠠᠯᠴᠠᠭ᠎ᠠ᠄ ᠮᠠᠨ ᠤ ᠬᠤᠰᠢᠭᠤᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠭᠲᠠᠯᠴᠠᠭ᠎ᠠ ᠪᠣᠯᠣᠨ᠎ᠠ᠃ 10 ᠭᠡᠳᠡᠭ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠯᠪᠠᠨ | ᠪᠠᠶᠢᠭᠤᠯᠭ᠎ᠠ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠠᠵᠤ ᠠᠬᠤᠶᠢᠯᠠᠯ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ᠂ | ᠰᠤᠷᠭᠠᠭᠤᠯᠢ᠂ ᠢᠨᠲ᠋ᠧᠷ ᠰᠦᠯᠵᠢᠶ᠎ᠡ᠂ ᠬᠦᠷᠢᠶᠡᠯᠡᠩ ᠲᠣᠭᠤᠷᠢᠭ᠂ ᠭᠡᠷ ᠪᠦᠯᠢ ᠳᠤ ᠬᠦᠨᠵᠡᠭᠡᠶᠢᠷᠡᠬᠦᠯᠬᠦ ᠶᠢ ᠵᠢᠭᠠᠵᠤ ᠪᠤᠢ᠃ 6 ᠭᠡᠳᠡᠭ ᠨᠢ ᠨᠢᠭᠡ ᠪᠦᠯᠦᠭ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠲᠡᠦᠬᠡᠨ ᠮᠠᠲ᠋ᠧᠷᠢᠶᠠᠯ ᠢ ᠡᠮᠬᠢᠯᠡᠨ ᠴᠣᠭᠯᠠᠭᠤᠯᠬᠤ᠂ ᠨᠢᠬᠡ ᠤᠳᠠᠭᠠᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠣᠬᠠᠢ ᠮᠡᠳᠡᠯᠭᠡ ᠶᠢᠨ ᠤᠷᠤᠯᠳᠤᠭᠠᠨ ᠥᠷᠨᠢᠬᠦᠯᠬᠦ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ | ᠲᠠᠭᠤᠷᠢᠶᠠᠯ ᠢ ᠰᠣᠷᠳᠠᠯᠴᠢᠯᠠᠬᠤ᠂ ᠨᠢᠭᠡ ᠪᠦᠯᠦᠭ ᠴᠠᠭ ᠦᠶ᠎ᠡ ᠶᠢᠨ ᠣᠷᠣᠰᠬᠠᠯ ᠢ ᠲᠠᠭᠠᠭᠰᠠᠨ ᠳᠠᠭᠤᠤ ᠳᠠᠭᠤᠯᠠᠬᠤ᠂ ᠨᠢᠭᠡ ᠪᠦᠯᠦᠭ ᠭᠤᠣᠯ ᠰᠡᠳᠦᠪᠲᠦ | ᠰᠣᠶᠣᠯ ᠣᠷᠠᠯᠢᠭ ᠤᠨ ᠪᠦᠲᠦᠭᠡᠯ ᠢ ᠵᠤᠬᠢᠶᠠᠨ ᠪᠦᠲᠦᠭᠡᠬᠦ᠂ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠡ ᠠᠵᠢᠯᠯᠠᠭ᠎ᠠ ᠶᠢ | ᠬᠠᠷᠢᠯᠴᠠᠨ ᠰᠣᠷᠣᠯᠴᠠᠬᠤ ᠠᠵᠢᠯᠯᠠᠭ᠎ᠠ ᠶᠢ ᠥᠷᠨᠢᠭᠦᠯᠬᠦ ᠶᠢ ᠵᠢᠭᠠᠵᠤ ᠪᠣᠢ᠃ N ᠴᠠᠷᠠᠭ᠎ᠠ ᠭᠡᠳᠡᠭ ᠨᠢ ᠦᠢᠯᠡᠴᠢᠯᠡᠭᠡᠨ ᠤ ᠴᠣᠩᠬᠤᠪᠴᠢ᠂ ᠰᠣᠶᠣᠯ ᠵᠢᠭᠤᠯᠴᠢᠯᠠᠯ | ᠤᠨ ᠣᠷᠣᠨ᠂ ᠠᠭᠤᠳᠠᠮ ᠲᠠᠯᠠᠪᠠᠶ ᠴᠡᠴᠡᠷᠯᠢᠭ᠂ ᠠᠷᠠᠯᠵᠢᠶ᠎ᠠ ᠬᠤᠳᠠᠯᠳᠤᠭᠠᠨ ᠤ ᠵᠡᠭᠡᠯᠢ᠂ ᠵᠠᠮ ᠬᠠᠷᠢᠯᠴᠠᠭᠠᠨ ᠤ ᠵᠠᠩᠬᠢᠯᠠᠭ᠎ᠠ ᠶᠢᠨ ᠣᠷᠣᠨ ᠵᠡᠷᠭᠡ ᠭᠤᠣᠯᠳᠠᠯᠭᠠᠲᠤ | ᠠᠵᠤ ᠦᠢᠯᠡᠰ ᠪᠠ ᠦᠢᠯᠡᠴᠢᠯᠡᠭᠡᠨ ᠤ ᠴᠠᠷᠠᠭᠠᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠦᠨᠵᠡᠭᠡᠶᠢᠷᠡᠬᠦᠯᠬᠦ ᠶᠢ ᠵᠢᠭᠠᠵᠤ ᠪᠣᠶ᠃ | ︽ᠭᠤᠷᠪᠠᠨ ᠵᠦᠢᠯ ᠤᠨ ᠲᠥᠯᠥᠪᠯᠡᠭᠡ︾᠄ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ | ᠲᠥᠯᠥᠪᠯᠡᠭᠡ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠵᠢᠭᠠᠨ᠎ᠠ᠃ | ︽ᠵᠢᠷᠭᠤᠭᠠᠨ ᠢᠨᠵᠧᠨᠧᠷᠢᠩ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠂ | ᠲᠤᠬᠠᠶᠢᠯᠠᠪᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠴᠠᠬᠢᠯᠭᠠᠨ | ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠪᠣᠯᠣᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠭᠤᠷᠪᠠᠨ ᠳᠦᠷᠢᠮ ᠤᠨ ᠶᠡᠷᠦᠩᠬᠡᠢ ᠨᠡᠷᠡᠶᠢᠳᠦᠯ ᠪᠣᠯᠣᠨ᠎ᠠ᠂ ᠳᠠᠷᠤᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ | ᠳᠦᠷᠢᠮ᠂ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠤᠨ ᠬᠠᠤᠯᠢ | ᠳᠦᠷᠢᠮ ᠢ ᠬᠢᠨᠠᠨ ᠬᠠᠷᠭᠤᠭᠤᠯᠬᠤ ᠳᠦᠷᠢᠮ ᠢ ᠵᠢᠭᠠᠵᠤ ᠪᠠᠶᠢᠨ᠎ᠠ᠃ | | | | | |