ᠬᠠᠪᠤᠷ ᠤᠨ ᠤᠷᠢᠨ ᠰᠠᠭᠠᠳᠠᠵᠤ ᠨᠡᠭᠦᠳᠡᠯ ᠤᠨ ᠰᠢᠪᠠᠭᠤᠳ ᠦᠷᠳᠡᠭᠡᠯᠡᠨ ᠪᠠᠭᠤᠯ᠎ᠠ
ᠨᠡᠶᠢᠲᠡᠯᠡᠭᠰᠡᠨ ᠴᠠᠭ᠄
2024/3/15
      ᠲᠡᠭᠷᠢ ᠳᠤᠯᠠᠭᠠᠷᠠᠬᠤ ᠶᠢ ᠳᠠᠭᠠᠯᠳᠤᠨ ᠤᠶᠢᠷ᠎ᠠ ᠶᠢᠨ ᠡᠳᠦᠷ᠂ ᠮᠠᠨ ᠤ ᠬᠤᠰᠢᠭᠤᠨ ᠳᠠᠬᠢ ᠰᠢᠷᠬᠤᠰᠣ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠲᠤ ᠠᠩᠭᠢᠷ᠂ ᠬᠡᠬᠡᠷ᠎ᠡ ᠶᠢᠨ ᠨᠤᠭᠤᠰᠤ᠂ ᠲᠣᠭᠤᠷᠤᠤ᠂ ᠬᠥᠬᠡ ᠳᠡᠭᠡᠯᠡᠢ ᠵᠡᠷᠭᠡ ᠤᠯᠠᠨ ᠲᠦᠷᠥᠯ ᠤᠨ ᠨᠡᠭᠦᠳᠡᠯ ᠤᠨ ᠰᠢᠪᠠᠭᠤᠳ ᠬᠤᠷᠠᠨ ᠴᠤᠭᠯᠠᠷᠠᠵᠤ᠂ ᠰᠢᠪᠠᠭᠤᠳ ᠤᠨ ᠭᠠᠩᠭᠠᠨᠠᠭᠠᠨ ᠤᠶᠠᠩᠭᠠᠳᠤ ᠡᠭᠡᠰᠢᠭ ᠪᠤᠯᠤᠨ ᠲᠤᠭᠤᠯᠳᠠᠵᠤ᠂ ᠵᠠᠷᠢᠮ ᠰᠢᠪᠠᠭᠤᠳ ᠨᠢ ᠢᠳᠡᠰᠢ ᠡᠷᠢᠵᠦ᠂ ᠵᠠᠷᠢᠮ ᠰᠢᠪᠠᠭᠤᠳ ᠨᠢ ᠤᠰᠤᠨ ᠳᠤ ᠨᠠᠭᠠᠳᠤᠨ ᠲᠤᠭᠯᠠᠵᠤ᠂ ᠪᠠᠰᠠ ᠵᠠᠷᠢᠮ ᠨᠢ ᠬᠥᠬᠡ ᠤᠭᠳᠠᠷᠭᠤᠢ ᠪᠠᠷ ᠬᠠᠯᠢᠨ ᠨᠢᠰᠴᠦ ᠪᠠᠶᠢᠭᠠᠯᠢ ᠶᠢᠨ ᠭᠤᠶᠢᠳᠡ ᠦᠵᠡᠮᠵᠢ ᠶᠢ ᠪᠦᠷᠢᠯᠳᠤᠭᠦᠯᠵᠦ ᠪᠠᠶᠢᠯ᠎ᠠ᠃ 
2.jpg
1.jpg
      ᠰᠢᠷᠬᠤᠰᠣ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠢ ᠶᠢᠨ ᠰᠢᠰᠲ᠋ᠧᠮ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠵᠤ᠂ ᠨᠡᠭᠦᠳᠡᠯ ᠤᠨ ᠰᠢᠪᠠᠭᠤᠳ ᠤᠨ ᠦᠷᠳᠡᠭᠡᠯᠡᠨ ᠪᠠᠭᠤᠬᠤ ᠴᠢᠬᠤᠯᠠ ᠭᠠᠵᠠᠷ ᠪᠣᠯᠳᠠᠭ᠃
4.jpg
3.png
          ᠣᠶᠢᠷ᠎ᠠ ᠶᠢᠨ ᠵᠢᠯ ᠤᠳ ᠲᠤ᠂ ᠲᠤᠬᠠᠢ ᠶᠢᠨ ᠭᠠᠵᠠᠷ ᠤᠨ ᠬᠢᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ᠂ ᠰᠠᠪᠠ ᠭᠠᠵᠠᠷ ᠢ ᠴᠠᠭ ᠲᠤᠬᠠᠢ ᠳᠤᠨᠢ ᠬᠢᠨᠠᠨ ᠡᠵᠡᠮᠳᠡᠬᠦ ᠪᠠ ᠤᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠶᠢ ᠭᠡᠷᠡᠭᠯᠡᠭᠰᠡᠨ ᠠᠴᠠ ᠠᠳᠡᠭᠢ ᠶᠢᠨ ᠠᠮᠢ ᠠᠬᠤᠢ ᠶᠢᠨ ᠣᠷᠴᠢᠨ ᠨᠥᠬᠦᠴᠡᠯ ᠡᠳᠦᠷ ᠢᠷᠡᠬᠦᠶ᠎ᠡ ᠰᠠᠶᠢᠵᠢᠷᠠᠨ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠪᠣᠯᠬᠤ ᠪᠦᠷᠢ ᠣᠯᠠᠨ ᠨᠡᠭᠦᠳᠡᠯ ᠤᠨ ᠰᠢᠪᠠᠭᠤ ᠠᠳᠡ ᠢᠷᠡᠵᠦ ᠣᠷᠣᠰᠢᠨ ᠠᠮᠢᠳᠤᠷᠠᠵᠤ ᠦᠷᠡᠵᠢᠳᠡᠭ ᠪᠠᠶᠢᠨ᠎ᠠ᠃ 
5.jpg    
      ᠤᠶᠢᠯᠠᠭᠠᠭᠰᠠᠨ ᠢᠶᠠᠷ᠂ ᠰᠢᠷᠬᠤᠰᠣ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠲᠤ 89 ᠲᠥᠷᠥᠯ ᠤᠨ ᠰᠢᠪᠠᠭᠤ ᠪᠣᠶ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠰᠢᠪᠠᠭᠤ 6 ᠲᠥᠷᠥᠯ᠂ ᠤᠯᠤᠰ ᠤᠨ ᠬᠤᠶᠠᠳᠤᠭᠠᠷ ᠳᠡᠰ ᠤᠨ ᠰᠢᠪᠠᠭᠤ 15 ᠲᠥᠷᠥᠯ ᠪᠠᠶᠢᠵᠤ᠂ ᠰᠢᠪᠠᠭᠤᠨ ᠤ ᠲᠥᠷᠥᠯ ᠤᠨ ᠲᠤᠭ᠎ᠠ ᠨᠢ ᠴᠡᠴᠡᠷᠯᠢᠭ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠢ ᠠᠴᠠ 9 ᠳᠠᠬᠢᠨ ᠨᠡᠮᠡᠭᠳᠡᠵᠦ᠂ ᠨᠡᠭᠦᠳᠡᠯ ᠤᠨ ᠰᠢᠪᠠᠭᠤᠨ ᠤ ᠲᠤᠭ᠎ᠠ ᠨᠢ 4 ᠲᠦᠮᠡ ᠭᠠᠷᠤᠢ ᠪᠣᠯᠵᠠᠢ᠃                             ᠰᠣᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠢᠥᠢ ᠵᠢᠶᠧ ᠮᠧᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ