2024 ᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2024/3/25
      ᠣᠳᠣᠬᠠᠨ ᠳᠤ᠂ ᠮᠠᠨ ᠤ ᠬᠤᠰᠢᠭᠤ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠣᠯᠠᠨ ᠡᠭᠦᠰᠬᠦ ᠬᠤᠭᠤᠴᠠᠭᠠᠨ ᠳᠤ ᠣᠷᠣᠭᠰᠠᠨ ᠪᠠᠶᠢᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠡᠵᠡᠮᠳᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠭᠠᠵᠠᠷ ᠰᠢᠷᠣᠢ ᠶᠢᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠵᠤ᠂ ᠡᠳᠦᠭᠡ ᠳᠣᠣᠷᠠᠬᠢ ᠮᠡᠲᠦ ᠭᠠᠯ ᠴᠠᠭᠠᠵᠠᠯᠠᠬᠤ ᠵᠠᠷᠯᠢᠭ ᠢ ᠨᠡᠶᠢᠲᠡᠯᠡᠪᠡ              ᠨᠢᠭᠡ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭ᠎ᠠ᠄ 2024 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃      ᠬᠤᠶᠠᠷ᠂ ᠲᠤᠰ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠪᠤᠢ ᠪᠦᠬᠦᠢ ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠣᠷᠣᠨ ᠬᠢᠭᠡᠳ ᠤᠢ ᠰᠢᠭᠤᠢ ᠶᠢᠨ ᠬᠥᠪᠡᠭᠡ ᠵᠠᠬ᠎ᠠ ᠶᠢᠨ 10 ᠮᠧᠲᠷ ᠤᠨ ᠬᠡᠪᠴᠢᠶᠡᠨ ᠳᠠᠬᠢ ᠣᠷᠣᠨ ᠪᠦᠰᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠢᠶᠠᠷ ᠲᠣᠭᠲᠠᠭᠠᠨ᠎ᠠ᠃      ᠭᠤᠷᠪᠠ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠄              ︵ᠨᠢᠭᠡ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠬᠡᠭᠦᠷ ᠣᠩᠭᠤᠨ ᠳᠤ ᠲᠦᠯᠡᠰᠢ ᠥᠭᠴᠦ ᠳᠣᠶ᠋ᠢᠩ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠬᠠᠭᠤᠷᠠᠢ ᠡᠪᠡᠰᠦ ᠡᠰᠢ ᠰᠦᠷᠡᠯ ᠢ ᠰᠢᠲᠠᠭᠠᠬᠤ᠂ ᠰᠢᠷᠠᠮᠠᠯ ᠬᠢᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠢ᠃              ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠦᠢᠯᠡᠳᠪᠦᠷᠢᠯᠡᠯ᠂ ᠠᠮᠢᠳᠤᠷᠠᠯ ᠤᠨ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠠ ᠰᠠᠭᠤᠭᠠᠯᠢ ᠠᠷᠠᠳ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠦᠨᠡᠨᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠠᠯ ᠬᠡᠷᠡᠭᠯᠡᠵᠦ ᠪᠣᠯᠣᠨ᠎ᠠ᠃ ᠳᠥᠷᠪᠡᠳᠦᠭᠡᠷ ᠳᠡᠰ ᠠᠴᠠ ᠳᠡᠭᠡᠭᠰᠢᠬᠢ ᠳᠡᠰ ᠤᠨ ᠰᠠᠯᠬᠢᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠬᠤᠷᠢᠭᠯᠠᠬᠤ ᠬᠡᠷᠡᠭᠲᠡᠢ᠃                   ︵ᠭᠤᠷᠪᠠ︶ ᠡᠯ᠎ᠡ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠢ ᠬᠥᠮᠥᠵᠢᠭᠦᠯᠦᠨ ᠠᠶᠦᠯᠬᠦᠢ ᠪᠠᠷ ᠭᠠᠯ ᠬᠡᠷᠡᠭᠯᠡᠬᠦ᠂ ᠪᠣᠯᠪᠠᠰᠤᠨ ᠢᠶᠠᠷ ᠲᠠᠬᠢᠯᠭ᠎ᠠ ᠬᠢᠬᠦ᠂ ᠬᠤᠪᠢ ᠬᠥᠮᠥᠨ ᠤ ᠬᠠᠤᠯᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠠᠴᠠ ᠪᠣᠯᠤᠭᠰᠠᠨ ᠤᠢ ᠰᠢᠭᠤᠢ ᠶᠢᠨ ᠭᠠᠯ ᠤᠨ ᠠᠶᠤᠯ ᠤᠨ ᠬᠥᠨᠥᠭᠡᠯ᠂ ᠦᠷ᠎ᠡ ᠳ᠋ᠦᠩ ᠵᠢᠴᠢ ᠡᠭᠦᠷᠭᠡᠯᠡᠬᠦ ᠴᠢᠬᠤᠯᠠ ᠲᠠᠢ ᠬᠠᠤᠯᠢ ᠴᠠᠭᠠᠵᠠ ᠶᠢᠨ ᠪᠠ ᠠᠵᠤ ᠠᠬᠤᠢ ᠶᠢᠨ ᠲᠥᠯᠥᠪᠦᠷᠢ ᠶᠢᠨ ᠬᠠᠷᠢᠭᠤᠴᠠᠯᠭ᠎ᠠ ᠶᠢ ᠲᠣᠳᠣᠷᠬᠠᠢ ᠲᠠᠨᠢᠭᠤᠯᠬᠤ ᠬᠡᠷᠡᠭᠲᠡᠢ᠃ ᠭᠠᠯ ᠢ ᠴᠠᠭᠠᠵᠠᠯᠠᠬᠤ ᠬᠤᠭᠤᠴᠠᠭᠠᠨ ᠳᠤ ᠰᠣᠷᠭᠤᠭ ᠴᠡᠴᠡᠭ᠂ ᠲᠤᠤᠷ ᠰᠦᠯᠵᠢᠶ᠎ᠡ ᠵᠢᠴᠢ ᠭᠡᠷ ᠪᠦᠯᠢ ᠶᠢᠨ ᠭᠠᠰᠢᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠳᠤᠷᠠᠰᠤᠨ ᠰᠠᠨᠠᠭᠠᠯᠵᠠᠬᠤ ᠰᠡᠳᠬᠢᠯᠭᠡ ᠪᠠᠨ ᠢᠯᠡᠳᠬᠡᠬᠦ ᠶᠢ ᠰᠠᠨᠠᠭᠠᠴᠢᠯᠠᠵᠤ᠂ ᠠᠮᠤᠷ ᠲᠦᠪᠰᠢᠨ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠢ᠃       ︵ᠳᠥᠷᠪᠡ︶ ᠡᠯ᠎ᠡ ᠰᠤᠮᠤ ᠪᠠᠯᠭᠠᠰᠤ᠂ ᠡᠯ᠎ᠡ ᠬᠠᠷᠢᠭᠤᠴᠠᠯᠭᠠᠲᠤ ᠨᠢᠭᠡᠴᠢ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠷᠬᠡᠪᠰᠢ ᠲᠤᠤᠷᠵᠢᠭᠤᠯᠤᠭᠰᠠᠨ ᠮᠠᠶ᠋ᠢᠭ ᠢᠶᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠤᠨ ᠭᠠᠮᠰᠢᠭ ᠤᠨ ᠳᠠᠯᠳᠠ ᠬᠡᠮ ᠢ ᠠᠷᠢᠯᠭᠠᠵᠤ᠂ ᠭᠠᠯ ᠰᠡᠷᠭᠡᠶᠢᠯᠡᠨ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠤᠨ᠂ ᠪᠣᠯᠪᠠᠰᠤᠷᠠᠯ ᠳᠤ ᠣᠷᠣᠯᠴᠠᠭᠰᠠᠨ ᠭᠠᠯ ᠤᠨᠲᠠᠷᠠᠭᠠᠭᠴᠢ ᠶᠢ ᠲᠣᠬᠢᠷᠠᠭᠤᠯᠤᠨ ᠵᠢᠵᠢᠭᠦᠷᠯᠡᠬᠦᠯᠵᠤ ᠲᠣᠭᠤᠷᠢᠨ ᠴᠠᠭᠳᠠᠬᠤ ᠬᠡᠷᠡᠭᠲᠡᠢ᠃ ᠭᠤᠣᠯᠳᠠᠯᠭ᠎ᠠ ᠲᠠᠢ ᠬᠡᠰᠡᠭ ᠲᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠣᠷᠣᠨ ᠤ ᠪᠠᠶᠢᠴᠠᠭᠠᠬᠤ ᠴᠡᠭ ᠳᠤᠬᠢᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠤᠷᠤᠴᠠ ᠭᠠᠷᠴᠠ ᠳᠤ ᠪᠠᠶᠢᠴᠠᠭᠠᠬᠤ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠲᠣᠬᠢᠷᠠᠭᠤᠯᠤᠨ ᠭᠠᠯ ᠤᠨ ᠢᠷᠡᠯᠲᠡ ᠭᠠᠯ ᠤᠨ ᠡᠭᠦᠰᠪᠦᠷᠢ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠨ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠣᠭᠲᠠᠭᠠᠯ ᠶᠣᠰᠣᠭᠠᠷ ᠦᠨᠡᠨ ᠨᠡᠷ᠎ᠡ ᠪᠠᠨ ᠳᠡᠩᠰᠡᠯᠡᠨ ᠲᠡᠮᠳᠡᠭᠯᠡᠵᠦ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠭᠥᠯᠢᠶᠡᠨ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠪᠠᠶᠢᠴᠠᠭᠠᠯᠲᠠ ᠶᠢ ᠬᠠᠷᠰᠢᠯᠠᠬᠤ ᠪᠠ ᠲᠡᠪᠴᠢᠵᠦ ᠪᠣᠯᠬᠤ ᠦᠭᠡᠢ᠃       ︵ᠲᠠᠪᠤ︶ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠨᠢ ᠴᠠᠭ ᠢᠮᠠᠭᠲᠠ ᠲᠠᠶᠢᠨ ᠳᠤ ᠣᠷᠤᠯᠴᠠᠬᠤ ᠪᠡᠯᠡᠳᠬᠡᠯ ᠲᠠᠢ ᠪᠠᠶᠢᠵᠤ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠭᠰᠡᠨ ᠳᠠᠷᠤᠢ ᠳᠤᠨᠢ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠴᠣᠬᠢᠬᠤ᠂ ᠪᠠᠭ᠎ᠠ ᠳᠡᠭᠡᠷ᠎ᠡ ᠨᠢ ᠴᠣᠬᠢᠬᠤ᠂ ᠪᠦᠬᠦᠨ ᠢ ᠴᠣᠬᠢᠬᠤ︾ ᠶᠢ ᠪᠡᠶᠡᠯᠡᠭᠦᠯᠦᠨ ᠬᠥᠮᠥᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ᠲᠦᠷᠪᠡ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠬᠠᠰᠢ ᠶᠠᠰᠢ ᠬᠠᠨᠳᠤᠭᠰᠠᠨ ᠠᠴᠠ ᠪᠣᠯᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ᠂ ᠭᠠᠯ ᠤᠨ ᠳᠣᠬᠢᠶ᠎ᠠ ᠶᠢ ᠡᠭᠦᠰᠬᠡᠭᠰᠡᠨ ᠪᠤᠶᠤ ᠭᠠᠯ ᠲᠦᠢᠮᠡᠷ ᠤᠨ ᠭᠠᠮᠰᠢᠭ ᠤᠨ ᠲᠠᠯᠳᠠ ᠭᠡᠮ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠶ ᠰᠢᠭᠤᠢ ᠶᠢᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠭᠠᠷᠪᠠᠯ ᠲᠣᠰ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠰᠢᠳᠬᠡᠯ ᠥᠭᠬᠦ ᠶᠢᠨ ᠬᠠᠮᠲᠤ ᠢᠯᠡ ᠪᠠᠷ ᠨᠡᠶᠢᠲᠡᠯᠡᠵᠦ ᠢᠯᠡᠴᠢᠯᠡᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠲᠠᠪᠤ᠂ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠠᠢ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠬᠦᠷᠯᠡᠬᠦ ᠳᠦᠷᠢᠮ ᠢ ᠬᠡᠷᠡᠭᠵᠢᠭᠦᠯᠬᠦ ᠬᠡᠷᠡᠭᠲᠠᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ ᠲᠤᠰᠬᠠᠢ ᠠᠩᠭᠢ ᠵᠢᠴᠢ ᠪᠤᠰᠤᠳ ᠡᠯ᠎ᠡ ᠲᠥᠷᠥᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠨᠤᠭᠤᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃       ᠵᠢᠷᠭᠤᠭ᠎ᠠ᠂ ᠪᠤᠰᠤᠳ ᠭᠤᠣᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠣᠯ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃             ᠲᠤᠯᠤᠭ᠎ᠠ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠳᠠᠷᠤᠶᠢᠬᠠᠨ ᠮᠡᠳᠡᠭᠦᠯᠵᠦ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠨᠥᠬᠦᠴᠡᠯ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠠᠶᠤᠯ ᠢ ᠮᠡᠳᠡᠭᠦᠯᠬᠦ ᠤᠲᠠᠰᠤ᠄ 12119᠃                                                                  ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                               2023 ᠣᠨ ᠤ 3 ᠰᠠᠷ᠎ᠠ ᠶᠢᠨ 15 ᠤ ᠡᠳᠦᠷ     
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ