ᠰᠠᠪᠭᠦᠯ ᠭᠠᠴᠠᠭ᠎ᠠ ᠬᠤᠯᠪᠣᠭᠠᠲᠣ ᠴᠣᠭᠴᠠ ᠶᠢ ᠪᠠᠶᠢᠭᠤᠯᠵᠤ ᠬᠠᠮᠲᠣ ᠪᠠᠷ ᠴᠢᠨᠡᠭᠡᠯᠢᠭᠵᠢᠵᠤ ᠪᠠᠶᠢᠨ᠎ᠠ
ᠨᠡᠶᠢᠲᠡᠯᠡᠭᠰᠡᠨ ᠴᠠᠭ᠄
2024/3/28
      ᠬᠦᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠬᠦᠨᠵᠡᠭᠡᠢ ᠠᠬᠢᠭᠤᠯᠵᠤ᠂ ᠬᠦᠳᠡᠭᠡ ᠲᠣᠰᠬᠤᠨ ᠤ ᠬᠢᠨᠠᠯᠲᠠ ᠬᠠᠮᠢᠶᠠᠷᠣᠯᠳᠠ ᠶᠢᠨ ᠴᠢᠳᠠᠪᠣᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠰᠢᠭᠤ ᠤᠶᠢᠷ᠎ᠠ ᠶᠢᠨ ᠡᠳᠦᠷ᠂ ᠭᠠᠴᠠᠭ᠎ᠠ ᠲᠤᠰᠬᠤᠨ᠂ ᠨᠡᠶᠢᠬᠡᠮ ᠲᠣᠭᠤᠷᠢᠭ  ᠤᠨ ᠬᠠᠮᠲᠤᠷᠠᠯᠴᠠᠭᠰᠠᠨ ︽ᠨᠠᠮ ᠤᠨ ᠪᠦᠲᠦᠭᠡᠨ ᠪᠠᠶᠢᠭᠤᠯᠤᠯᠳᠠ  ᠪᠠᠷ ᠵᠢᠯᠤᠭᠤᠳᠣᠭᠤᠯᠵᠣ᠂ ᠬᠠᠮᠲᠣ ᠪᠠᠷ ᠡᠳ᠋ᠯᠡᠵᠦ ᠬᠠᠮᠲᠣ ᠪᠠᠷ ᠪᠠᠶᠠᠵᠢᠬᠤ︾  ᠭᠤᠣᠯ ᠰᠡᠲᠦᠪᠲᠣ ᠰᠠᠭᠤᠳᠠᠯ ᠤᠨ ᠬᠤᠷᠠᠯ ᠢ ᠭᠠᠯᠠᠭᠤᠲᠤ ᠪᠠᠯᠭᠠᠰᠣᠨ ᠤ ᠰᠡᠪᠬᠦᠯ ᠭᠠᠴᠠᠭᠠᠨ ᠳᠤ ᠬᠤᠷᠠᠯᠳᠤᠭᠤᠯᠤᠭᠰᠠᠨ ᠪᠠᠶᠢᠨ᠎ᠠ᠃      ᠭᠠᠯᠠᠭᠤᠲᠤ ᠪᠠᠯᠭᠠᠰᠣᠨ ᠤ ᠰᠡᠪᠬᠦᠯ ᠭᠠᠴᠠᠭ᠎ᠠ᠂ ᠮᠤᠳᠤᠠᠴᠠᠶᠢᠳᠠᠮ ᠲᠣᠰᠬᠤᠨ ᠵᠢᠴᠢ ᠵᠤᠤ ᠶᠠᠩ ᠨᠡᠶᠢᠬᠡᠮ ᠲᠣᠭᠤᠷᠢᠭ ᠤᠨ ᠺᠠᠳ᠋ᠷ ᠠᠵᠢᠯᠲᠠᠳ  ᠬᠤᠷᠠᠯ ᠳᠤ ᠤᠷᠤᠯᠴᠠᠨ᠂ ᠠᠵᠢᠯ ᠤᠨ ᠮᠡᠳᠡᠭᠦᠯᠦᠯᠲᠡ ᠵᠢᠴᠢ ᠰᠡᠪᠬᠦᠯ ᠭᠠᠴᠠᠭᠠᠨ ᠤ ᠬᠦᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠣ᠂ ᠬᠤᠯᠪᠣᠭᠠᠲᠣ ᠴᠣᠭᠴᠠ ᠶᠢᠨ ᠠᠵᠢᠯᠳᠠᠳ ᠤᠨ ᠬᠤᠭᠤᠷᠣᠨᠳᠣᠬᠢ ᠬᠠᠷᠢᠯᠴᠠᠭ᠎ᠠ ᠶᠠᠪᠣᠯᠴᠠᠭ᠎ᠠ ᠶᠢ ᠠᠭᠢᠭᠤᠯᠤᠭᠰᠠᠨ ᠢᠶᠠᠷ ᠪᠠᠷᠠᠬᠤ ᠥᠭᠡᠢ ᠬᠤᠶᠢᠰᠢᠳᠠ ᠶᠢᠨ ᠠᠵᠢᠯ ᠪᠠ ᠰᠣᠶᠣᠯ ᠤᠨ ᠲᠠᠯ᠎ᠠ ᠪᠠᠷ ᠬᠢ ᠬᠠᠮᠲᠣᠷᠠᠯᠴᠠᠭ᠎ᠠ ᠪᠠ ᠰᠣᠯᠢᠯᠴᠠᠭ᠎ᠠ ᠶᠢ ᠠᠬᠢᠭᠤᠯᠬᠤ ᠰᠠᠶᠢᠬᠠᠨ ᠲᠠᠪᠴᠠᠩ ᠪᠣᠯᠣᠭᠰᠠᠨ ᠪᠠᠶᠢᠨ᠎ᠠ᠃      ᠨᠠᠮ ᠤᠨ ᠵᠣᠬᠢᠶᠠᠨ ᠪᠠᠶᠢᠭᠤᠯᠤᠯᠳᠠ ᠶᠢᠨ ᠬᠤᠯᠪᠣᠭᠠᠲᠣ ᠴᠣᠭᠴᠠ ᠨᠢ ᠭᠠᠴᠠᠭ᠎ᠠ ᠲᠣᠰᠬᠤᠨ ᠨᠡᠶᠢᠬᠡᠮ ᠲᠣᠭᠤᠷᠢᠭ ᠬᠤᠭᠤᠷᠣᠨᠳᠣ ᠪᠠᠨ ᠬᠤᠯᠪᠣᠭᠠᠯᠠᠨ ᠬᠦᠳᠡᠯᠤᠯᠴᠡᠵᠤ ᠳᠠᠪᠠᠭᠤᠯᠢᠭ ᠲᠠᠯ᠎ᠠ ᠪᠠᠨ ᠪᠠᠳᠠᠷᠠᠭᠤᠯᠣᠨ ᠬᠦᠷᠦᠯᠴᠡᠬᠦ ᠦᠭᠡᠢ ᠲᠠᠯ᠎ᠠ ᠪᠠᠨ ᠬᠠᠷᠢᠯᠴᠠᠨ ᠨᠦᠬᠦᠪᠦᠷᠢᠯᠡᠵᠣ ᠬᠤᠶᠢᠰᠢᠳᠠ  ᠨᠡᠩ ᠰᠠᠶᠢᠨ ᠢᠶᠠᠷ ᠤᠯᠠᠨ ᠲᠦᠮᠡᠨ ᠳᠤ ᠦᠢᠯᠡᠴᠢᠯᠡᠵᠣ ᠬᠠᠮᠲᠣ ᠪᠠᠷ ᠡᠳ᠋ᠯᠡᠵᠦ ᠬᠠᠮᠲᠣ ᠪᠠᠷ ᠪᠠᠶᠠᠵᠢᠬᠤ ᠶᠢ ᠵᠤᠷᠢᠭᠰᠠᠨ ᠪᠠᠶᠢᠨ᠎ᠠ᠃                                                  ᠰᠤᠷᠪᠤᠯᠵᠢᠯᠠᠭᠴᠢ᠄ ᠲᠠᠨ᠎ᠠ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ