| | ᠦᠦᠰᠢᠨ ᠵᠠᠰᠠᠭ ᠳᠠᠷᠬᠠᠭᠠᠬᠤ ﹇2024﹈ 4 ᠳ᠋ᠤᠭᠡᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠦᠦᠰᠢᠨ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠬᠦᠯᠬᠡ ᠶᠢ | ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠬᠦᠯᠬᠡ︾ ᠶᠢ | ᠦᠦᠰᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ | ᠬᠢᠨᠠᠨ ᠵᠥᠪᠯᠡᠵᠦ ᠪᠠᠲᠤᠯᠠᠪᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠦᠬᠡᠷᠡᠢ᠃ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 4 ᠤ ᠡᠳᠦᠷ | | | | | | | ᠦᠤᠰᠢᠨ ᠬᠤᠰᠢᠭᠤᠨ ᠤ 2023 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ | ᠳᠦᠯᠤᠪᠵᠢᠭᠦᠯᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠣᠯᠣᠰ ᠠᠷᠠᠳ ᠤᠨ ᠠᠵᠤ ᠠᠬᠤᠢ ᠪᠠ | ᠨᠡᠶᠢᠬᠡᠮ ᠤᠨ ᠬᠦᠭᠵᠢᠯᠳᠡ ᠶᠢᠨ ᠳᠦᠯᠦᠪᠵᠢᠭᠦᠯᠭᠡ | | | ᠨᠢᠭᠡ᠂ 2023 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠳᠦᠯᠦᠪᠵᠢᠭᠦᠯᠭᠡ ᠶᠢ ᠪᠡᠶᠡᠯᠡᠭᠦᠯᠦᠭᠰᠡᠨ ᠪᠠᠶᠢᠳᠠᠯ | 2023 ᠣᠨ ᠪᠤᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠤᠭᠰᠠᠨ ᠡᠬᠢᠯᠡᠯᠳᠡ ᠶᠢᠨ ᠵᠢᠯ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠳᠣ ᠴᠢᠩᠭ᠎ᠠ ᠣᠳᠣᠷᠢᠳᠣᠯᠭ᠎ᠠ ᠳᠣᠣᠷ᠎ᠠ ᠬᠤᠰᠢᠭᠤ ᠲᠠᠶᠠᠭᠠᠷ ᠢᠶᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠦᠭᠤᠳᠣᠯᠭ᠎ᠠ ᠪᠠᠨ ᠪᠤᠯᠭᠠᠵᠤ᠂ ᠨᠠᠮ ᠤᠨ | ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ | ᠣᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠤ᠂ ᠠᠮᠢ ᠠᠬᠤᠢ ᠶᠢ ᠣᠷᠢᠳᠠᠪᠠᠷ ᠪᠤᠳᠣᠯᠬᠢᠯᠠᠨ᠂ ᠪᠤᠬᠢᠷᠳᠣᠯ ᠦᠬᠡᠢ ᠬᠦᠭᠵᠢᠯᠳᠡ ᠪᠠᠷ | ᠤᠳᠤᠷᠢᠳᠤᠮᠵᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠳᠣᠰᠢᠶᠠᠭᠰᠡᠨ ︽ᠳᠠᠪᠤᠨ ᠶᠡᠭᠡ ᠡᠭᠦᠷᠭᠡ︾ ᠶᠢ ᠳᠦᠷᠭᠡᠳᠭᠡᠨ | ᠪᠡᠶᠡᠯᠡᠭᠦᠯᠵᠤ᠂ ︽ᠵᠢᠱᠢᠶᠡᠴᠢ ᠦᠪᠡᠷᠳᠡᠭᠡᠨ ᠵᠠᠰᠠᠬᠤ ᠣᠷᠣᠨ︾ ᠤ ᠪᠦᠳᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠤᠨ᠂ ᠪᠦᠬᠦ ᠬᠤᠳᠠ ᠶᠢᠨ ︽ | ᠭᠤᠷᠪᠠᠨ ᠳᠦᠷᠪᠡ︾ ᠶᠢᠨ ᠬᠦᠭᠵᠢᠯᠳᠡ ᠶᠢᠨ ᠬᠠᠷᠠᠯᠳᠠ᠂ ᠪᠦᠬᠦ ᠬᠤᠰᠢᠭᠤᠨ ᠤ ︽ᠰᠢᠨ᠎ᠡ ᠠᠶᠠᠨ ᠢ ᠨᠡᠭᠡᠭᠡᠵᠤ ᠬᠤᠰᠢᠭᠤᠷᠠᠨ ᠴᠤᠯᠭᠤᠷᠠᠵᠤ ᠭᠤᠤᠯᠳᠠᠯᠭᠠᠲᠤ | ᠤᠷᠤᠨ ᠢ ᠪᠦᠳᠦᠭᠡᠨ ᠪᠠᠶᠢᠭᠤᠯᠵᠤ ᠵᠠᠭᠤᠨ ᠭᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ︾ ᠬᠠᠷᠠᠯᠳᠠᠳᠣ ᠡᠭᠦᠷᠭᠡ ᠶᠢᠨ ᠳᠣᠭᠤᠷᠢᠨ ᠳᠤ ᠡᠨᠧᠷᠬᠢ ᠶᠢᠨ | ᠬᠡᠯᠪᠡᠷᠢ ᠶᠢᠨ ᠣᠷᠣᠨ ᠪᠦᠰᠡ ᠶᠢᠨ ᠬᠦᠭᠵᠢᠯᠳᠡ ᠶᠢᠨ ᠰᠢᠨ᠎ᠡ ᠵᠠᠮ ᠢ ᠢᠳᠡᠪᠬᠢᠳᠠᠢ ᠪᠠᠷ ᠰᠦᠪᠡᠭᠴᠢᠯᠡᠨ ᠦᠢᠯᠡᠳᠣᠯᠭᠡᠵᠢᠭᠦᠯᠵᠤ᠂ ᠪᠦᠬᠦ ᠵᠢᠯ ᠤᠨ ᠠᠵᠤ ᠠᠬᠤᠢ | ᠨᠡᠶᠢᠬᠡᠮ ᠤᠨ ᠬᠦᠭᠵᠢᠯᠳᠡ ᠶᠢᠨ ᠬᠠᠷᠠᠯᠳᠠᠳᠣ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠤᠨ᠂ ᠳᠦᠯᠤᠪᠵᠢᠭᠦᠯᠭᠡ ᠪᠠᠨ ᠨᠡᠯᠢᠶᠡᠳ ᠰᠠᠶᠢᠨ ᠬᠡᠷᠡᠭᠵᠢᠭᠦᠯᠪᠡ᠃ | ︵ᠨᠢᠭᠡ︶ ᠠᠵᠤ ᠠᠬᠤᠢ ᠶᠢᠨ ᠭᠦᠢᠴᠡᠳᠭᠡᠯ ᠳᠤᠭ᠎ᠠ ᠨᠢ ᠳᠦᠰᠦᠪᠯᠡᠯ ᠠᠴᠠ ᠳᠡᠭᠡᠭᠦᠷ ᠪᠠᠶᠢᠵᠤ᠂ ᠭᠦᠭᠵᠢᠯᠳᠡ ᠶᠢᠨ ᠪᠤᠳᠠᠳᠣ ᠭᠦᠴᠦᠨ ᠳᠣᠪᠤᠶᠢᠮ᠎ᠠ | ᠭᠦᠴᠦᠷᠭᠡᠭᠵᠢᠪᠡ | 2023 ᠣᠨ ᠳᠤ ᠪᠦᠬᠦ ᠵᠢᠯ ᠤᠨ ᠣᠷᠣᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠨᠢ 500 ᠳ᠋ᠦᠩᠰᠢᠭᠤᠷ ᠲᠦᠭᠦᠷᠢᠭ ᠢ ᠳᠠᠪᠠᠵᠤ᠂ | 3.7% ᠪᠠᠷ ᠨᠡᠮᠡᠭᠳᠡᠪᠡ︔ ᠣᠯᠠᠨ ᠨᠡᠶᠢᠳᠡ ᠶᠢᠨ ᠪᠠᠶᠢᠩᠭᠤ ᠶᠢᠨ ᠳᠦᠰᠦᠪᠯᠡᠭᠰᠡᠨ ᠣᠷᠣᠯᠭ᠎ᠠ ᠶᠢᠨ ᠨᠡᠮᠡᠭᠳᠡᠯ ᠤᠨ ᠬᠤᠷᠳᠣᠴᠠ ᠨᠢ 18.4% ᠳᠤ ᠭᠦᠷᠪᠡ︔ | ᠠᠩᠬᠠᠳᠣᠭᠠᠷ ᠣᠳᠠᠭ᠎ᠠ 50 ᠳ᠋ᠦᠩᠰᠢᠭᠤᠷ ᠲᠦᠭᠦᠷᠢᠭ ᠢ ᠳᠠᠪᠠᠪᠠ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ ᠶᠢᠨ ᠨᠡᠮᠡᠭᠳᠡᠯ ᠤᠨ ᠨᠤᠷᠮ᠎ᠠ ᠨᠢ | 64.5% ᠳᠤ ᠭᠦᠷᠪᠡ︔ ᠨᠡᠶᠢᠬᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠣᠭᠰᠡᠨ ᠶᠡᠷᠦᠩᠬᠡᠢ ᠦᠷᠳᠡᠭ ᠤᠨ ᠨᠡᠮᠡᠭᠳᠡᠯ ᠨᠢ 8.2% ᠳᠤ ᠭᠦᠷᠪᠡ︔ | ᠬᠤᠳᠠ ᠬᠦᠳᠡᠭᠡᠨ ᠤ ᠰᠠᠭᠤᠭᠠᠯᠢ ᠠᠷᠠᠳ ᠤᠨ ᠭᠦᠮᠤᠨ ᠳᠣᠮᠳᠠᠴᠢ ᠳᠣᠬᠢᠷᠠᠭᠤᠯᠵᠤ ᠪᠤᠯᠬᠤᠶᠢᠴᠠ ᠣᠷᠣᠯᠭ᠎ᠠ ᠨᠢ ᠲᠣᠰ ᠲᠣᠰ 55917 ᠳᠦᠭᠦᠷᠢᠭ ᠪᠠ | 27419 ᠲᠦᠭᠦᠷᠢᠭ ᠲᠤ ᠭᠦᠷᠴᠣ᠂ ᠲᠤᠰ ᠪᠦᠷᠢ 4.9% ᠪᠠ 7.1% ᠪᠠᠷ ᠨᠡᠮᠡᠭᠳᠡᠪᠠ᠃ ᠠᠵᠤ ᠠᠬᠤᠢ ᠶᠢᠨ ᠡᠷᠬᠢᠯᠳᠡ ᠶᠢᠨ ᠶᠠᠰᠣ ᠴᠢᠨᠠᠷ ᠪᠠ | ᠠᠰᠢᠭᠯᠠᠮᠵᠢ ᠨᠢ ᠮᠡᠳᠡᠭᠳᠡᠬᠦᠶᠢᠴᠡ ᠳᠡᠭᠡᠭᠰᠢᠯᠡᠨ᠂ ᠠᠷᠠᠳ ᠤᠨ ᠠᠮᠢᠳᠣᠷᠠᠯ ᠤᠨ ᠬᠢᠷᠢ ᠳᠦᠪᠰᠢᠨ ᠳᠠᠰᠣᠷᠠᠯᠳᠠ ᠦᠬᠡᠢ ᠰᠠᠶᠢᠵᠢᠷᠠᠵᠤ᠂ ᠭᠤᠤᠯᠯᠠᠬᠤ ᠠᠵᠤ | ᠠᠬᠤᠢ ᠶᠢᠨ ᠭᠦᠢᠴᠡᠳᠭᠡᠯ ᠳᠣᠭᠠᠨ ᠤ ᠨᠡᠮᠡᠭᠳᠡᠯ ᠤᠨ ᠬᠤᠷᠳᠣᠴᠠ ᠨᠢ ᠪᠦᠬᠦ ᠬᠤᠳᠠ ᠶᠢᠨ ᠳᠡᠷᠢᠭᠦᠨ ᠡᠩᠨᠡᠭᠡᠨ ᠳᠤ ᠪᠠᠶᠢᠷᠢᠯᠠᠨ᠂ ᠶᠡᠷᠦᠩᠬᠡᠶᠢᠯᠡᠭᠰᠡᠨ ᠪᠤᠳᠠᠳᠣ | ᠭᠦᠴᠦᠨ ᠨᠢ ᠳᠣᠮᠳᠠᠳᠣ ᠣᠯᠣᠰ ᠤᠨ ᠪᠠᠷᠠᠭᠤᠨ ᠣᠷᠣᠨ ᠤ ᠵᠠᠭᠤᠨ ᠭᠦᠴᠦᠷᠭᠡᠭ ᠰᠢᠶᠠᠨ ᠤ ᠳᠣᠳᠣᠷ᠎ᠠ 18 ᠳ᠋ᠣᠭᠠᠷ ᠲᠤ ᠪᠠᠶᠢᠷᠢᠯᠠᠪᠠ᠃ | ︵ᠬᠤᠶᠠᠷ︶ ︽ᠳᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠨᠢ | ᠦᠷᠭᠦᠯᠵᠢᠯᠡᠨ ᠳᠡᠭᠡᠭᠰᠢᠯᠡᠪᠡ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠤᠩᠭᠤᠯ ᠳᠤ ᠳᠣᠰᠢᠶᠠᠭᠰᠡᠨ ︽ᠳᠠᠪᠤᠨ | ᠶᠡᠭᠡ ᠡᠭᠦᠷᠭᠡ︾ ᠶᠢ ᠢᠮᠠᠭᠳᠠ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠶᠢ ᠣᠯᠣᠰ ᠲᠦᠷᠦ ᠶᠢᠨ ᠴᠢᠬᠤᠯᠠ ᠡᠭᠦᠷᠭᠡ ᠪᠠᠨ ᠪᠤᠯᠭᠠᠵᠤ᠂ ᠳᠠᠪᠤᠨ | ᠬᠡᠷᠡᠭᠵᠢᠭᠦᠯᠬᠦ ᠳᠦᠰᠦᠯ ᠪᠠ ᠪᠦᠬᠦ ᠵᠢᠯ ᠤᠨ ᠡᠭᠦᠷᠭᠡ ᠶᠢ ᠨᠠᠷᠢᠨ ᠰᠣᠳᠣᠯᠣᠨ ᠳᠣᠭᠳᠠᠭᠠᠵᠤ᠂ ᠠᠵᠢᠯ ᠤᠨ ᠳᠣᠬᠢᠷᠠᠭᠤᠯᠤᠯᠳᠠ ᠶᠢᠨ ᠡᠷᠬᠢᠯᠳᠡ ᠶᠢᠨ ᠳᠣᠭᠳᠠᠴᠠ | ᠶᠢ ᠪᠠᠶᠢᠭᠤᠯᠤᠨ᠂ ᠰᠢᠯᠭᠠᠨ ᠬᠢᠨᠠᠬᠤ ᠠᠷᠭ᠎ᠠ ᠶᠢ ᠳᠣᠭᠳᠠᠭᠠᠨ᠂ ᠭᠦᠴᠦ ᠪᠠᠨ ᠳᠦᠪᠯᠡᠷᠡᠭᠦᠯᠤᠨ ᠨᠠᠶᠢᠳᠠᠪᠤᠷᠢᠵᠢᠭᠤᠯᠤᠯᠲᠠ ᠶᠢ ᠠᠳᠬᠤᠭᠰᠡᠨ ᠠᠵᠢᠯ ᠤᠨ | ᠪᠠᠶᠢᠷᠢᠰᠢᠭᠤᠯᠤᠯᠳᠠ ᠶᠢ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠴᠢᠨᠠᠷ ᠰᠠᠶᠢᠳᠠᠢ ᠭᠦᠭᠵᠢᠯᠳᠡ ᠶᠢᠨ ᠦᠤᠰᠢᠨ ᠬᠤᠰᠢᠭᠤᠨ ᠤ ᠬᠠᠭᠤᠳᠠᠰᠣ ᠶᠢ ᠭᠦᠴᠦᠯᠠᠨ | ᠪᠢᠴᠢᠭᠯᠡᠪᠡ᠃ | ᠮᠠᠨ ᠤ ᠤᠯᠤᠰ ᠤᠨ ᠣᠮᠠᠷᠠᠳᠣ ᠣᠷᠣᠨ ᠤ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠳᠠ ᠶᠢᠨ ᠳᠣᠬᠠᠢ ᠃ | ᠬᠠᠳᠣᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠭᠦᠭᠵᠢᠯᠳᠡ ᠶᠢ ᠦᠷᠭᠦᠯᠵᠢᠯᠡᠨ ᠠᠬᠢᠭᠤᠯᠵᠤ᠂ ᠰᠢᠷᠬᠤᠰᠣᠨ | ᠭᠤᠤᠯ᠂ ᠬᠠᠯᠢᠭᠤᠳᠣ ᠶᠢᠨ ᠭᠤᠤᠯ ᠵᠡᠷᠭᠡ ᠭᠤᠤᠯ ᠤᠨ ᠣᠷᠣᠰᠬᠠᠯ ᠤᠨ ᠣᠭᠳᠣᠯᠣᠭᠠᠰᠣ ᠶᠢᠨ ᠣᠰᠣᠨ ᠤ ᠴᠢᠨᠠᠷ ᠢ ᠯᠠᠪᠳᠠᠭᠤᠨ ᠢᠶᠠᠷ ᠪᠠᠷᠢᠮᠵᠢᠶ᠎ᠠ ᠳᠤ | ᠭᠦᠷᠭᠡᠵᠤ᠂ ᠪᠦᠬᠦ ᠵᠢᠯ ᠤᠨ ᠣᠢ ᠰᠢᠭᠤᠢ ᠡᠪᠡᠰᠣ ᠪᠡᠯᠴᠢᠭᠡᠷ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ 58 ᠳᠦᠮᠡᠨ ᠮᠤ᠋ ᠶᠢᠨ ᠡᠭᠦᠷᠭᠡ ᠶᠢ | ᠪᠡᠶᠡᠯᠡᠭᠦᠯᠵᠤ᠂ 13.02% ᠪᠠᠷ ᠨᠡᠮᠡᠭᠳᠡᠪᠡ᠃ ᠮᠤᠤᠠᠤᠰᠤ ᠡᠯᠡᠰᠦᠷᠭᠡᠭ ᠭᠠᠵᠠᠷ ᠤᠨ ᠶᠡᠷᠦᠩᠬᠡᠶᠢᠯᠡᠨ ᠵᠠᠰᠠᠯᠳᠠ ᠪᠠ ᠦᠷᠬᠦᠯᠵᠢᠯᠡᠬᠦᠶᠢᠴᠡ ᠭᠦᠭᠵᠢᠯᠳᠡ ᠶᠢᠨ | ᠡᠷᠳᠡᠮ ᠰᠢᠨᠵᠢᠯᠡᠭᠡᠨ ᠤ ᠰᠢᠨ᠎ᠡ ᠶᠢ ᠡᠬᠦᠳᠬᠦ ᠳᠦᠪ ᠢ ᠪᠠᠶᠢᠭᠤᠯᠵᠤ᠂ ᠣᠢ ᠶᠢᠨ ᠳᠠᠷᠤᠭ᠎ᠠ ᠶᠢᠨ ᠳᠣᠭᠳᠠᠴᠠ ᠶᠢᠨ ᠠᠵᠢᠯ ᠨᠢ ᠪᠦᠬᠦ ᠣᠯᠣᠰ ᠤᠨ ᠣᠢ ᠰᠢᠭᠤᠢ | ᠡᠪᠡᠰᠦ ᠪᠡᠯᠴᠢᠭᠡᠷ ᠤᠨ ᠳᠣᠪᠴᠢᠶᠠᠨ ᠤ ᠮᠡᠳᠡᠭᠡᠯᠡᠨ ᠬᠦᠭᠢᠭᠦᠯᠭᠡ ᠶᠢ ᠭᠦᠷᠳᠡᠪᠡ᠃ ᠦᠪᠡᠷᠳᠡᠭᠡᠨ ᠵᠠᠰᠠᠬᠤ ᠣᠷᠣᠨ ᠤ ᠳᠡᠰ ᠤᠨ ᠠᠮᠢ ᠠᠬᠤᠢ ᠶᠢᠨ ᠪᠤᠯᠪᠠᠰᠣᠨ | ᠤ ᠪᠦᠳᠦᠭᠡᠨ ᠪᠠᠶᠢᠭᠤᠯᠤᠯᠳᠠ ᠶᠢᠨ ᠠᠩᠬᠠᠳᠣᠭᠠᠷ ᠪᠦᠯᠦᠭ ᠵᠢᠱᠢᠶ᠎ᠡ ᠣᠷᠣᠨ ᠢᠶᠠᠷ ᠦᠨᠡᠯᠡᠭᠳᠡᠨ᠂ ᠬᠤᠳᠠ ᠶᠢᠨ ᠲᠤᠭᠤᠷᠢᠭ ᠤᠨ ᠠᠭᠤᠷ ᠠᠮᠢᠰᠬᠤᠯ ᠤᠨ | ᠰᠢᠯᠢᠳᠡᠭᠵᠢᠯᠳᠡ ᠶᠢᠨ ᠨᠤᠷᠮ᠎ᠠ ᠨᠢ 89.8% ᠳᠤ ᠭᠦᠷᠴᠣ᠂ ᠭᠤᠤᠯᠯᠠᠬᠤ ᠪᠤᠬᠢᠷᠳᠣᠯ ᠤᠨ ᠭᠠᠳᠠᠭᠰᠢᠯᠠᠯᠳᠠ ᠶᠢᠨ ᠶᠡᠷᠦᠩᠬᠡᠢ ᠬᠡᠮᠵᠢᠶ᠎ᠡ ᠨᠢ ᠦᠷᠬᠦᠯᠵᠢᠯᠡᠨ | ᠪᠠᠭᠤᠷᠠᠵᠤ᠂ ᠭᠠᠵᠠᠷ ᠤᠨ ᠭᠠᠳᠠᠷᠭᠤ ᠶᠢᠨ ᠣᠰᠣ ᠪᠠ ᠢᠳᠡᠭᠡᠨ ᠣᠮᠳᠠᠭᠠᠨ ᠤ ᠣᠰᠣᠨ ᠤ ᠰᠣᠷᠪᠤᠯᠵᠢ ᠶᠢᠨ ᠣᠰᠣᠨ ᠤ ᠴᠢᠨᠠᠷ ᠨᠢ 100% ᠪᠠᠷ ᠪᠠᠷᠢᠮᠵᠢᠶ᠎ᠠ | ᠳᠤ ᠭᠦᠷᠴᠣ᠂ ᠬᠦᠷᠦᠰᠣ ᠰᠢᠷᠣᠢ ᠶᠢᠨ ᠣᠷᠴᠢᠨ ᠳᠣᠭᠤᠷᠢᠨ ᠳᠣᠭᠳᠠᠭᠤᠨ ᠢᠶᠠᠨ ᠪᠠᠳᠣᠯᠠᠵᠤ᠂ ᠰᠢᠷᠬᠤᠰᠣᠨ ᠭᠤᠤᠯ ᠨᠢ ᠪᠦᠬᠦ ᠣᠯᠣᠰ ᠤᠨ ᠭᠤᠶᠢᠳᠠ | ᠰᠠᠶᠢᠬᠠᠨ ᠨᠠᠭᠤᠷ ᠭᠤᠤᠯ ᠤᠨ ᠰᠢᠯᠢᠳᠡᠭ ᠵᠢᠱᠢᠶ᠎ᠡ ᠶᠢᠨ ᠬᠤᠶᠠᠳᠣᠭᠠᠷ ᠪᠦᠯᠦᠭ ᠤᠨ ᠨᠡᠷᠡᠰ ᠤᠨ ᠵᠢᠭᠳᠡ ᠳᠤ ᠣᠷᠣᠵᠠᠢ᠃ ᠲᠦᠪ ᠤᠨ ᠣᠷᠴᠢᠨ ᠳᠣᠭᠤᠷᠢᠨ ᠤ | ᠬᠠᠮᠠᠭᠠᠯᠠᠯᠳᠠ ᠶᠢᠨ ᠬᠤᠶᠠᠳᠣᠭᠠᠷ ᠣᠳᠠᠭᠠᠨ ᠤ ᠬᠢᠨᠠᠨ ᠪᠠᠶᠢᠴᠠᠭᠠᠯᠳᠠ ᠳᠤ ᠳᠣᠰᠬᠠᠭᠰᠡᠨ ᠠᠰᠠᠭᠤᠳᠠᠯ ᠢ ᠵᠢᠯ ᠤᠨ ᠳᠣᠳᠣᠷ᠎ᠠ ᠴᠦᠮ ᠵᠠᠰᠠᠯᠳᠠ ᠬᠢᠵᠤ | ᠳᠠᠭᠤᠰᠬᠠᠪᠠ᠃ | ᠡᠬᠡ ᠣᠯᠣᠰ ᠤᠨ ᠤᠮᠠᠷᠠᠳᠣ ᠬᠢᠯᠢ ᠶᠢᠨ ᠠᠮᠣᠷ ᠳᠦᠪᠰᠢᠨ ᠤ ᠪᠠᠳᠣᠯᠠᠯᠳᠠ ᠶᠢᠨ ᠬᠠᠯᠬᠠᠪᠴᠢ ᠶᠢᠨ ᠪᠦᠳᠦᠭᠡᠨ ᠪᠠᠶᠢᠭᠤᠯᠤᠯᠳᠠ ᠶᠢᠨ ᠳᠣᠬᠠᠢ᠃ ᠰᠢᠨ᠎ᠡ | ᠴᠠᠭ ᠦᠶ᠎ᠡ ᠶᠢᠨ ︽ᠹᠧᠩ ᠴᠢᠶᠤᠤ ᠶᠢᠨ ᠳᠣᠷᠰᠢᠯᠭ᠎ᠠ︾ ᠶᠢ ᠪᠠᠷᠢᠮᠳᠠᠯᠠᠬᠤ ᠪᠠ ᠭᠦᠭᠵᠢᠭᠦᠯᠵᠤ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ | ᠵᠢᠱᠢᠶᠡᠴᠢ ᠬᠤᠰᠢᠭᠤ ᠶᠢ ᠠᠮᠵᠢᠯᠳᠠ ᠲᠠᠢ ᠴᠣᠭᠴᠠᠯᠠᠨ ᠪᠠᠶᠢᠭᠤᠯᠵᠤ᠂ ᠪᠦᠬᠦ ᠬᠤᠳᠠ ᠶᠢᠨ ᠠᠶᠤᠯᠭᠦᠢ ᠪᠦᠳᠦᠭᠡᠨ ᠪᠠᠶᠢᠭᠤᠯᠤᠯᠳᠠ ᠶᠢᠨ ︽ᠨᠠᠢᠮᠠ ᠦᠬᠡᠢ︾ | ᠬᠤᠰᠢᠭᠤ ᠪᠠᠷ ᠦᠨᠡᠯᠡᠭᠳᠡᠨ ︽ᠵᠦᠷᠢᠴᠡᠯ ᠵᠢᠭᠤᠷᠠᠯᠳᠤᠭᠠᠨ ᠢ ᠮᠡᠳᠡᠭᠰᠡᠨ ᠳᠠᠷᠤᠢ ᠳᠤ ᠨᠢ ᠡᠶᠡᠳᠡᠬᠦᠯᠬᠦ᠂ ᠲᠦᠷᠦᠯ ᠬᠤᠪᠢᠶᠠᠨ ᠡᠶᠡᠳᠡᠬᠦᠯᠬᠦ᠂ ᠬᠠᠮᠲᠤᠷᠠᠨ | ᠬᠠᠮᠢᠶᠠᠷᠴᠤ ᠡᠶᠡᠳᠡᠬᠦᠯᠬᠦ ᠪᠠᠷ ᠵᠠᠬᠢᠳᠠᠯ ᠰᠤᠷᠪᠤᠯᠵᠢᠯᠠᠯ ᠤᠨ ᠤᠷᠤᠯᠠᠨ ᠬᠦᠢᠴᠡᠳᠬᠡᠬᠦ ᠲᠦᠷᠢᠮ ᠢ ᠠᠬᠢᠭᠤᠯᠬᠤ︾ ᠳᠣᠬᠠᠢ ᠪᠠᠶᠢᠴᠠᠭᠠᠨ ᠰᠣᠳᠣᠯᠣᠯᠳᠠ ᠶᠢᠨ | ᠮᠡᠳᠡᠭᠦᠯᠤᠯᠳᠠ ᠨᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠣᠳᠣᠷᠢᠳᠣᠯᠭ᠎ᠠ ᠶᠢᠨ ᠴᠤᠬᠤᠯᠠᠪᠤᠷᠢ ᠨᠤᠲᠠᠯᠠᠯᠲᠠ | ᠶᠢ ᠣᠯᠪᠠ᠃ ᠣᠯᠣᠰ ᠤᠨ ᠠᠮᠣᠷ ᠳᠦᠪᠰᠢᠨ᠂ ᠢᠳᠡᠭᠡᠨ ᠣᠮᠳᠠᠭᠠᠨ ᠡᠮ ᠤᠨ ᠵᠦᠢᠯ ᠤᠨ ᠠᠮᠤᠷ ᠳᠦᠪᠰᠢᠨ᠂ ᠭᠠᠮᠰᠢᠭ ᠢ ᠰᠡᠷᠭᠡᠶᠢᠯᠡᠨ ᠵᠠᠶᠢᠯᠠᠭᠤᠯᠬᠤ ᠵᠡᠷᠭᠡ | ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠮᠤᠷ ᠳᠦᠪᠰᠢᠨ ᠤ ᠠᠳᠡᠭᠳᠡᠯ ᠤᠨ ᠳᠤᠭ᠎ᠠ ᠪᠠ ᠠᠳᠡᠭᠳᠡᠯ ᠠᠴᠠ ᠪᠤᠯᠵᠤ ᠠᠮᠢ ᠨᠠᠰᠣ | ᠪᠠᠨ ᠠᠯᠳᠠᠭᠰᠠᠳ ᠤᠨ ᠳᠤᠭ᠎ᠠ ᠶᠢ ︽ᠳᠠᠪᠬᠤᠷ ᠳᠣᠷᠣᠭᠰᠢᠯᠠᠭᠤᠯᠬᠤ︾ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠰᠢᠨᠵᠢ ᠪᠦᠬᠦᠢ ᠦᠷᠢ ᠦᠭᠴᠡᠭᠡ ᠶᠢ | 31.4 ᠳ᠋ᠦᠩᠰᠢᠭᠤᠷ ᠲᠦᠭᠦᠷᠢᠭ ᠣᠰᠠᠳᠬᠠᠨ᠂ ᠳᠦᠷᠪᠡᠨ ᠵᠢᠯ ᠣᠷᠢᠳᠴᠢᠯᠠᠨ ︽ᠪᠦᠬᠦᠨ ᠢ ᠣᠰᠠᠳᠬᠠᠬᠤ︾ ᠶᠢ ᠪᠡᠶᠡᠯᠡᠬᠦᠯᠪᠡ᠃ ᠵᠢᠯ ᠤᠨ ᠣᠰᠠᠳᠬᠠᠬᠤ | ᠨᠤᠷᠮ᠎ᠠ ᠶᠢᠨ 398% ᠢ ᠪᠡᠶᠡᠯᠡᠭᠦᠯᠪᠡ᠃ ᠪᠦᠬᠦ ᠬᠤᠰᠢᠭᠤ ᠪᠠᠷ ᠳᠣᠮᠳᠠᠳᠣ ᠶᠢᠨ ᠦᠨᠳᠦᠰᠦᠲᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠲᠤ | ᠴᠤᠭᠴᠠᠯᠠᠬᠤ ᠪᠠᠷ ᠭᠤᠤᠯ ᠰᠢᠵᠢᠮ ᠪᠤᠯᠭᠠᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠣᠬᠠᠭᠤᠯᠭ᠎ᠠ ᠭᠦᠮᠤᠵᠢᠯ ᠤᠨ ᠴᠣᠭᠴᠠᠯᠠᠯᠳᠠ ᠶᠢ ᠭᠦᠨᠵᠡᠭᠡᠢ | ᠦᠷᠨᠢᠭᠦᠯᠤᠨ᠂ ︽ᠭᠤᠷᠪᠠ ᠠᠴᠠ ᠰᠠᠯᠬᠤ ᠦᠬᠡᠢ︾ ︽ᠳᠠᠪᠤ ᠶᠢ ᠵᠦᠪᠰᠢᠶᠡᠷᠡᠬᠦ︾ ᠦᠵᠡᠯ ᠰᠠᠨᠠᠭ᠎ᠠ ᠪᠠ ︽ᠳᠦᠷᠪᠡ ᠶᠢ ᠬᠠᠮᠳᠣᠳᠬᠠᠬᠤ︾ | ᠣᠶᠢᠯᠠᠭᠠᠭᠳᠠᠬᠤᠨ ᠢ ᠭᠦᠮᠤᠰ ᠤᠨ ᠰᠡᠳᠬᠢᠯ ᠳᠤ ᠳᠠᠭᠠᠯᠠᠭᠳᠠᠭᠤᠯᠵᠤ᠂ ᠦᠨᠳᠦᠰᠦᠨ ᠱᠠᠳᠣᠨ ᠤ ᠨᠡᠶᠢᠬᠡᠮ ᠤᠨ ᠵᠠᠰᠠᠯᠳᠠ ᠶᠢᠨ ᠦᠷ᠎ᠡ ᠪᠦᠳᠦᠮᠵᠢ ᠳᠣᠪᠤᠶᠢᠮ᠎ᠠ | ᠪᠠᠶᠢᠵᠤ᠂ ᠦᠨᠳᠦᠰᠦᠳᠡᠨ ᠤ ᠪᠦᠯᠬᠦᠮᠳᠡᠯ᠂ ᠨᠡᠶᠢᠬᠡᠮ ᠤᠨ ᠡᠶ᠎ᠡ ᠵᠤᠬᠢᠴᠠᠩᠭᠤᠢ ᠶᠢ ᠪᠦᠬᠦ ᠭᠦᠴᠦᠨ ᠢᠶᠠᠷ ᠬᠠᠮᠠᠭᠠᠯᠠᠭᠰᠡᠨ ᠰᠠᠶᠢᠨ ᠰᠠᠶᠢᠬᠠᠨ ᠠᠬᠤᠢ ᠪᠠᠶᠢᠳᠠᠯ ᠢ | ᠪᠤᠢ ᠪᠤᠯᠭᠠᠪᠠ᠃ | ᠣᠯᠣᠰ ᠤᠨ ᠴᠢᠬᠤᠯᠠ ᠶᠡᠭᠡ ᠡᠨᠧᠷᠬᠢ ᠪᠠ ᠪᠠᠶᠢᠯᠳᠣᠬᠤ ᠪᠤᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ | ᠳᠣᠬᠠᠢ᠃ ᠣᠷᠳᠣᠰ ᠤᠨ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠵᠢᠱᠢᠶ᠎ᠡ ᠰᠠᠭᠤᠷᠢᠨ ᠭᠠᠵᠠᠷ ᠤᠨ ᠬᠦᠢᠰᠣ ᠣᠷᠣᠨ ᠢ ᠪᠦᠳᠦᠭᠡᠨ | ᠪᠠᠶᠢᠭᠤᠯᠬᠤ ᠶᠢᠨ ᠳᠣᠭᠤᠷᠢᠨ ᠳᠤ ᠨᠢᠭᠡ ᠰᠢᠷᠢᠰ ᠳᠦᠯᠦᠪᠵᠢᠭᠦᠯᠭᠡ ᠳᠦᠰᠦᠯ ᠢ ᠨᠠᠶᠢᠷᠠᠭᠤᠯᠤᠨ᠂ ᠵᠦᠩ ᠮᠸᠢ ᠶᠢᠨ ᠪᠤᠬᠢᠷᠳᠣᠯ ᠦᠬᠡᠢ ᠳᠣᠣᠷ᠎ᠠ | ᠨᠡᠭᠦᠷᠡᠰᠦᠳᠦ᠋ᠷᠦᠭᠴᠢᠳᠣ ᠠᠵᠤ ᠦᠢᠯᠡᠰ ᠤᠨ ᠳᠣᠭᠤᠷᠢᠭ᠂ ᠰᠢᠨ᠎ᠡ ᠮᠠᠲ᠋ᠧᠷᠢᠶᠠᠯ ︵ᠵᠠᠳᠠᠷᠠᠭᠤᠯᠤᠨ ᠠᠭᠤᠰᠬᠠᠵᠤ ᠪᠤᠯᠬᠤᠶᠢᠴᠠ ᠮᠠᠲ᠋ᠧᠷᠢᠶᠠᠯ︶ ᠤᠨ ᠰᠢᠨᠵᠢᠯᠡᠭᠡ | ᠮᠡᠷᠭᠡᠵᠢᠯ ᠤᠨ ᠠᠵᠤ ᠦᠢᠯᠡᠰ ᠤᠨ ᠳᠣᠭᠤᠷᠢᠭ᠂ ᠡᠷᠬᠢᠯᠳᠡᠳᠣ ᠠᠵᠤ ᠠᠬᠤᠢ ︵CCUS᠂ ᠬᠠᠳᠠᠭᠤ ᠪᠡᠶᠡᠳᠣ ᠬᠠᠶᠠᠭᠳᠠᠮᠠᠯ ᠪᠤᠳᠠᠰ ᠢ ᠶᠡᠷᠦᠩᠬᠡᠶᠢᠯᠡᠨ | ᠠᠰᠢᠭᠯᠠᠬᠤ︶ ᠠᠵᠤ ᠦᠢᠯᠡᠰ ᠤᠨ ᠳᠣᠭᠤᠷᠢᠭ ᠵᠢᠴᠢ ᠳᠡᠯᠡᠬᠡᠢ ᠶᠢᠨ ᠬᠠᠮᠤᠭ ᠤᠨ ᠳᠣᠮᠤ ᠨᠡᠭᠦᠷᠡᠰᠣ ᠪᠠᠷ ᠠᠯᠺᠸᠠ ᠦᠢᠯᠡᠳᠬᠦ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠳᠠ᠂ ᠪᠦᠬᠦ ᠣᠯᠣᠰ ᠤᠨ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢᠯᠡᠯ ᠤᠨ ᠡᠭᠦᠳᠦᠭᠴᠢ ᠮᠡᠷᠭᠡᠵᠢᠯ ᠢ ᠳᠣᠮᠳᠠ | ᠬᠤᠭᠤᠴᠠᠭᠠᠨ ᠳᠤ ᠳᠣᠷᠰᠢᠯᠳᠡ ᠬᠢᠬᠦ ᠰᠠᠭᠤᠷᠢᠨ ᠭᠠᠵᠠᠷ᠂ ᠪᠦᠬᠦ ᠣᠯᠣᠰ ᠤᠨ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢ ᠰᠢᠨ᠎ᠡ | ᠡᠨᠧᠷᠬᠢ ᠯᠤᠭ᠎ᠠ ᠠᠭᠤᠰᠣᠯᠴᠠᠭᠤᠯᠬᠤ ᠵᠢᠱᠢᠶ᠎ᠡ ᠰᠠᠭᠤᠷᠢᠨ ᠭᠠᠵᠠᠷ ᠵᠡᠷᠭᠡ ᠶᠢ ᠪᠦᠳᠦᠭᠡᠨ ᠪᠠᠶᠢᠭᠤᠯᠵᠤ ᠳᠣᠬᠢᠷᠠᠭᠤᠯᠤᠨ᠂ ᠰᠢᠨ᠎ᠡ ᠡᠨᠧᠷᠬᠢ ᠶᠢ ᠠᠰᠢᠭᠯᠠᠯᠳᠠ ᠳᠤ | ᠣᠷᠣᠭᠤᠯᠬᠤ ᠳᠠᠪᠴᠠᠩ ᠢ ᠦᠷᠭᠡᠳᠭᠡᠵᠤ᠂ ᠵᠦᠩ ᠮᠸᠢ ᠣᠷᠳᠣᠰ ᠡᠨᠧᠷᠬᠢ ᠶᠢᠨ ᠬᠢᠮᠢ ᠶᠢᠨ ᠠᠵᠤ ᠦᠢᠯᠡᠳᠪᠤᠷᠢ ᠶᠢᠨ 10 ᠳᠦᠮᠡᠨ ᠳᠣᠨ | ᠰᠢᠩᠭᠡᠨᠵᠢᠬᠦᠯᠦᠭᠰᠡᠨ ᠨᠠᠷᠠᠨ ᠤ ᠡᠨᠧᠷᠬᠢ ᠶᠢ ᠦᠢᠯᠡᠳᠬᠦ᠂ ᠵᠦᠩ ᠮᠸᠢ ᠶᠢᠨ 50 ᠳᠣᠨ ᠪᠤᠬᠢᠷᠳᠣᠯ ᠦᠬᠡᠢ ᠰᠢᠪᠳᠣᠷ ᠢ ᠦᠢᠯᠡᠳᠬᠦ᠂ ᠪᠤᠤ ᠹᠧᠩ ᠤᠨ 40 | ᠳᠣᠨ ᠪᠤᠬᠢᠷᠳᠣᠯ ᠦᠬᠡᠢ ᠣᠰᠣᠳᠦ᠋ᠷᠣᠭ᠍ᠴᠢ ᠨᠡᠮᠡᠵᠤ ᠠᠭᠤᠰᠬᠠᠨ ᠠᠯᠺᠸᠠ ᠦᠢᠯᠡᠳᠬᠦ ᠵᠡᠷᠭᠡ ᠭᠤᠤᠯᠳᠠᠯᠭᠠᠳᠣ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ | ᠶᠢ ᠠᠬᠢᠭᠤᠯᠪᠠ᠃ ᠪᠦᠬᠦ ᠬᠤᠰᠢᠭᠤᠨ ᠤ ᠭᠡᠪᠴᠢᠶᠡᠵᠢᠯᠳᠡ ᠠᠴᠠ ᠳᠡᠭᠡᠭᠰᠢ ᠠᠵᠤ ᠦᠢᠯᠡᠳᠪᠤᠷᠢ ᠠᠵᠤ ᠠᠬᠤᠶᠢᠯᠠᠯ ᠤᠨ ᠣᠷᠢᠳᠴᠢᠯᠠᠨ ᠪᠤᠳᠣᠭᠰᠡᠨ ᠶᠡᠷᠦᠩᠬᠡᠢ | ᠣᠶᠢᠯᠡᠳᠪᠤᠷᠢᠯᠡᠯ ᠤᠨ ᠦᠷᠳᠡᠭ ᠨᠢ 750 ᠳ᠋ᠦᠩᠰᠢᠭᠤᠷ ᠳᠦᠭᠦᠷᠢᠭ ᠠᠴᠠ ᠳᠠᠪᠠᠵᠤ᠂ ᠭᠤᠤᠯᠳᠠᠯᠭᠠᠳᠣ ᠠᠵᠤ ᠦᠢᠯᠡᠳᠪᠤᠷᠢᠯᠡᠯ ᠤᠨ ᠪᠦᠳᠦᠭᠡᠭᠳᠡᠬᠦᠨ ᠤ | ᠦᠢᠯᠡᠳᠪᠤᠷᠢᠯᠡᠭᠰᠡᠨ ᠭᠡᠮᠵᠢᠶ᠎ᠡ ᠨᠢ ᠳᠣᠭᠳᠡᠭᠤᠨ ᠢᠶᠠᠷ ᠨᠡᠮᠡᠭᠳᠡᠨ ᠨᠡᠭᠦᠷᠡᠰᠣ᠂ ᠮᠧᠲ᠋ᠢᠯ ᠠᠯᠺᠣᠣᠯ᠂ ᠰᠢᠭᠡᠰᠦᠯᠢᠭ ᠡᠳ᠋᠂ ᠠᠯᠺᠸᠠ᠂ ᠰᠢᠩᠭᠡᠨᠵᠢᠬᠦᠯᠭᠰᠡᠨ | ᠪᠠᠶᠢᠭᠠᠯᠢ ᠶᠢᠨ ᠰᠢᠲᠠᠮᠠᠬᠠᠢ ᠬᠡᠢ ᠶᠢᠨ ᠦᠢᠯᠡᠳᠪᠤᠷᠢᠯᠡᠯ ᠤᠨ ᠬᠡᠮᠵᠢᠶ᠎ᠡ ᠨᠢ ᠳᠣᠰ ᠪᠦᠷᠢ 3890 ᠳᠦᠮᠡᠨ ᠳᠣᠨ᠂ 642 ᠳᠦᠮᠡᠨ ᠳᠣᠨ᠂ 306 ᠳᠦᠮᠡᠨ | ᠳᠣᠨ᠂ 213 ᠲᠦᠮᠡᠨ ᠳᠣᠨ᠂ 88 ᠲᠦᠮᠡᠨ ᠳᠣᠨ ᠳᠤ ᠬᠦᠷᠴᠣ᠂ ᠪᠦᠬᠦ ᠣᠯᠣᠰ ᠤᠨ ᠡᠨᠧᠷᠬᠢ ᠶᠢᠨ ᠠᠮᠤᠷ ᠳᠦᠪᠰᠢᠨ ᠢ ᠪᠠᠳᠣᠯᠠᠬᠤ ᠳᠤ ᠢᠳᠡᠪᠬᠢ | ᠦᠢᠯᠡᠳᠣᠯ ᠢᠶᠠᠨ ᠪᠠᠳᠠᠷᠠᠭᠤᠯᠪᠠ᠃ | ᠪᠦᠬᠦ ᠣᠯᠣᠰ ᠤᠨ ᠴᠢᠬᠤᠯᠠ ᠳᠠᠷᠢᠶᠠᠯᠠᠩ ᠮᠠᠯᠵᠢᠯ ᠤᠨ ᠪᠦᠳᠦᠭᠡᠭᠳᠡᠬᠦᠨ ᠢ ᠦᠢᠯᠡᠳᠪᠤᠷᠢᠯᠡᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ | ᠳᠣᠬᠠᠢ᠃ ᠪᠢᠳᠠᠨ ︽ᠳᠤᠭ᠎ᠠ ᠪᠠᠨ ᠦᠷᠭᠡᠳᠭᠡᠵᠤ᠂ ᠴᠢᠨᠠᠷ ᠢ ᠳᠡᠭᠡᠭᠰᠢᠯᠡᠭᠦᠯᠤᠨ᠂ ᠦᠢᠯᠡᠳᠪᠤᠷᠢᠯᠡᠯ ᠢᠶᠠᠨ ᠨᠡᠮᠡᠭᠳᠡᠭᠦᠯᠬᠦ︾ ᠳᠤ ᠠᠩᠬᠠᠷᠣᠯ ᠢᠶᠠᠨ | ᠬᠠᠨᠳᠣᠭᠤᠯᠵᠤ᠂ ᠦᠨᠳᠦᠷ ᠪᠠᠷᠢᠮᠵᠢᠶᠠᠳᠣ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ᠂ ᠲᠦᠬᠦᠭᠡᠷᠦᠮᠵᠢᠳᠣ ᠳᠠᠷᠢᠶᠠᠯᠠᠩ ᠮᠠᠯ ᠠᠵᠤ ᠠᠬᠤᠢ᠂ | ᠭᠦᠯᠳᠡᠭᠡᠬᠦᠷᠳᠣ ᠬᠡᠯᠬᠢᠶᠡᠨ ᠤ ᠳᠦᠭᠦᠭᠡᠷᠣᠮᠵᠢ ᠶᠢᠨ ᠪᠦᠳᠦᠭᠡᠨ ᠪᠠᠶᠢᠭᠤᠯᠤᠯᠳᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢ ᠰᠢᠯᠢᠳᠡᠭᠵᠢᠭᠦᠯᠤᠨ ᠭᠦᠨᠵᠡᠭᠡᠢ | ᠪᠤᠯᠪᠠᠰᠣᠷᠠᠭᠤᠯᠬᠤ᠂ ᠨᠡᠷᠡᠳᠣ ᠳᠡᠮᠳᠡᠭᠳᠣ ᠶᠢ ᠴᠣᠭᠴᠠᠯᠠᠬᠤ ᠵᠡᠷᠭᠡ ᠭᠤᠤᠯᠳᠠᠯᠭᠠᠳᠣ ᠠᠵᠢᠯ ᠢ ᠭᠦᠴᠦᠯᠠᠨ ᠰᠠᠶᠢᠳᠣᠷ ᠠᠳᠬᠤᠵᠤ᠂ ᠣᠳᠣᠬᠢᠴᠢᠯᠠᠭᠰᠡᠨ | ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠢᠰᠲ᠋ᠧᠮ ᠢ ᠴᠢᠨᠠᠷ ᠰᠠᠶᠢᠳᠠᠢ ᠭᠦᠭᠵᠢᠭᠦᠯᠤᠨ ᠪᠠᠶᠢᠭᠤᠯᠪᠠ᠃ ᠲᠦᠷᠦ ᠭᠦᠷᠦᠨ ᠤ ᠲᠣᠮᠣ ᠶᠠᠪᠤᠳᠠᠯ | ᠤᠳ ᠲᠤ ᠠᠩᠬᠠᠷᠣᠯ ᠳᠠᠯᠪᠢᠨ᠂ ᠠᠮᠤ ᠪᠤᠳᠠᠭᠠᠨ ᠤ ᠠᠶᠤᠯᠭᠦᠢ ᠶᠢ ᠪᠠᠳᠣᠯᠠᠵᠤ᠂ ᠪᠦᠬᠦ ᠬᠤᠰᠢᠭᠤᠨ ᠤ ᠳᠠᠷᠢᠶᠠᠯᠠᠩ ᠤᠨ ᠪᠦᠳᠦᠭᠡᠭᠳᠡᠬᠦᠨ ᠤ ᠳᠠᠷᠢᠮᠠᠯ ᠤᠨ | ᠳᠠᠯᠠᠪᠠᠢ ᠶᠢ 82.37 ᠳᠦᠮᠡᠨ ᠮᠤ᠋ ᠳᠤ ᠬᠦᠷᠭᠡᠵᠤ᠂ ᠠᠮᠤ ᠪᠤᠳᠠᠭᠠᠨ ᠤ ᠶᠡᠷᠦᠩᠬᠡᠢ ᠭᠠᠷᠣᠯᠳᠠ ᠶᠢᠨ ᠬᠡᠮᠵᠢᠶ᠎ᠡ ᠨᠢ 5.2 ᠳ᠋ᠦᠩᠰᠢᠭᠤᠷ ᠵᠢᠩ ᠳᠤ ᠭᠦᠷᠴᠣ᠂ | ᠦᠨᠳᠣᠷ ᠪᠠᠷᠢᠮᠵᠢᠶᠠᠳᠣ ᠳᠠᠷᠢᠶᠠᠨ ᠭᠠᠵᠠᠷ ᠢ 5000 ᠮᠤ᠋ ᠪᠠᠶᠢᠭᠤᠯᠤᠨ ᠪᠦᠳᠦᠭᠡᠵᠤ᠂ ᠬᠦᠷᠦᠰᠣ ᠢ ᠰᠢᠯᠭᠠᠨ ᠪᠤᠷᠳᠣᠭᠤᠷ ᠨᠠᠶᠢᠷᠠᠭᠤᠯᠬᠤ ᠮᠡᠷᠭᠡᠵᠢᠯ ᠢ 89 | ᠳᠦᠮᠡᠨ ᠮᠤ᠋ ᠳᠤ ᠳᠦᠭᠡᠮᠡᠯᠵᠢᠭᠦᠯᠪᠡ᠃ ᠳᠠᠷᠢᠶᠠᠯᠠᠩ ᠤᠨ ᠦᠢᠯᠡᠰ ᠲᠤ ᠣᠰᠣ ᠠᠷᠪᠢᠯᠠᠨ ᠠᠰᠢᠭᠯᠠᠮᠵᠢ ᠪᠠᠨ ᠨᠡᠮᠡᠭᠳᠡᠭᠦᠯᠬᠦ ᠠᠵᠢᠯᠯᠠᠭ᠎ᠠ ᠶᠢ ᠳᠣᠭᠳᠠᠭᠤᠨ ᠢᠶᠠᠷ | ᠠᠬᠢᠭᠤᠯᠵᠤ ᠨᠠᠶᠢᠳᠠᠪᠤᠷᠢᠵᠢᠭᠤᠯᠤᠨ᠂ ᠦᠨᠳᠦᠷ ᠠᠰᠢᠭᠯᠠᠮᠵᠢᠳᠣ ᠣᠰᠣ ᠠᠷᠪᠢᠯᠠᠨ ᠣᠰᠣᠯᠠᠬᠤ ᠮᠡᠷᠭᠡᠵᠢᠯ ᠢ 63.7 ᠳᠦᠮᠡᠨ ᠮᠤ᠋ ᠠᠴᠠ ᠳᠡᠭᠡᠭᠰᠢ ᠳᠠᠯᠠᠪᠠᠢ ᠶᠢᠨ | ᠳᠠᠷᠢᠶᠠᠨ ᠭᠠᠵᠠᠷ ᠲᠤ ᠳᠦᠭᠡᠮᠡᠯᠵᠢᠭᠦᠯᠵᠤ᠂ ᠣᠰᠣ ᠪᠤᠷᠳᠣᠭᠤᠷ ᠢ ᠨᠢᠭᠡ ᠴᠣᠭᠴᠠᠵᠢᠭᠤᠯᠤᠭᠰᠡᠨ ᠳᠠᠷᠢᠶᠠᠨ ᠭᠠᠵᠠᠷ ᠤᠨ ᠳᠠᠯᠠᠪᠠᠢ ᠨᠢ 59.77 ᠳᠦᠮᠡᠨ ᠮᠤ᠋ | ᠳᠤ ᠭᠦᠷᠴᠣ᠂ ᠨᠢᠭᠡ ᠴᠣᠭᠴᠠᠵᠢᠭᠤᠯᠤᠭᠰᠡᠨ ᠨᠤᠷᠮ᠎ᠠ ᠨᠢ 93% ᠳᠤ ᠭᠦᠷᠴᠠᠢ᠃ ᠣᠷᠳᠣᠰ ᠨᠠᠷᠢᠨ ᠨᠤᠤᠰᠣᠳᠣ ᠬᠤᠨᠢ᠂ ᠠᠯᠠᠰᠢᠨ ᠦᠬᠡᠷ᠂ ᠭᠠᠭ᠋ᠠᠢ ᠶᠢᠨ | ᠮᠢᠬ᠎ᠠ ᠵᠡᠷᠭᠡ ᠭᠤᠷᠪᠠᠨ ᠶᠡᠭᠡ ᠰᠢᠯᠢᠳᠡᠭ ᠣᠨᠴᠠᠯᠢᠭᠳᠣ ᠠᠵᠤ ᠦᠢᠯᠡᠰ ᠶᠢᠨ ᠳᠣᠭᠤᠷᠢᠨ ᠳᠤ ᠳᠡᠵᠢᠭᠡᠨ ᠦᠷᠡᠵᠢᠭᠦᠯᠬᠦ ᠭᠡᠪᠴᠢᠶ᠎ᠡ ᠪᠠᠨ ᠳᠠᠰᠣᠷᠠᠯᠳᠠ ᠦᠬᠡᠢ | ᠦᠷᠭᠡᠳᠭᠡᠨ᠂ ᠬᠦᠭᠵᠢᠯᠳᠡ ᠶᠢᠨ ᠦᠷ᠎ᠡ ᠠᠰᠢᠭ ᠢᠶᠠᠨ ᠳᠡᠭᠡᠭᠰᠢᠯᠡᠬᠦᠯᠵᠤ᠂ ᠮᠠᠯ ᠤᠨ ᠳᠤᠭ᠎ᠠ ᠨᠢ 190 ᠳᠦᠮᠡᠨ ᠳᠣᠯᠣᠭᠠᠢ ᠶᠢ ᠳᠠᠪᠠᠵᠠᠢ᠃ ᠣᠷᠳᠣᠰ ᠨᠠᠷᠢᠨ | ᠨᠤᠤᠰᠣᠳᠣ ᠬᠤᠨᠢᠨ ᠤ ᠦᠪᠡᠷᠳᠡᠭᠡᠨ ᠵᠠᠰᠠᠬᠤ ᠣᠷᠣᠨ ᠤ ᠳᠡᠰ ᠤᠨ ᠣᠳᠣᠬᠢᠴᠢᠯᠠᠭᠰᠡᠨ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠣᠭᠤᠷᠢᠭ ᠢ | ᠵᠤᠬᠢᠶᠠᠨ ᠪᠠᠶᠢᠭᠤᠯᠵᠤ ᠮᠡᠳᠡᠭᠦᠯᠪᠡ᠃ ︽ᠦᠬᠡᠷ ᠬᠤᠪᠢᠳᠠᠨ ᠮᠠᠯᠵᠢᠬᠤ︾ ᠣᠬᠢ ᠰᠢᠯᠢᠳᠡᠭ ᠠᠯᠠᠰᠢᠨ ᠦᠬᠡᠷ ᠤᠨ ᠳᠦᠷᠦᠯ ᠵᠦᠢᠯ ᠲᠠᠢ ᠠᠮᠵᠢᠯᠳᠠ ᠲᠠᠢ ᠭᠡᠷ᠎ᠡ | ᠳᠣᠭᠳᠠᠵᠤ᠂ ᠶᠡᠷᠦᠩᠬᠡᠢ ᠪᠡᠯᠡ ᠣᠷᠣᠭᠤᠯᠤᠯᠳᠠ ᠨᠢ 43.7 ᠳ᠋ᠦᠩᠰᠢᠭᠤᠷ ᠳᠦᠭᠦᠷᠢᠭ ᠲᠤ ᠭᠦᠷᠴᠠᠢ᠃ ᠴᠣᠣᠳᠠᠢ ᠭᠠᠴᠠᠭᠠᠨ ᠤ ᠣᠳᠣᠬᠢᠴᠢᠯᠠᠭᠰᠡᠨ ᠠᠯᠠᠰᠢᠨ | ᠦᠬᠡᠷ ᠤᠨ ᠠᠵᠤ ᠦᠢᠯᠡᠰ ᠤᠨ ᠳᠣᠭᠤᠷᠢᠭ ᠢ ᠪᠠᠶᠢᠭᠤᠯᠤᠨ ᠪᠦᠳᠦᠭᠡᠵᠤ ᠠᠰᠢᠭᠯᠠᠯᠳᠠ ᠳᠤ ᠣᠷᠣᠭᠤᠯᠪᠠ᠃ 4 ᠵᠢᠱᠢᠶᠡᠴᠢ ᠳᠣᠰᠬᠤᠨ ᠨᠢ ᠬᠤᠶᠠᠳᠣᠭᠠᠷ | ᠪᠦᠯᠣᠭ᠌ ᠬᠤᠳᠠ ᠶᠢᠨ ᠳᠡᠰ ᠤᠨ ︽ᠨᠢᠭᠡ ᠳᠣᠰᠬᠤᠨ ᠨᠢᠭᠡ ᠪᠦᠳᠦᠭᠡᠭᠳᠡᠬᠦᠨ︾ ᠢᠶᠠᠷ ᠦᠨᠡᠯᠡᠭᠳᠡᠪᠡ᠃ 2 ᠪᠤᠬᠢᠷᠳᠣᠯ ᠦᠬᠡᠢ ᠢᠳᠡᠭᠡᠨ ᠤ ᠵᠤᠶᠢᠯ ᠤᠨ ᠠᠵᠤ | ᠠᠬᠤᠶᠢᠯᠠᠯ ᠨᠢ 22 ᠳ᠋ᠣᠭᠠᠷ ᠣᠳᠠᠭᠠᠨ ᠤ ᠳᠣᠮᠳᠠᠳᠣ ᠣᠯᠣᠰ ᠤᠨ ᠪᠤᠬᠢᠷᠳᠣᠯ ᠦᠬᠡᠢ ᠢᠳᠡᠭᠡᠨ ᠤ ᠵᠤᠶᠢᠯ ᠤᠨ ᠳᠡᠯᠭᠡᠨ ᠦᠵᠡᠭᠦᠯᠭᠡ ᠶᠢᠨ ᠬᠤᠷᠠᠯ ᠤᠨ ᠠᠯᠳᠠᠨ | ᠱᠠᠩᠨᠠᠯ ᠢ ᠭᠦᠷᠳᠡᠵᠤ᠂ ᠣᠷᠳᠣᠰ ᠨᠠᠷᠢᠨ ᠨᠤᠤᠰᠣᠳᠣ ᠬᠤᠨᠢ ᠨᠢ ᠠᠷᠪᠠᠨ ᠭᠤᠷᠪᠠᠳᠣᠭᠠᠷ ᠣᠳᠠᠭᠠᠨ ᠤ ᠣᠯᠠᠨ ᠣᠯᠣᠰ ᠤᠨ ᠢᠳᠡᠭᠡᠨ ᠣᠮᠳᠠᠭᠠᠨ ᠤ ᠳᠡᠯᠭᠡᠨ | ᠦᠵᠡᠭᠦᠯᠭᠡ ᠶᠢᠨ ᠬᠤᠷᠠᠯ ᠤᠨ ︽ᠳᠡᠯᠡᠭᠡᠢ ᠶᠢᠨ ᠣᠷᠢᠳᠴᠢᠯᠠᠨ ᠦᠢᠯᠡᠳᠬᠦ ᠢᠳᠡᠭᠡᠨ ᠤ ᠶᠡᠭᠡ ᠬᠤᠷᠠᠯ ᠳᠠᠬᠢ ᠰᠢᠯᠢᠳᠡᠭ ᠰᠣᠩᠭᠤᠭᠳᠠᠬᠤᠨ ᠤ ᠳᠦᠭᠦᠭᠡᠢ ᠡᠳ᠋︾ | ᠢᠶᠠᠷ ᠰᠣᠩᠭᠤᠭᠳᠠᠪᠠ᠃ | ᠪᠦᠬᠦ ᠣᠯᠣᠰ ᠤᠨ ᠣᠮᠠᠷᠠᠰᠢ ᠨᠡᠭᠡᠭᠡᠯᠳᠡ ᠬᠢᠬᠦ ᠵᠠᠩᠭᠢᠯᠠᠭ᠎ᠠ ᠶᠢᠨ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢᠨ ᠳᠣᠬᠠᠢ᠃ ᠬᠢᠯᠢ ᠶᠢᠨ ᠪᠤᠭᠤᠮᠳᠠ | ᠶᠢᠨ ᠠᠵᠤ ᠠᠬᠤᠢ ᠶᠢ ᠭᠦᠴᠦᠯᠡᠨ ᠭᠦᠭᠵᠢᠭᠦᠯᠵᠤ᠂ ᠰᠢᠨ᠎ᠡ ᠡᠨᠧᠷᠬᠢ᠂ ᠨᠠᠷᠢᠯᠢᠭᠵᠢᠭᠤᠯᠤᠭᠰᠡᠨ ᠬᠢᠮᠢ ᠶᠢᠨ ᠠᠵᠤ ᠠᠬᠤᠢ ᠵᠡᠷᠭᠡ 9 ᠵᠤᠷᠪᠤᠰ ᠠᠵᠤ ᠣᠶᠢᠯᠡᠰ | ᠤᠨ ᠬᠡᠯᠬᠢᠶ᠎ᠡ ᠶᠢᠨ ᠳᠣᠭᠤᠷᠢᠨ ᠳᠤ ᠭᠦᠴᠦ ᠪᠠᠨ ᠨᠢᠭᠳᠠᠷᠠᠭᠤᠯᠤᠨ ᠠᠷᠠᠯᠵᠢᠶᠠᠴᠢᠨ ᠣᠷᠢᠨ ᠪᠡᠯᠡ ᠣᠷᠣᠭᠤᠯᠵᠤ᠂ ᠵᠦᠩ ᠮᠸᠢ ᠶᠢᠨ 2×660MW | ᠨᠡᠭᠦᠷᠡᠰᠣ ᠴᠠᠬᠢᠯᠭᠠᠨ ᠤ ᠨᠢᠭᠡ ᠴᠣᠭᠴᠠᠵᠢᠭᠤᠯᠤᠯᠳᠠ᠂ ᠵᠦᠩ ᠲᠢᠶᠠᠨ ᠾᠧ ᠴᠣᠸᠠᠩ ᠤᠨ ᠪᠤᠬᠢᠷᠳᠣᠯ ᠦᠬᠡᠢ ᠪᠠᠷ ᠨᠡᠭᠦᠷᠡᠰᠦᠳᠦ᠋ᠷᠣᠭ᠍ᠴᠢ ᠶᠢᠨ ᠳᠠᠪᠬᠤᠷ | ᠢᠰᠣᠯ ᠤᠨ ᠭᠠᠳᠠᠭᠰᠢᠯᠠᠭᠤᠯᠤᠯᠳᠠ ᠶᠢ ᠳᠣᠷᠣᠭᠰᠢᠯᠠᠭᠤᠯᠤᠨ ᠳᠡᠰ ᠳᠡᠪᠰᠢᠭᠦᠯᠵᠤ ᠬᠠᠯᠠᠨ ᠰᠠᠶᠢᠵᠢᠷᠠᠭᠤᠯᠬᠤ ᠵᠡᠷᠭᠡ ᠨᠢᠭᠡ ᠪᠦᠯᠦᠭ ᠠᠯᠤᠰ ᠤᠨ ᠪᠤᠳᠣᠯᠭ᠎ᠠ ᠳᠤ | ᠬᠤᠯᠪᠤᠭᠳᠠᠬᠤ ᠲᠦᠷᠦᠯ ᠵᠦᠢᠯ ᠢ ᠭᠡᠷ᠎ᠡ ᠳᠣᠭᠳᠠᠨ ᠣᠷᠣᠭᠤᠯᠤᠨ ᠠᠪᠴᠢᠷᠠᠵᠤ᠂ ᠪᠦᠬᠦ ᠨᠡᠶᠢᠳᠡ 43 ᠡᠯ᠎ᠡ ᠲᠦᠷᠦᠯ ᠵᠦᠢᠯ ᠯᠤᠭ᠎ᠠ ᠭᠡᠷ᠎ᠡ ᠳᠣᠭᠳᠠᠵᠤ ᠳᠠᠳᠠᠨ | ᠠᠪᠴᠢᠷᠠᠵᠤ᠂ ᠭᠡᠷ᠎ᠡ ᠳᠣᠭᠳᠠᠭᠰᠡᠨ ᠮᠦᠩᠭᠦ ᠨᠢ 2400 ᠳ᠋ᠦᠩᠰᠢᠭᠤᠷ ᠳᠦᠭᠦᠷᠢᠭ ᠢ ᠳᠠᠪᠠᠵᠤ᠂ ᠠᠷᠠᠯᠵᠢᠶᠠᠴᠢᠨ ᠣᠷᠢᠵᠤ ᠪᠡᠯᠡ ᠣᠷᠣᠭᠤᠯᠤᠭᠰᠡᠨ ᠪᠡᠯᠡ | ᠮᠦᠩᠭᠦ ᠨᠢ ᠪᠠᠷᠤᠭ 148 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠣᠷᠣᠭᠤᠯᠤᠨ ᠠᠪᠴᠢᠷᠠᠵᠤ᠂ ᠪᠤᠳᠠᠳᠠᠢ ᠬᠡᠷᠡᠭᠯᠡᠯᠳᠡ ᠳᠤ ᠣᠷᠣᠭᠤᠯᠤᠭᠰᠡᠨ ᠪᠡᠯᠡ | ᠮᠦᠩᠭᠦ ᠨᠢ 10.7 ᠳ᠋ᠦᠩᠰᠢᠭᠤᠷ ᠳᠦᠭᠦᠷᠢᠭ ᠲᠤ ᠭᠦᠷᠴᠣ᠂ ᠦᠩᠭᠡᠷᠡᠭᠰᠡᠨ ᠵᠢᠯ ᠤᠳ ᠠᠴᠠ ᠨᠠᠭᠠᠰᠢᠬᠢ ᠬᠠᠮᠤᠭ ᠰᠢᠯᠢᠳᠡᠭ ᠪᠦᠳᠣᠮᠵᠢ ᠶᠢ ᠡᠭᠦᠳᠴᠠᠢ᠃ | ᠠᠵᠤ ᠠᠬᠤᠶᠢᠯᠠᠯ ᠢ ᠵᠤᠬᠢᠶᠠᠨ ᠪᠠᠶᠢᠭᠤᠯᠵᠤ ︽ᠣᠯᠣᠰ ᠠᠯᠤᠰᠯᠠᠭᠰᠡᠨ ᠺᠤᠮᠫᠠᠨᠢ ᠶᠢᠨ ᠦᠪᠤᠷ ᠮᠤᠩᠭᠤᠯ ᠳᠠᠬᠢ ᠠᠶᠠᠯᠠᠯ︾ ᠤᠨ ᠪᠡᠯᠡ ᠣᠷᠣᠭᠤᠯᠤᠯᠳᠠ ᠶᠢᠨ | ᠬᠠᠮᠳᠣᠷᠠᠯᠴᠠᠭ᠎ᠠ᠂ ᠳᠣᠮᠣ ᠳᠣᠬᠤᠶᠢᠳᠣ ᠣᠷᠣᠨ ᠤ ᠠᠷᠠᠯᠵᠢᠶᠠᠴᠢᠨ ᠣᠷᠢᠨ ᠪᠡᠯᠡ ᠣᠷᠣᠭᠤᠯᠬᠤ ᠳᠣᠰᠬᠠᠢ ᠳᠠᠯᠠᠪᠠᠢ ᠶᠢᠨ ᠳᠡᠯᠭᠡᠷᠡᠭᠦᠯᠤᠨ ᠳᠠᠨᠢᠯᠴᠠᠭᠤᠯᠬᠤ | ᠬᠤᠷᠠᠯ᠂ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠳᠡᠯᠭᠡᠨ ᠦᠵᠡᠭᠦᠯᠭᠡ ᠶᠢᠨ ᠬᠤᠷᠠᠯ ᠵᠡᠷᠭᠡ ᠳᠤ ᠣᠷᠣᠯᠴᠠᠭᠤᠯᠵᠤ᠂ ︽ᠬᠤᠤᠰ ᠨᠡᠭᠦᠷᠡᠰᠦᠳᠦ᠋ᠷᠣᠭ᠍ᠴᠢᠳᠣ︾ | ᠶᠢᠨ ᠠᠬᠤᠢ ᠪᠠᠶᠢᠳᠠᠯ ᠳᠣᠣᠷ᠎ᠠ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠨᠡᠭᠦᠷᠡᠰᠦᠳᠦ᠋ᠷᠣᠭ᠍ᠴᠢ ᠶᠢᠨ ᠳᠠᠪᠬᠤᠷ ᠢᠰᠦᠯ ᠢ ᠬᠤᠷᠢᠶᠠᠨ | ᠴᠣᠭᠯᠠᠭᠤᠯᠵᠤ ᠠᠰᠢᠭᠯᠠᠬᠤ ᠮᠡᠷᠭᠡᠵᠢᠯ ᠵᠢᠴᠢ ᠨᠡᠭᠦᠷᠡᠰᠣ ᠪᠠᠷ ᠰᠠᠭᠤᠷᠢᠯᠠᠭᠰᠡᠨ ᠬᠠᠳᠠᠭᠤ ᠪᠡᠶᠡᠳᠣ ᠬᠠᠶᠠᠭᠳᠠᠮᠠᠯ ᠡᠳ᠋ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠠᠵᠤ ᠦᠢᠯᠡᠰ ᠤᠨ ᠶᠡᠭᠡ ᠬᠤᠷᠠᠯ᠂ ᠨᠡᠭᠦᠷᠡᠰᠦᠳᠦ᠋ᠷᠣᠭ᠍ᠴᠢ ᠶᠢᠨ ᠳᠠᠪᠬᠤᠷ ᠢᠰᠦᠯ ᠦᠬᠡᠢ ᠠᠵᠤ ᠠᠬᠤᠢ ᠶᠢ ᠬᠦᠭᠵᠢᠭᠦᠯᠬᠦ ᠶᠢ ᠰᠠᠭᠤᠨ ᠶᠠᠷᠢᠯᠴᠠᠬᠤ | ᠬᠤᠷᠠᠯ ᠵᠢᠴᠢ ᠲᠦᠷᠦᠯ ᠵᠦᠢᠯ ᠢ ᠨᠢᠭᠡᠳᠦᠯᠳᠠᠢ ᠬᠡᠷ᠎ᠡ ᠳᠣᠭᠳᠠᠬᠤ ᠬᠤᠷᠠᠯ ᠵᠡᠷᠭᠡ ᠠᠵᠢᠯᠯᠠᠭ᠎ᠠ ᠶᠢ ᠳᠣᠳᠣᠭᠠᠳᠣ ᠳᠤ ᠪᠠᠨ ᠦᠷᠨᠢᠭᠦᠯᠵᠤ᠂ ᠡᠯ᠎ᠡ ᠳᠦᠷᠦᠯ ᠤᠨ | ᠶᠡᠭᠡ ᠭᠡᠪᠴᠢᠶᠡᠨ ᠤ ᠠᠵᠢᠯᠯᠠᠭ᠎ᠠ ᠶᠢ 10 ᠭᠠᠷᠣᠢ ᠣᠳᠠᠭ᠎ᠠ ᠵᠤᠬᠢᠶᠠᠨ ᠪᠠᠶᠢᠭᠤᠯᠪᠠ᠃ ᠵᠠᠮ ᠬᠠᠷᠢᠯᠴᠠᠭᠠᠨ ᠤ ᠰᠠᠭᠤᠷᠢ ᠳᠦᠬᠦᠭᠡᠷᠦᠮᠵᠢ ᠶᠢᠨ ᠲᠣᠯᠭᠠᠭᠤᠷᠢᠯᠠᠬᠤ | ᠭᠦᠴᠦᠨ ᠤ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠦᠤᠰᠢᠨ ᠬᠤᠰᠢᠭᠤᠨ ᠤ ᠨᠡᠶᠢᠳᠡᠮ ᠬᠡᠷᠡᠭᠯᠡᠭᠳᠡᠬᠦ ᠨᠢᠰᠭᠡᠯ ᠤᠨ ᠪᠠᠭᠤᠳᠠᠯ ᠢ ᠪᠠᠶᠢᠭᠤᠯᠤᠨ | ᠪᠦᠳᠦᠭᠡᠵᠤ ᠠᠶᠠᠯᠠᠯ ᠨᠡᠪᠳᠡᠷᠡᠭᠦᠯᠤᠨ᠂ ︽ᠳᠦᠷᠪᠡᠨ ᠬᠦᠨᠳᠡᠯᠡᠨ ᠭᠤᠷᠪᠠᠨ ᠭᠤᠤᠯᠲᠤ︾ ᠵᠠᠰᠠᠮᠠᠯ ᠵᠠᠮ ᠤᠨ ᠰᠦᠯᠵᠢᠶ᠎ᠡ ᠶᠢ ᠦᠨᠳᠦᠰᠦᠨ ᠳᠡᠭᠡᠨ | ᠪᠦᠷᠢᠯᠳᠦᠭᠦᠯᠵᠤ᠂ ᠪᠦᠬᠦ ᠬᠤᠰᠢᠭᠤᠨ ᠤ ᠠᠰᠢᠭᠯᠠᠭᠳᠠᠭᠰᠡᠨ ᠵᠠᠮ ᠤᠨ ᠣᠷᠳᠣ ᠨᠢ 4430 ᠺᠢᠯᠦᠮᠧᠲᠷ ᠲᠤ ᠭᠦᠷᠴᠣ᠂ ︽ᠪᠦᠬᠦ ᠣᠯᠣᠰ ᠤᠨ ᠭᠤᠷᠪᠠᠳᠣᠭᠠᠷ | ᠪᠦᠯᠦᠭ ᠬᠤᠳᠠ ᠬᠦᠳᠡᠭᠡᠨ ᠤ ᠵᠠᠮ ᠬᠠᠷᠢᠯᠴᠠᠭᠠᠨ ᠤ ᠵᠠᠮ ᠳᠡᠭᠡᠭᠡᠪᠤᠷᠢ ᠶᠢ ᠨᠢᠭᠡ ᠴᠤᠭᠴᠠᠵᠢᠭᠤᠯᠤᠭᠰᠡᠨ ᠵᠢᠱᠢᠶᠡᠴᠢ ᠰᠢᠶᠠᠨ︾ ᠢᠶᠠᠷ ᠦᠨᠡᠯᠡᠭᠳᠡᠨ᠂ ︽ᠬᠤᠶᠠᠷ | ᠬᠦᠨᠳᠡᠯᠡᠨ ᠨᠢᠭᠡ ᠭᠤᠤᠯᠲᠤ︾ ᠭᠤᠤᠯ ᠱᠣᠭᠤᠮ ᠤᠨ ᠳᠡᠮᠤᠷ ᠵᠠᠮ ᠢᠶᠠᠷ ᠲᠣᠶᠢᠮᠤ ᠪᠤᠯᠭᠠᠨ ᠪᠠᠶᠢᠭᠤᠯᠤᠨ ᠪᠦᠳᠦᠭᠡᠵᠤ᠂ ᠶᠡᠷᠦᠩᠬᠡᠢ ᠠᠶᠠᠯᠠᠯ ᠤᠨ ᠣᠷᠳᠣ ᠨᠢ | 488 ᠺᠢᠯᠤᠮᠧᠲᠷ ᠲᠤ ᠭᠦᠷᠴᠣ᠂ ᠳᠣᠳᠣᠭᠠᠳᠣ ᠭᠠᠳᠠᠭᠠᠳᠣ ᠶᠢ ᠨᠡᠪᠳᠡᠷᠡᠭᠦᠯᠤᠨ᠂ ᠬᠠᠵᠠᠭᠤ ᠬᠠᠪᠢ ᠶᠢ ᠨᠦᠯᠦᠭᠡᠯᠡᠨ᠂ ᠡᠬᠢ ᠪᠠᠶᠠᠯᠢᠭ ᠢ ᠨᠢᠭᠳᠠᠷᠠᠭᠤᠯᠤᠨ | ᠳᠠᠷᠬᠠᠭᠠᠵᠤ᠂ ᠴᠢᠬᠤᠯᠠ ᠡᠯᠧᠮᠧᠨ᠋ᠲ ᠢ ᠠᠭᠤᠰᠣᠯᠴᠠᠭᠤᠯᠤᠨ ᠨᠡᠪᠳᠡᠷᠡᠭᠦᠯᠵᠤ ᠪᠦᠬᠦ ᠬᠦᠷᠢᠶ᠎ᠡ ᠭᠡᠪᠴᠢᠶᠡᠨ ᠳᠤ ᠴᠢᠯᠦᠭᠡᠳᠠᠢ ᠠᠭᠤᠰᠣᠯᠴᠠᠬᠤ ᠳᠠᠪᠴᠠᠩ ᠢ | ᠴᠢᠷᠮᠠᠶᠢᠨ ᠪᠦᠳᠦᠭᠡᠨ ᠪᠠᠶᠢᠭᠤᠯᠬᠤ ᠪᠠᠷ ᠳᠠᠰᠣᠷᠠᠯᠳᠠ ᠦᠬᠡᠢ ᠣᠷᠣᠭᠰᠢᠯᠠᠪᠠ᠃ | ︵ᠭᠤᠷᠪᠠ︶ ᠪᠡᠯᠡ ᠣᠷᠣᠭᠤᠯᠤᠯᠳᠠ ᠶᠢᠨ ᠡᠷᠴᠢ ᠭᠦᠴᠦᠨ ᠢᠶᠠᠨ ᠭᠦᠢᠴᠡᠳ ᠪᠠᠳᠠᠷᠠᠭᠤᠯᠵᠤ᠂ ᠭᠦᠭᠵᠢᠯᠳᠡ ᠶᠢᠨ ᠳᠦᠯᠦᠪ ᠪᠠᠶᠢᠳᠠᠯ ᠢᠳᠡᠷᠡᠬᠦᠨ | ᠭᠦᠴᠦᠳᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠨᠢ ᠲᠤᠯᠭᠠᠭᠤᠷᠢ ᠭᠦᠴᠦᠳᠠᠢ᠃ ᠣᠳᠣᠷᠢᠳᠣᠯᠭ᠎ᠠ ᠠᠴᠠ ᠳᠠᠭᠠᠭᠠᠴᠢᠯᠠᠨ ᠬᠠᠷᠢᠯᠴᠠᠵᠤ ᠠᠬᠢᠭᠤᠯᠬᠤ᠂ | ᠳᠣᠭᠳᠠᠭᠰᠡᠨ ᠬᠤᠭᠤᠴᠠᠭ᠎ᠠ ᠲᠠᠢ ᠪᠠᠷ ᠳᠣᠬᠢᠷᠠᠭᠤᠯᠬᠤ᠂ ᠳᠣᠬᠠᠢ ᠶᠢᠨ ᠳᠠᠯᠠᠪᠤᠷ ᠲᠤ ᠠᠯᠪᠠᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠳᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠳᠬᠤᠵᠤ᠂ ᠪᠦᠬᠦ ᠬᠤᠰᠢᠭᠤᠨ ᠤ ᠬᠤᠳᠠ ᠶᠢᠨ ᠱᠠᠳᠣᠨ ᠠᠴᠠ ᠳᠣᠬᠢᠷᠠᠭᠤᠯᠤᠭᠰᠡᠨ | ᠳ᠋ᠦᠩᠰᠢᠭᠤᠷ ᠳᠦᠭᠦᠷᠢᠭ ᠠᠴᠠ ᠳᠡᠭᠡᠭᠰᠢ 29 ᠴᠢᠬᠤᠯᠠ ᠶᠡᠭᠡ ᠳᠦᠷᠦᠯ ᠵᠤᠶᠢᠯ ᠤᠨ 256.5 ᠳ᠋ᠦᠩᠰᠢᠭᠤᠷ ᠳᠦᠭᠦᠷᠢᠭ ᠤᠨ ᠪᠡᠯᠡ ᠣᠷᠣᠭᠤᠯᠤᠯᠳᠠ ᠶᠢ | ᠪᠡᠶᠡᠯᠡᠭᠦᠯᠵᠤ᠂ ᠡᠭᠦᠨ ᠳᠤ ᠪᠤᠤ ᠹᠧᠩ ᠤᠨ 300 ᠳᠦᠮᠡᠨ ᠳᠣᠨ ᠤ ᠠᠯᠺᠧᠨ ᠦᠢᠯᠡᠳᠬᠦ ᠲᠦᠷᠦᠯ ᠵᠦᠢᠯ ᠢ ᠳᠣᠬᠠᠢ ᠶᠢᠨ ᠵᠢᠯ ᠳᠤ 140 ᠳ᠋ᠦᠩᠰᠢᠭᠤᠷ | ᠳᠦᠭᠦᠷᠢᠭ ᠤᠨ ᠪᠡᠯᠡ ᠣᠷᠣᠭᠤᠯᠤᠯᠳᠠ ᠶᠢ ᠪᠡᠶᠡᠯᠡᠭᠦᠯᠤᠨ᠂ ᠳᠣᠭᠳᠠᠮᠠᠯ ᠭᠦᠷᠦᠩᠭᠡ ᠶᠢᠨ ᠪᠡᠯᠡ ᠣᠷᠣᠭᠤᠯᠤᠯᠳᠠ ᠶᠢᠨ ᠬᠤᠷᠳᠣᠴᠠ ᠨᠢ ᠪᠦᠬᠦ ᠬᠤᠳᠠ ᠶᠢᠨ | ᠳᠣᠳᠣᠷ᠎ᠠ ᠳᠦᠷᠦᠭᠦᠯᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠡᠮᠵᠢᠶ᠎ᠡ ᠪᠠ ᠴᠢᠨᠠᠷ ᠨᠢ ᠳᠠᠬᠢᠨ ᠢᠶᠠᠷ ᠳᠡᠭᠡᠭᠰᠢᠯᠡᠪᠡ᠃ ᠰᠢᠨᠵᠢᠯᠡᠭᠡ ᠮᠡᠷᠭᠡᠵᠢᠯ | ᠤᠨ ᠨᠦᠭᠦᠴᠡᠯ ᠢ ᠪᠦᠷᠢᠯᠳᠦᠭᠦᠯᠤᠨ ᠴᠢᠨᠠᠷ ᠢᠶᠠᠨ ᠳᠡᠭᠡᠭᠰᠢᠯᠡᠭᠦᠯᠵᠤ ᠠᠰᠢᠭᠯᠡᠮᠵᠢ ᠪᠠᠨ ᠨᠡᠮᠡᠭᠳᠡᠭᠦᠯᠪᠠ᠃ ᠵᠦᠩ ᠮᠸᠢ ᠶᠣᠸᠠᠨ ᠰᠢᠩ ᠤᠨ ᠳᠣᠭᠠᠴᠢᠯᠠᠯᠳᠠ ᠪᠠᠷ | ᠬᠡᠯᠪᠡᠷᠢ ᠪᠠᠨ ᠬᠤᠪᠢᠷᠠᠭᠤᠯᠬᠤ᠂ ᠵᠦᠩ ᠮᠸᠢ ᠣᠷᠳᠣᠰ ᠡᠨᠧᠷᠬᠢ ᠶᠢᠨ ᠬᠢᠮᠢ ᠶᠢᠨ ᠣᠶᠤᠨᠴᠢᠯᠠᠭᠰᠡᠨ ᠬᠢᠮᠢ ᠶᠢᠨ ᠠᠵᠤ ᠦᠢᠯᠡᠳᠪᠤᠷᠢ᠂ ᠪᠠᠶᠠᠠᠭᠤᠤᠯ ᠤᠨ | ᠨᠡᠭᠦᠷᠡᠰᠣᠨ ᠠᠭᠤᠷᠬᠠᠢ ᠶᠢᠨ 5G + ᠣᠶᠤᠨᠯᠢᠭ ᠠᠭᠤᠷᠬᠠᠢ ᠶᠢᠨ ᠠᠭᠤᠯᠠᠨ ᠤ ᠪᠦᠳᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ ᠨᠠᠶᠢᠳᠠᠪᠤᠷᠢᠵᠢᠭᠤᠯᠪᠠ᠃ | ᠣᠷᠳᠣᠰ ᠤᠨ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠡᠭᠦᠳᠦᠯᠴᠢ ᠮᠡᠷᠭᠡᠵᠢᠯ ᠢ ᠳᠣᠮᠳᠠ ᠬᠤᠭᠤᠴᠠᠭᠠᠨ ᠳᠤ ᠳᠣᠷᠰᠢᠬᠤ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠪᠡ᠃ ᠳ᠋ᠠ ᠯᠢᠶᠠᠨ ᠤ ᠬᠢᠮᠢ ᠹᠢᠽᠢᠺ ᠤᠨ ᠰᠣᠳᠣᠯᠭᠠᠨ ᠤ ᠳᠠᠰᠤᠭ᠂ ᠴᠢᠩᠬᠤᠸᠠ ᠶᠡᠭᠡ | ᠰᠣᠷᠭᠠᠭᠤᠯᠢ᠂ ᠨᠠᠨᠵᠢᠩ ᠠᠵᠤ ᠦᠢᠯᠡᠳᠪᠤᠷᠢ ᠶᠢᠨ ᠶᠡᠭᠡ ᠰᠣᠷᠭᠠᠭᠤᠯᠢ ᠵᠡᠷᠭᠡ ᠬᠦᠷᠢᠶᠡᠯᠡᠩ ᠰᠠᠯᠪᠤᠷᠢ ᠳᠡᠭᠡᠳᠣ ᠰᠣᠷᠭᠠᠭᠤᠯᠢ ᠯᠤᠭ᠎ᠠ ᠣᠷᠢᠳ ᠬᠤᠵᠢᠳ | ᠬᠠᠮᠳᠣᠷᠠᠯᠴᠠᠭᠠᠨ ᠤ ᠬᠡᠷ᠎ᠡ ᠳᠣᠭᠳᠠᠵᠤ᠂ ᠭᠠᠯᠠᠭᠤᠳᠣ ᠪᠠᠯᠭᠠᠰᠣᠨ ᠤ ᠳ᠋ᠣᠺᠲ᠋ᠣᠷ ᠤᠨ ᠠᠵᠢᠯᠯᠠᠭᠠᠨ ᠤ ᠦᠷᠳᠡᠭᠡ᠂ ᠮᠤᠤᠠᠤᠰᠤ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠪᠠ ᠦᠷᠭᠦᠯᠵᠢᠯᠡᠬᠦᠶᠢᠴᠡ ᠬᠦᠭᠵᠢᠯᠳᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠦᠪ ᠵᠡᠷᠭᠡ ᠦᠢᠯᠡᠳᠪᠤᠷᠢᠯᠡᠯ | ᠰᠣᠳᠣᠯᠭᠠᠨ ᠤ ᠳᠠᠪᠴᠠᠩ ᠢ ᠪᠠᠶᠢᠭᠤᠯᠪᠠ᠃ ᠵᠦᠩ ᠮᠸᠢ ᠣᠷᠳᠣᠰ ᠡᠨᠧᠷᠬᠢ ᠶᠢᠨ ᠬᠢᠮᠢ ᠶᠢᠨ ᠠᠵᠤ ᠦᠢᠯᠡᠳᠪᠤᠷᠢ ᠶᠢᠨ ᠨᠡᠭᠦᠷᠡᠰᠦᠳᠦ᠋ᠷᠣᠭ᠍ᠴᠢ ᠶᠢᠨ ᠳᠠᠪᠬᠤᠷ | ᠢᠰᠦᠯ ᠳᠤ ᠣᠰᠣᠳᠦ᠋ᠷᠣᠭ᠍ᠴᠢ ᠶᠢ ᠨᠡᠮᠡᠵᠤ ᠮᠧᠲ᠋ᠢᠯ ᠠᠯᠺᠦᠣᠯ ᠢ ᠡᠭᠦᠳᠬᠦ ᠮᠡᠷᠬᠡᠵᠢᠯ ᠢ ᠡᠭᠦᠳᠴᠣ ᠳᠤᠷᠰᠢᠯᠲᠠ ᠳᠤ ᠣᠷᠣᠭᠤᠯᠤᠭᠰᠡᠨ ᠠᠵᠢᠯᠯᠠᠭ᠎ᠠ ᠨᠢ | ᠦᠪᠡᠷᠳᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠳᠣᠰᠬᠠᠢ ᠳᠦᠷᠦᠯ ᠤᠨ 1000 ᠲᠦᠮᠡᠨ ᠳᠦᠭᠦᠷᠢᠭ ᠤᠨ ᠣᠷᠣᠭᠤᠯᠤᠯᠳᠠ ᠶᠢ | ᠠᠮᠵᠢᠯᠳᠠ ᠲᠠᠢ ᠮᠡᠳᠡᠭᠦᠯᠤᠨ ᠭᠠᠷᠳᠠᠪᠠ᠃ ᠪᠦᠬᠦ ᠨᠡᠶᠢᠬᠡᠮ ᠤᠨ ᠰᠣᠳᠣᠯᠣᠨ ᠡᠭᠦᠳᠦᠯᠳᠡ ᠶᠢᠨ ᠪᠡᠯᠡ ᠮᠦᠩᠭᠦᠨ ᠤ ᠪᠡᠯᠡ ᠣᠷᠣᠭᠤᠯᠤᠯᠳᠠ ᠨᠢ 12.5% ᠪᠠᠷ | ᠨᠡᠮᠡᠭᠳᠡᠨ᠂ ︽ᠭᠤᠷᠪᠠ ᠶᠢ ᠣᠰᠠᠳᠬᠠᠭᠰᠡᠨ︾ ᠠᠵᠤ ᠠᠬᠤᠶᠢᠯᠠᠯ ᠨᠢ 14 ᠪᠤᠯᠵᠤ᠂ 4 ᠳᠡᠭᠡᠳᠣ ᠵᠡᠷᠭᠡ ᠶᠢᠨ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 14 | ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠣᠮᠳᠠ ᠪᠠᠭ᠎ᠠ ᠠᠵᠤ ᠠᠬᠤᠶᠢᠯᠠᠯ᠂ 1 ᠡᠭᠦᠳᠦᠯᠴᠢ ᠬᠡᠯᠪᠡᠷᠢ ᠶᠢᠨ ᠳᠣᠮᠳᠠ ᠪᠠᠭ᠎ᠠ ᠠᠵᠤ ᠠᠬᠤᠶᠢᠯᠠᠯ ᠰᠢᠨ᠎ᠡ ᠪᠠᠷ | ᠨᠡᠮᠡᠭᠳᠡᠪᠡ᠃ ᠪᠦᠬᠦ ᠣᠷᠣᠨ ᠤ ᠠᠩᠬᠠᠳᠠᠭᠴᠢ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠡᠭᠦᠳᠦᠯᠴᠢ ᠮᠡᠷᠭᠡᠵᠢᠯ ᠢ ᠳᠣᠮᠳᠠ | ᠬᠤᠭᠤᠴᠠᠭᠠᠨ ᠳᠤ ᠳᠣᠷᠰᠢᠯᠳᠠ ᠬᠢᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ ᠡᠬᠢᠯᠡᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠳᠣᠭᠤᠷᠢᠨ ᠪᠦᠬᠦ ᠳᠠᠯ᠎ᠠ | ᠪᠠᠷ ᠰᠢᠯᠢᠳᠡᠭᠵᠢᠪᠡ᠃ ︽ᠦᠤᠰᠢᠨ ᠬᠤᠰᠢᠭᠤᠨ ᠤ ᠳᠡᠷᠢᠭᠦᠨ ᠳᠡᠰ ᠤᠨ ᠬᠤᠳᠠᠯᠳᠤᠭ᠎ᠠ ᠡᠷᠬᠢᠯᠡᠬᠦ ᠣᠷᠴᠢᠨ ᠳᠣᠭᠤᠷᠢᠨ ᠢ ᠪᠦᠷᠢᠯᠳᠦᠭᠦᠯᠬᠦ ᠶᠢ ᠬᠡᠷᠡᠭᠵᠢᠭᠦᠯᠬᠦ | ᠳᠦᠰᠦᠯ︾ ᠢ ᠨᠠᠶᠢᠷᠠᠭᠤᠯᠤᠨ ᠳᠠᠷᠬᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠳᠣᠭᠤᠷᠢᠨ ᠢ ᠠᠬᠢᠭᠤᠯᠬᠤ ᠳᠦᠪ ᠢ ᠪᠠᠶᠢᠭᠤᠯᠵᠤ᠂ ︽ᠬᠤᠳᠠ ᠶᠢᠨ ᠵᠠᠰᠠᠭ | ᠵᠠᠬᠢᠷᠭᠠᠨ ᠤ ᠳᠦᠭᠦᠭᠡᠷᠦᠮᠵᠢ ᠶᠢᠨ ᠠᠷᠪᠠᠨ ᠦᠨᠡᠮᠯᠡᠯ ᠢ ᠨᠢᠭᠡᠳᠭᠡᠬᠦ︾ ᠵᠡᠷᠭᠡ ᠦᠭᠡᠷᠡᠴᠢᠯᠡᠯᠳᠡ ᠶᠢ ᠠᠬᠢᠭᠤᠯᠵᠤ᠂ ᠰᠢᠨ᠎ᠡ ᠪᠠᠷ 3894 ᠵᠠᠬ᠎ᠠ ᠳᠡᠯᠭᠡᠭᠦᠷ ᠤᠨ | ᠭᠤᠤᠯ ᠴᠣᠭᠴᠠ ᠨᠡᠮᠡᠭᠳᠡᠨ᠂ 68% ᠪᠠᠷ ᠨᠡᠮᠡᠭᠳᠡᠨ᠂ 24.5 ᠳ᠋ᠦᠩᠰᠢᠭᠤᠷ ᠳᠦᠭᠦᠷᠢᠭ ᠤᠨ ᠭᠠᠶᠢᠯᠢ ᠶᠢᠨ ᠵᠠᠷᠣᠳᠠᠯ ᠢ ᠬᠡᠯᠳᠦᠷᠢᠭᠦᠯᠪᠡ᠃ ᠮᠦᠩᠭᠡ ᠰᠣᠪᠠᠭ | APP ᠶᠢ ᠳᠦᠰᠢᠭᠯᠡᠨ ᠪᠦᠬᠦ ᠬᠤᠰᠢᠭᠤᠨ ᠤ 1612 ᠲᠦᠷᠦᠯ ᠤᠨ ᠵᠠᠰᠠᠭ ᠵᠠᠬᠢᠷᠭᠠᠨ ᠤ ᠶᠠᠪᠤᠳᠠᠯ ᠢ ᠠᠯᠭᠠᠨ ᠳᠡᠭᠡᠷ᠎ᠡ ᠪᠠᠨ ᠰᠢᠢᠳᠪᠤᠷᠢᠯᠡᠵᠤ᠂ ᠪᠦᠬᠦ | ᠶᠠᠪᠤᠴᠠ ᠶᠢ ᠠᠯᠠᠭᠠᠨ ᠳᠡᠭᠡᠷ᠎ᠡ ᠰᠢᠢᠳᠪᠤᠷᠢᠯᠡᠵᠤ ᠪᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠨᠢ 80% ᠳᠤ ᠭᠦᠷᠴᠣ᠂ ᠨᠢᠭᠡ ᠰᠦᠯᠵᠢᠶᠡᠨ | ᠳᠡᠭᠡᠷ᠎ᠡ ᠨᠡᠶᠢᠳᠡᠮ ᠰᠢᠢᠳᠪᠤᠷᠢᠯᠡᠵᠤ ᠪᠤᠯᠬᠤ ᠨᠤᠷᠮ᠎ᠠ ᠨᠢ 87.9% ᠳᠤ ᠬᠦᠷᠴᠠᠢ᠃ 1717 ᠲᠦᠷᠦᠯ ᠤᠨ ᠵᠠᠰᠠᠭ ᠤᠨ ᠶᠠᠪᠤᠳᠠᠯ ᠢ ︽ᠶᠠᠷᠦᠩᠬᠡᠶᠢᠯᠡᠭᠰᠡᠨ | ᠴᠣᠩᠬᠤ︾ ᠳᠡᠭᠡᠷ᠎ᠡ ᠰᠢᠢᠳᠪᠤᠷᠢᠯᠡᠬᠦ ᠶᠢ ᠪᠡᠶᠡᠯᠡᠭᠦᠯᠵᠤ᠂ 324 ᠳᠦᠷᠦᠯ ᠤᠨ ᠠᠷᠠᠳ ᠤᠨ ᠠᠮᠢᠳᠣᠷᠠᠯ ᠤᠨ ᠲᠦᠷᠦᠯ ᠵᠦᠢᠯ ᠢ ᠮᠤᠵᠢ ᠠᠯᠤᠰᠯᠠᠨ ᠪᠡᠶᠡᠯᠡᠭᠦᠯᠪᠡ | ᠃ ᠣᠳᠣᠬᠢᠴᠢᠯᠠᠭᠰᠡᠨ ᠦᠢᠯᠡᠴᠢᠯᠡᠭᠡᠨ ᠤ ᠦᠢᠯᠡᠰ ᠦᠷᠨᠢᠨ ᠭᠦᠭᠵᠢᠪᠡ᠃ ︽ᠪᠤᠷᠣᠳᠣᠬᠤᠢ ᠬᠦᠮᠤᠨ︾ ᠢ ᠢᠯᠡᠷᠡᠭᠦᠯᠤᠭ᠍ᠰᠡᠨ 100 ᠵᠢᠯ ᠤᠨ ᠣᠢ ᠶᠢᠨ ᠣᠯᠠᠨ | ᠣᠯᠣᠰ ᠤᠨ ᠶᠠᠷᠢᠶᠠᠨ ᠤ ᠳᠠᠪᠴᠠᠩ ᠢ ᠠᠮᠵᠢᠯᠳᠠ ᠲᠠᠢ ᠡᠷᠬᠢᠯᠡᠪᠡ᠃ ᠰᠢᠷᠬᠤᠰᠣ᠂ ᠬᠤᠷ᠎ᠠ ᠣᠰᠣ᠂ ᠦᠤᠰᠢᠨ ᠵᠢᠷᠤᠭ᠎ᠠ ᠮᠤᠷᠢ ᠶᠢᠨ ᠰᠣᠶᠤᠯ ᠵᠢᠭᠤᠯᠴᠢᠯᠠᠯ ᠤᠨ | ᠳᠣᠭᠤᠷᠢᠭ ᠲᠤ ᠳᠡᠰ ᠳᠡᠪᠰᠢᠭᠦᠯᠤᠨ ᠦᠭᠡᠷᠡᠴᠢᠯᠡᠯᠳᠡ ᠬᠢᠵᠤ᠂ ᠲᠦᠮᠡᠨᠳᠣ ᠬᠤᠳᠠ ᠶᠢᠨ ᠣᠯᠣᠰ ᠤᠨ ᠳᠡᠰ ᠤᠨ ᠬᠠᠭᠤᠴᠢ ᠰᠣᠳᠣᠯᠣᠯ ᠤᠨ ᠬᠦᠷᠢᠶᠡᠯᠡᠩ ᠲᠠᠢ | ᠬᠠᠮᠳᠣ ︽ᠨᠢᠭᠡ ᠪᠢᠯᠧᠲ ᠢᠶᠠᠷ ᠬᠤᠶᠠᠷ ᠭᠠᠵᠠᠷ ᠲᠤ ᠵᠤᠭᠠᠴᠠᠬᠤ︾ ᠶᠢ ᠪᠡᠶᠡᠯᠡᠭᠦᠯᠤᠨ᠂ ᠮᠤᠷᠢᠨ ᠬᠤᠭᠤᠷ ᠤᠨ ᠨᠠᠶᠢᠷᠠᠯ ᠬᠦᠭᠵᠢᠮ ᠤᠨ ᠪᠦᠯᠬᠦᠮ ᠨᠢ ᠲᠦᠪ | ᠤᠨ ᠳᠠᠭᠤᠣ ᠵᠦᠴᠦᠬᠡ ᠶᠢᠨ ᠲᠢᠶᠠᠲᠷ ᠲᠤ ᠳᠣᠭᠯᠠᠯᠳᠠ ᠭᠠᠷᠭᠠᠪᠠ᠃ ᠠᠷᠪᠠᠳᠣᠭᠠᠷ ᠬᠤᠭᠤᠴᠠᠭᠠᠨ ᠤ ᠰᠢᠷᠬᠤᠰᠣᠨ ᠤ ᠰᠣᠶᠤᠯ ᠣᠷᠠᠯᠢᠭ ᠤᠨ ᠨᠠᠶᠢᠷ ᠵᠡᠷᠭᠡ | ᠰᠢᠰᠲ᠋ᠧᠮᠴᠢᠯᠡᠭᠰᠡᠨ ᠳᠣᠮᠤ ᠬᠡᠯᠪᠡᠷᠢ ᠶᠢᠨ ᠰᠣᠶᠤᠯ ᠵᠢᠭᠤᠯᠴᠢᠯᠠᠯ ᠤᠨ ᠪᠠᠶᠠᠷ ᠳᠣᠷᠠᠰᠬᠠᠯ ᠤᠨ ᠬᠦᠳᠡᠯᠭᠡᠭᠡᠨ ᠢ 20 ᠭᠠᠷᠣᠢ ᠣᠳᠠᠭ᠎ᠠ ᠵᠤᠬᠢᠶᠠᠨ ᠪᠠᠶᠢᠭᠤᠯᠵᠤ᠂ | ᠣᠯᠠᠨ ᠳᠦᠮᠡᠨ ᠳᠤ 40 ᠲᠦᠮᠡᠨ ᠬᠦᠮᠤᠨ ᠣᠳᠠᠭ᠎ᠠ ᠦᠢᠯᠡᠴᠢᠯᠡᠭᠡ ᠬᠠᠩᠭᠠᠪᠠ᠃ ᠪᠠᠳᠣ ᠶᠢᠨ ᠳᠣᠬᠤᠢ ᠶᠢᠨ ᠬᠤᠪᠢᠰᠬᠠᠯ ᠤᠨ ᠰᠣᠶᠤᠯ ᠤᠨ ᠳᠣᠰᠬᠤᠨ ᠢ | ᠪᠠᠶᠢᠭᠤᠯᠤᠨ ᠪᠦᠳᠦᠭᠡᠵᠤ ᠠᠰᠢᠭᠯᠠᠯᠳᠠ ᠳᠤ ᠣᠷᠣᠭᠤᠯᠤᠨ᠂ ᠦᠪᠡᠷᠳᠡᠭᠡᠨ ᠵᠠᠰᠠᠬᠤ ᠣᠷᠣᠨ ᠤ ︽ᠦᠵᠡᠰᠭᠦᠯᠡᠩᠳᠣ ᠰᠠᠶᠢᠬᠠᠨ ᠣᠮᠠᠷᠠᠳᠣ ᠬᠢᠯᠢ ᠬᠤᠪᠢᠰᠬᠠᠯ ᠤᠨ | ᠪᠤᠯᠪᠠᠰᠣᠷᠠᠯ ᠬᠦᠮᠤᠵᠢᠯ ᠤᠨ ᠰᠣᠳᠣᠯᠤᠨ ᠰᠣᠷᠣᠯᠴᠠᠬᠤ ᠵᠢᠭᠤᠯᠴᠢᠯᠠᠯ ᠤᠨ ᠱᠣᠭᠤᠮ︾ ᠳᠤ ᠪᠠᠭᠳᠠᠭᠠᠭᠳᠠᠪᠠ᠃ ᠪᠦᠬᠦ ᠬᠤᠰᠢᠭᠤ ᠨᠡᠶᠢᠳᠡ 176 ᠲᠦᠮᠡᠨ | ᠭᠦᠮᠤᠨ ᠣᠳᠠᠭ᠎ᠠ ᠶᠢᠨ ᠵᠢᠭᠤᠯᠴᠢᠯᠠᠭᠰᠠᠳ ᠢ ᠵᠤᠴᠢᠯᠠᠨ᠂ 48% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠨᠢ 45 ᠳ᠋ᠦᠩᠰᠢᠭᠤᠷ | ᠳᠦᠭᠦᠷᠢᠭ ᠢ ᠪᠡᠶᠡᠯᠡᠭᠦᠯᠤᠨ᠂ 47% ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠣᠭᠠᠨ ᠤ ᠦᠢᠯᠡᠴᠢᠯᠡᠭᠡᠨ ᠤ ᠦᠢᠯᠡᠰ ᠢ ᠦᠷᠭᠦᠯᠵᠢᠯᠡᠨ ᠬᠦᠭᠵᠢᠭᠦᠯᠵᠤ᠂ | ᠦᠨᠳᠦᠰᠦᠨ ᠱᠠᠳᠣᠨ ᠤ ᠡᠯᠧᠺᠲᠷᠣᠨ ᠬᠤᠳᠠᠯᠳᠣᠭᠠᠨ ᠤ ᠦᠢᠯᠡᠴᠢᠯᠡᠭᠡᠨ ᠤ ᠦᠷᠳᠡᠭᠡ ᠶᠢ 33 ᠰᠢᠨ᠎ᠡ ᠪᠠᠷ ᠪᠠᠶᠢᠭᠤᠯᠵᠤ᠂ ᠰᠦᠯᠵᠢᠶᠡᠨ ᠤ ᠵᠢᠵᠢᠭᠯᠡᠨ | ᠬᠤᠳᠠᠯᠳᠣᠭᠰᠡᠨ ᠦᠷᠳᠡᠭ 4189 ᠲᠦᠮᠡᠨ ᠳᠦᠭᠦᠷᠢᠭ ᠲᠤ ᠭᠦᠷᠴᠠᠢ᠃ ᠪᠦᠬᠦ ᠵᠢᠯ ᠤᠨ ᠵᠠᠰᠠᠮᠠᠯ ᠵᠠᠮ ᠪᠠ ᠳᠡᠮᠤᠷ ᠵᠠᠮ ᠤᠨ ᠪᠠᠷᠠᠭ᠎ᠠ ᠳᠡᠭᠡᠭᠡᠪᠤᠷᠢ ᠶᠢᠨ | ᠶᠡᠷᠦᠩᠬᠡᠢ ᠬᠡᠮᠵᠢᠶ᠎ᠡ ᠨᠢ ᠳᠣᠰ ᠪᠦᠷᠢ 1694 ᠳᠦᠮᠡᠨ ᠳᠣᠨ ᠪᠠ 3005 ᠳᠦᠮᠡᠨ ᠳᠣᠨ ᠳᠤ ᠭᠦᠷᠴᠠᠢ᠃ | ︵ᠳᠦᠷᠪᠡ︶ ᠬᠤᠳᠠ ᠬᠦᠳᠡᠭᠡᠨ ᠤ ᠪᠦᠳᠦᠭᠡᠨ ᠪᠠᠶᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠣᠷᠣᠰᠢᠨ ᠰᠠᠭᠤᠷᠢᠰᠢᠬᠤ ᠳᠤ ᠳᠣᠬᠢᠷᠠᠬᠤ ᠬᠡᠮᠵᠢᠶ᠎ᠡ | ᠨᠢ ᠡᠳᠦᠷ ᠢᠷᠡᠬᠦᠶ᠎ᠠ ᠳᠡᠭᠡᠭᠰᠢᠯᠡᠪᠡ | ᠬᠤᠳᠠ ᠶᠢᠨ ᠵᠠᠬᠢᠷᠭᠠᠨ ᠤ ᠰᠠᠭᠤᠷᠢ ᠳᠦᠬᠦᠭᠡᠷᠦᠮᠵᠢ ᠦᠷᠭᠦᠯᠵᠢᠯᠡᠨ ᠳᠡᠭᠦᠯᠳᠡᠷᠵᠢᠪᠡ᠃ ᠳᠦᠭᠡᠮᠡᠯ ᠣᠰᠣ᠂ ᠬᠠᠭᠤᠴᠢᠷᠠᠭᠰᠡᠨ ᠰᠢᠳᠠᠮᠠᠬᠠᠢ ᠬᠡᠢ᠂ | ᠳᠤᠯᠠᠭᠠᠯᠠᠭ᠎ᠠ ᠬᠠᠩᠭᠠᠯᠭ᠎ᠠ ᠶᠢᠨ ᠪᠦᠬᠦ ᠨᠡᠶᠢᠳᠡ 152 ᠬᠢᠯᠤᠮᠧᠲᠷ ᠭᠠᠭᠴᠠ ᠬᠡᠷᠡᠭᠯᠡᠭᠡᠨ ᠤ ᠬᠤᠭᠤᠯᠠᠢ ᠰᠣᠪᠠᠭ ᠢ ᠰᠢᠨᠡᠳᠭᠡᠨ ᠦᠭᠡᠷᠡᠴᠢᠯᠡᠵᠤ᠂ | ᠬᠠᠳᠠᠭᠤᠵᠢᠯᠳᠠ ᠨᠤᠭᠤᠭᠠᠷᠠᠭᠤᠯᠤᠯᠳᠠ ᠶᠢᠨ 37.8 ᠳᠦᠮᠡᠨ ᠳᠡᠭᠰᠢ ᠳᠦᠷᠪᠡᠯᠵᠢᠨ ᠮᠧᠲᠷ᠂ ᠵᠡᠭᠡᠯᠢ ᠭᠤᠳᠣᠮᠵᠢ ᠶᠢᠨ ᠵᠠᠮ ᠤᠨ ᠭᠠᠳᠠᠷᠭᠤ ᠶᠢᠨ 12.3 | ᠳᠦᠮᠡᠨ ᠳᠡᠭᠰᠢ ᠳᠦᠷᠪᠡᠯᠵᠢᠨ ᠮᠧᠲᠷ᠂ 4 ᠬᠠᠭᠤᠴᠢᠷᠠᠭᠰᠡᠨ ᠰᠠᠭᠤᠭᠠᠯᠢ ᠳᠣᠭᠤᠷᠢᠭ ᠤᠨ ᠬᠠᠯᠠᠨ ᠰᠠᠶᠢᠵᠢᠷᠠᠭᠤᠯᠤᠯᠳᠠ ᠶᠢ ᠪᠡᠶᠡᠯᠡᠭᠦᠯᠪᠡ᠃ ᠬᠤᠳᠠ ᠶᠢᠨ | ᠵᠠᠬᠢᠷᠭᠠᠨ ᠤ 4 ᠵᠤᠷᠪᠤᠰ ᠵᠠᠰᠠᠮᠯ ᠵᠠᠮ ᠢ ᠰᠢᠨ᠎ᠡ ᠪᠠᠷ ᠰᠡᠯᠪᠢᠨ᠂ ᠪᠢᠴᠢᠯ ᠴᠡᠴᠡᠷᠯᠢᠭ᠂ ᠵᠢᠵᠢᠭ ᠬᠦᠷᠢᠶᠡᠯᠡᠩ ᠢ 4 ᠪᠠᠶᠢᠭᠤᠯᠵᠤ᠂ 3700 ᠣᠯᠠᠨ ᠨᠡᠶᠢᠳᠡ | ᠶᠢᠨ ᠳᠡᠷᠭᠡᠨ ᠵᠤᠭᠰᠣᠭᠠᠯ ᠢ ᠨᠡᠮᠡᠵᠤ ᠪᠠᠶᠢᠭᠤᠯᠪᠠ᠃ 12.7 ᠳᠦᠮᠡᠨ ᠳᠡᠭᠰᠢ ᠳᠦᠷᠪᠡᠯᠵᠢᠨ ᠮᠧᠲᠷ ᠭᠠᠵᠠᠷ ᠢ ᠨᠡᠮᠡᠵᠤ ᠨᠤᠭᠤᠭᠠᠷᠠᠭᠤᠯᠤᠨ᠂ 6 ᠺᠢᠯᠤᠮᠧᠲᠷ | ᠵᠠᠮ ᠢ ᠨᠤᠭᠤᠭᠠᠷᠠᠭᠤᠯᠵᠤ᠂ ᠬᠦᠮᠤᠨ ᠳᠣᠮᠳᠠᠴᠢ ᠨᠤᠭᠤᠭᠠᠷᠠᠭᠤᠯᠤᠭᠰᠡᠨ ᠭᠠᠵᠠᠷ ᠤᠨ ᠳᠠᠯᠠᠪᠠᠢ ᠨᠢ 41.18 ᠳᠡᠭᠰᠢ ᠳᠦᠷᠪᠡᠯᠵᠢᠨ ᠮᠧᠲᠷ ᠲᠤ ᠭᠦᠷᠴᠠᠢ᠃ | ᠬᠦᠳᠡᠭᠡ ᠳᠣᠰᠬᠤᠨ ᠢ ᠭᠦᠭᠵᠢᠭᠦᠯᠤᠨ ᠮᠠᠨᠳᠣᠭᠤᠯᠬᠤ ᠶᠢ ᠪᠦᠬᠦ ᠳᠠᠯ᠎ᠠ ᠪᠠᠷ ᠠᠬᠢᠭᠤᠯᠪᠠ᠃ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ | ᠭᠦᠭᠵᠢᠯᠳᠡ ᠨᠢ ᠳᠠᠰᠣᠷᠠᠯᠳᠠ ᠦᠬᠡᠢ ᠪᠠᠷ ᠪᠦᠬᠦ ᠬᠤᠳᠠ ᠶᠢᠨ ᠡᠮᠤᠨ᠎ᠡ ᠡᠩᠨᠡᠭᠡᠨ ᠳᠤ ᠳᠠᠪᠰᠢᠨ ᠣᠷᠣᠵᠤ᠂ ᠬᠡᠷᠡᠭᠯᠡᠭᠡᠨ ᠢᠶᠠᠷ ᠳᠡᠳᠭᠦᠬᠦ ᠭᠦᠴᠦᠨ | ᠦᠷᠭᠦᠯᠵᠢᠯᠡᠨ ᠴᠢᠩᠭᠠᠷᠠᠵᠤ᠂ ᠳᠣᠰᠬᠤᠨ ᠤ ᠪᠡᠯᠡ ᠣᠷᠣᠭᠤᠯᠤᠯᠳᠠ ᠶᠢᠨ 6 ᠺᠤᠮᠫᠠᠨᠢ ᠢ ᠪᠠᠶᠢᠭᠤᠯᠵᠤ᠂ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠳᠡ | ᠪᠠ ︽ᠬᠤᠶᠠᠳᠣᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠵᠢᠱᠢᠶ᠎ᠡ ᠭᠠᠴᠠᠭ᠎ᠠ ᠳᠣᠰᠬᠤᠨ ᠢ 23 ᠪᠤᠯᠭᠠᠵᠤ᠂ ᠬᠡᠷᠡᠭᠯᠡᠭᠡᠨ ᠤ | ᠳᠡᠳᠭᠦᠯᠳᠡ 2.6 ᠳ᠋ᠦᠩᠰᠢᠭᠤᠷ ᠳᠦᠭᠦᠷᠢᠭ ᠢ ᠪᠡᠶᠡᠯᠡᠭᠦᠯᠤᠨ᠂ ᠪᠦᠬᠦ ᠬᠤᠰᠢᠭᠤᠨ ᠤ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠡᠵᠡᠩᠨᠡᠯᠳᠡ | ᠶᠢᠨ ᠴᠢᠨᠠᠷᠳᠠᠢ ᠶᠡᠷᠦᠩᠬᠡᠢ ᠣᠷᠣᠯᠭ᠎ᠠ ᠨᠢ 1.3 ᠳ᠋ᠦᠩᠰᠢᠭᠤᠷ ᠳᠦᠭᠦᠷᠢᠭ ᠢ ᠳᠠᠪᠠᠵᠤ᠂ ᠳᠣᠮᠳᠠᠴᠢ ᠴᠡᠪᠡᠷ ᠣᠷᠣᠯᠭ᠎ᠠ ᠨᠢ 100 ᠳᠦᠮᠡᠨ ᠳᠦᠭᠦᠷᠢᠭ ᠢ | ᠳᠠᠪᠠᠵᠤ᠂ ᠪᠦᠬᠦ ᠬᠤᠳᠠ ᠶᠢᠨ ᠳᠡᠷᠢᠭᠦᠨ ᠡᠩᠨᠡᠭᠡᠨ ᠳᠤ ᠪᠠᠶᠢᠷᠢᠯᠠᠪᠠ᠃ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠣᠯᠬᠤ ᠦᠷ᠎ᠡ ᠪᠦᠳᠦᠮᠵᠢ ᠶᠢ | ᠬᠦᠳᠡᠭᠡ ᠳᠣᠰᠬᠤᠨ ᠢ ᠬᠦᠭᠵᠢᠭᠦᠯᠤᠨ ᠮᠠᠨᠳᠣᠭᠤᠯᠬᠤ ᠯᠤᠭ᠎ᠠ ᠪᠦᠳᠦᠮᠵᠢᠳᠠᠢ ᠠᠭᠤᠰᠣᠯᠴᠠᠭᠤᠯᠬᠤ ᠶᠢ ᠰᠠᠶᠢᠳᠣᠷ ᠠᠳᠬᠤᠬᠤ ᠶᠢ ᠪᠠᠷᠢᠮᠳᠠᠯᠠᠨ᠂ | ᠠᠭᠤᠰᠣᠯᠴᠠᠭᠤᠯᠤᠭᠰᠡᠨ ᠲᠦᠷᠦᠯ ᠵᠦᠢᠯ ᠨᠢ 31 ᠭᠦᠷᠴᠣ᠂ 5823 ᠳᠦᠮᠡᠨ ᠳᠦᠭᠦᠷᠢᠭ ᠢ ᠳᠣᠬᠢᠷᠠᠭᠤᠯᠪᠠ᠃ ᠭᠠᠯᠠᠭᠤᠳᠣ ᠪᠠᠯᠭᠠᠰᠣᠨ ᠳᠤ ᠪᠦᠬᠦ ᠣᠯᠣᠰ | ᠤᠨ ᠬᠦᠳᠡᠭᠡ ᠳᠣᠰᠬᠤᠨ ᠢ ᠭᠦᠭᠵᠢᠭᠦᠯᠤᠨ ᠮᠠᠨᠳᠣᠭᠤᠯᠬᠤ ᠵᠢᠱᠢᠶ᠎ᠡ ᠪᠠᠯᠭᠠᠰᠣ ᠶᠢ ᠠᠮᠵᠢᠯᠳᠠ ᠲᠠᠢ ᠪᠠᠶᠢᠭᠤᠯᠵᠤ᠂ ᠪᠠᠶᠠᠨᠰᠢᠯᠢ᠂ ᠪᠠᠭᠠᠨᠠᠭᠤᠷ ᠵᠡᠷᠭᠡ 4 ᠭᠠᠴᠠᠭ᠎ᠠ | ᠳᠣᠰᠬᠤᠨ ᠳᠤ ᠪᠦᠬᠦ ᠣᠯᠣᠰ ᠤᠨ ᠬᠦᠳᠡᠭᠡ ᠳᠣᠰᠬᠤᠨ ᠢ ᠭᠦᠭᠵᠢᠭᠦᠯᠤᠨ ᠮᠠᠨᠳᠣᠭᠤᠯᠬᠤ ᠵᠢᠱᠢᠶ᠎ᠡ ᠳᠣᠰᠬᠤᠨ ᠢ ᠠᠮᠵᠢᠯᠳᠠ ᠲᠠᠢ ᠡᠭᠦᠳᠦᠨ ᠪᠠᠶᠢᠭᠤᠯᠵᠤ᠂ | ᠬᠤᠵᠢᠷᠳᠣ ᠳᠣᠰᠬᠤᠨ ᠨᠢ ᠭᠤᠷᠪᠠᠳᠣᠭᠠᠷ ᠪᠦᠯᠦᠭ ᠪᠦᠬᠦ ᠣᠯᠣᠰ ᠤᠨ ᠬᠦᠳᠡᠭᠡ ᠳᠣᠰᠬᠤᠨ ᠤ ᠵᠠᠰᠠᠯᠳᠠ ᠶᠢᠨ ᠵᠢᠱᠢᠶ᠎ᠡ ᠳᠣᠰᠬᠤᠨ ᠢᠶᠠᠷ ᠮᠡᠳᠡᠷᠡᠭᠳᠡᠪᠡ᠃ | ︵ᠳᠠᠪᠤ︶ ᠨᠡᠶᠢᠬᠡᠮ ᠤᠨ ᠠᠵᠢᠯ ᠦᠢᠯᠡᠰ ᠢ ᠪᠠᠳᠣᠳᠠᠢ ᠠᠬᠢᠭᠤᠯᠵᠤ᠂ ᠠᠷᠠᠳ ᠤᠨ ᠠᠮᠢᠳᠣᠷᠠᠯ ᠤᠨ ᠪᠠᠲᠤᠯᠠᠭ᠎ᠠ ᠶᠢ ᠪᠦᠬᠦ ᠳᠠᠯ᠎ᠠ ᠪᠠᠷ ᠴᠢᠩᠭᠠᠳᠬᠠᠪᠠ | ᠠᠷᠠᠳ ᠤᠨ ᠠᠮᠢᠳᠣᠷᠠᠯ ᠳᠤ ᠠᠰᠢᠭᠳᠠᠢ ᠪᠤᠳᠠᠳᠣ ᠦᠢᠯᠡᠰ ᠢ ᠪᠦᠳᠦᠮᠵᠢᠳᠠᠢ ᠨᠠᠶᠢᠳᠠᠪᠤᠷᠢᠵᠢᠭᠤᠯᠪᠠ᠃ ᠮᠤᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ | ᠡᠮᠨᠡᠯᠭᠡ ᠶᠢᠨ ᠪᠡᠶ᠎ᠡ ᠰᠡᠳᠬᠢᠴᠡ ᠶᠢᠨ ᠠᠨᠠᠭᠠᠬᠤ ᠣᠬᠠᠭᠠᠨ ᠤ ᠰᠣᠪᠢᠯᠠᠯᠳᠠ ᠶᠢᠨ ᠳᠦᠪ᠂ ᠬᠤᠰᠢᠭᠤᠨ ᠤ ᠭᠤᠷᠪᠠᠳᠣᠭᠠᠷ ᠠᠷᠠᠳ ᠤᠨ ᠡᠮᠨᠡᠯᠭᠡ ᠶᠢᠨ ᠬᠤᠷᠢᠶ᠎ᠠ | ᠶᠢ ᠪᠠᠶᠢᠭᠤᠯᠤᠨ ᠪᠦᠳᠦᠭᠡᠵᠤ ᠠᠰᠢᠭᠯᠠᠯᠳᠠ ᠳᠤ ᠣᠷᠣᠭᠤᠯᠤᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠣᠭᠠᠷ ᠳᠡᠰ ᠤᠨ ᠬᠦᠭᠡ ᠳᠡᠰ | ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠭᠠᠨ ᠠᠮᠵᠢᠯᠳᠠ ᠲᠠᠢ ᠳᠡᠰ ᠳᠡᠪᠰᠢᠭᠦᠯᠪᠡ᠃ ᠪᠦᠬᠦ ᠣᠯᠣᠰ ᠤᠨ ᠰᠢᠶᠡᠨ ᠤ ᠳᠣᠭᠤᠷᠢᠭ ᠤᠨ ᠰᠣᠷᠬᠤ | ᠨᠠᠰᠣᠨ ᠠᠴᠠ ᠡᠮᠤᠨᠡᠬᠢ ᠰᠣᠷᠭᠠᠨ ᠬᠦᠮᠤᠵᠢᠯ ᠢ ᠳᠦᠭᠡᠮᠡᠯᠵᠢᠬᠦᠯᠤᠭ᠍ᠰᠡᠨ ᠰᠢᠶᠠᠨ ᠢ ᠡᠭᠦᠳᠦᠨ ᠪᠠᠶᠢᠭᠤᠯᠬᠤ ᠠᠵᠢᠯ ᠨᠢ ᠰᠣᠷᠭᠠᠨ ᠬᠦᠮᠤᠵᠢᠯ ᠤᠨ ᠶᠠᠮᠤᠨ ᠤ ᠬᠢᠨᠠᠨ | ᠰᠢᠯᠭᠠᠯᠳᠠ ᠶᠢ ᠦᠩᠭᠡᠷᠡᠭᠡᠪᠡ᠃ ᠣᠷᠣᠭᠰᠢᠯᠠᠯᠲᠠ ᠳᠣᠰᠬᠤᠨ ᠤ 35 ᠺᠢᠯᠤᠸᠣᠯᠲ ᠤᠨ ᠭᠦᠴᠦᠳᠡᠯ ᠦᠭᠡᠷᠡᠴᠢᠯᠡᠬᠦ ᠦᠷᠳᠡᠭᠡ ᠶᠢ ᠠᠰᠢᠭᠯᠠᠯᠳᠠ ᠳᠤ | ᠣᠷᠣᠭᠤᠯᠵᠤ᠂ ᠬᠠᠳᠠᠭᠤᠴᠠᠶᠢᠳᠠᠮ ᠤᠨ ᠣᠰᠣᠨ ᠰᠣᠷᠪᠤᠯᠵᠢ ᠶᠢᠨ ᠬᠦᠢᠰᠣ ᠣᠷᠣᠨ ᠤ ᠠᠷᠠᠳ ᠢ ᠨᠡᠭᠦᠯᠭᠡᠨ ᠳᠦᠪᠬᠢᠨᠡᠭᠦᠯᠬᠦ ᠠᠵᠢᠯ ᠢ ᠪᠦᠬᠦ ᠳᠠᠯ᠎ᠠ ᠪᠠᠷ | ᠪᠡᠶᠡᠯᠡᠭᠦᠯᠵᠤ᠂ ᠬᠤᠳᠠ ᠪᠠᠯᠭᠠᠰᠣ᠂ ᠬᠦᠳᠡᠭᠡ ᠳᠣᠰᠬᠤᠨ ᠮᠠᠯᠵᠢᠬᠤ ᠣᠷᠣᠨ ᠤ ᠳᠣᠣᠷ᠎ᠠ ᠪᠠᠲᠤᠯᠠᠭᠠᠲᠤ ᠪᠠᠷᠢᠮᠵᠢᠶ᠎ᠠ ᠨᠢ ᠳᠣᠰ ᠪᠦᠷᠢ 50 ᠳᠦᠭᠦᠷᠢᠭ᠂ 70 | ᠳᠦᠭᠦᠷᠢᠭ ᠳᠡᠭᠡᠭᠰᠢᠯᠡᠭᠦᠯᠤᠨ᠂ ᠭᠤᠤᠯᠴᠢ ᠦᠷᠳᠡᠭᠳᠣ ︽ᠬᠠᠯᠠᠮᠵᠢᠳᠣ ᠨᠡᠭᠦᠷᠡᠰᠣ︾᠂ ᠳᠤᠯᠠᠭᠠᠯᠠᠭ᠎ᠠ ᠶᠢᠨ ᠵᠠᠷᠣᠳᠠᠯ ᠢ ᠪᠠᠭᠤᠷᠠᠭᠤᠯᠬᠤ ᠵᠡᠷᠭᠡ ᠠᠵᠢᠯ ᠨᠢ ᠣᠯᠠᠨ | ᠳᠦᠮᠡᠨ ᠤ ᠭᠦᠰᠡᠯ ᠡᠷᠡᠮᠡᠯᠵᠡᠯ ᠳᠤ ᠳᠣᠰᠬᠠᠯ ᠪᠤᠯᠵᠠᠢ᠃ ᠨᠡᠶᠢᠬᠡᠮ ᠤᠨ ᠪᠠᠳᠣᠯᠠᠭ᠎ᠠ ᠶᠢᠨ ᠬᠢᠷᠢ ᠳᠦᠪᠰᠢᠨ ᠢᠶᠠᠨ ᠪᠦᠬᠦ ᠳᠠᠯ᠎ᠠ ᠪᠠᠷ ᠳᠡᠭᠡᠭᠰᠢᠯᠡᠭᠦᠯᠪᠡ᠃ | ᠪᠠᠳᠣᠯᠠᠪᠤᠷᠢ ᠳᠤ ᠣᠷᠣᠭᠤᠯᠬᠤ ᠭᠡᠪᠴᠢᠶ᠎ᠡ ᠶᠢ ᠦᠷᠭᠡᠳᠭᠡᠬᠦ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠠᠷᠠᠳ ᠨᠡᠶᠢᠳᠡᠮ ᠤᠨ ᠡᠮᠨᠡᠯᠭᠡ ᠶᠢᠨ ᠳᠠᠭᠠᠳᠬᠠᠯ︾ | ᠢ ᠴᠢᠷᠮᠠᠶᠢᠨ ᠪᠠᠶᠡᠯᠡᠭᠦᠯᠵᠤ᠂ ᠠᠵᠢᠯᠴᠢᠳ ᠪᠠ ᠬᠤᠳᠠ ᠬᠦᠳᠡᠭᠡᠨ ᠤ ᠰᠠᠭᠤᠭᠠᠯᠢ ᠠᠷᠠᠳ ᠤᠨ ᠪᠠᠶᠢᠩᠭᠤ ᠰᠠᠭᠤᠷᠢᠰᠢᠬᠤ ᠭᠠᠵᠠᠷ᠂ ᠠᠵᠢᠯᠯᠠᠬᠤ ᠭᠠᠵᠠᠷ ᠲᠤ | ᠪᠠᠨ ᠪᠠᠳᠣᠯᠠᠪᠤᠷᠢ ᠳᠤ ᠣᠷᠣᠬᠤ ᠶᠢ ᠢᠳᠡᠪᠬᠢᠳᠠᠢ ᠠᠬᠢᠭᠤᠯᠵᠤ᠂ ᠪᠠᠳᠣᠯᠠᠪᠤᠷᠢ ᠳᠤ ᠣᠷᠣᠭᠤᠯᠬᠤ ᠳᠦᠭᠡᠮᠡᠯᠵᠢᠯ ᠤᠨ ᠨᠤᠷᠮ᠎ᠠ ᠶᠢ ᠪᠠᠳᠣᠳᠠᠢ ᠳᠡᠭᠡᠭᠰᠢᠯᠡᠭᠦᠯᠪᠠ᠃ | ᠪᠦᠬᠦ ᠬᠤᠰᠢᠭᠤᠨ ᠤ ᠦᠨᠳᠦᠰᠦᠨ ᠡᠮ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠡᠨ ᠬᠦᠮᠤᠨ ᠤ ᠳᠤᠭ᠎ᠠ ᠨᠢ 115230 ᠭᠦᠮᠤᠨ᠂ ᠪᠠᠶᠢᠩᠭᠤ | ᠰᠠᠭᠤᠷᠢᠰᠢᠵᠤ ᠪᠠᠶᠢᠭ᠎ᠠ ᠬᠦᠮᠤᠨ ᠤ ᠪᠠᠳᠣᠯᠠᠪᠤᠷᠢ ᠳᠤ ᠣᠷᠣᠭᠰᠡᠨ ᠨᠤᠷᠮ᠎ᠠ ᠨᠢ 97% ᠳᠤ ᠭᠦᠷᠴᠠᠢ᠃ ᠬᠤᠰᠢᠭᠤᠨ ᠤ ᠵᠠᠬ᠎ᠠ ᠶᠢᠨ ︽ᠬᠠᠭᠠᠰ ᠴᠠᠭ ᠤᠨ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠳᠣᠭᠤᠷᠢᠭ︾᠂ ︽ᠪᠠᠯᠭᠠᠰᠣᠨ ᠤ ᠳᠣᠭᠤᠷᠢᠭ ᠤᠨ 15 ᠮᠢᠨᠦ᠋ᠲ ᠤᠨ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠳᠣᠭᠤᠷᠢᠭ︾ ᠢ ᠪᠤᠢ ᠪᠤᠯᠭᠠᠪᠠ᠃ ᠨᠡᠶᠢᠬᠡᠮ ᠤᠨ ᠳᠣᠭᠤᠷᠢᠭ ᠤᠨ ᠨᠠᠰᠣᠵᠢᠯ ᠤᠨ ᠦᠢᠯᠡᠴᠢᠯᠡᠭᠡᠨ ᠤ ᠦᠷᠳᠡᠭᠡ ᠶᠢ 14 ᠪᠠᠶᠢᠭᠤᠯᠵᠤ᠂ | ᠪᠤᠳᠠᠭᠠᠯᠠᠬᠤ ᠳᠤ ᠳᠦᠭᠦᠮ ᠦᠵᠡᠭᠦᠯᠬᠦ ᠴᠡᠭ ᠢ 11 ᠪᠠᠶᠢᠭᠤᠯᠤᠨ ᠪᠦᠳᠦᠭᠡᠵᠤ᠂ ᠨᠡᠶᠢᠬᠡᠮ ᠤᠨ ᠳᠣᠭᠤᠷᠢᠭ ᠤᠨ ᠳᠦᠭᠡᠮᠡᠯᠵᠢᠯᠳᠡ ᠶᠢᠨ ᠨᠤᠷᠮ᠎ᠠ ᠨᠢ 100% | ᠳᠤ ᠭᠦᠷᠴᠣ᠂ 75 ᠪᠦᠬᠦᠯᠢ ᠨᠠᠰᠣᠨ ᠠᠴᠠ ᠳᠡᠭᠡᠭᠰᠢᠬᠢ ᠠᠬᠢᠮᠠᠭ ᠨᠠᠰᠣᠳᠠᠳ ᠲᠤ 514.63 ᠳᠦᠮᠡᠨ ᠳᠦᠭᠦᠷᠢᠭ ᠤᠨ ᠨᠦᠬᠦᠪᠦᠷᠢ ᠮᠦᠩᠭᠦ ᠣᠯᠭᠤᠪᠠ᠃ | ᠠᠵᠢᠯ ᠣᠯᠭᠤᠵᠤ ᠦᠢᠯᠡᠰ ᠪᠤᠰᠬᠠᠬᠤ ᠪᠠ ᠴᠢᠳᠠᠪᠤᠷᠢᠳᠠᠨ ᠤ ᠠᠵᠢᠯ ᠢ ᠪᠦᠳᠦᠮᠵᠢᠳᠠᠢ ᠳᠦᠯᠬᠢᠨ ᠠᠬᠢᠭᠤᠯᠪᠠ᠃ ︽ᠰᠢᠭᠤᠳ ᠨᠡᠪᠳᠡᠷᠡᠭᠦᠯᠭᠡ ᠪᠠᠷ ᠠᠵᠢᠯᠴᠢᠨ | ᠣᠷᠢᠬᠤ︾ ︽ᠣᠷᠢᠨ ᠬᠠᠪᠤᠷ ᠤᠨ ᠠᠵᠢᠯᠯᠠᠭ᠎ᠠ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠠᠨ ᠤ ᠭᠠᠳᠠᠨᠠᠬᠢ ᠠᠵᠢᠯ ᠡᠯᠡᠰᠡᠯᠳᠡ ᠶᠢᠨ ᠬᠤᠷᠠᠯ ᠢ 16 | ᠣᠳᠠᠭ᠎ᠠ ᠵᠤᠬᠢᠶᠠᠨ ᠪᠠᠶᠢᠭᠤᠯᠵᠤ ᠦᠷᠨᠢᠭᠦᠯᠤᠨ᠂ 11000 ᠭᠠᠷᠣᠢ ᠠᠵᠢᠯ ᠤᠨ ᠪᠠᠶᠢᠷᠢ ᠶᠢ ᠬᠠᠩᠭᠠᠪᠠ᠃ ︽ᠦᠤᠰᠢᠨ ᠬᠤᠰᠢᠭᠤᠨ ᠤ ᠠᠵᠢᠯ ᠣᠯᠭᠤᠯᠳᠠ | ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠳᠦᠰᠦᠯ ︵2023 — 2025︶︾ ᠢ ᠳᠠᠷᠬᠠᠭᠠᠨ᠂ ᠠᠵᠢᠯ ᠣᠯᠭᠤᠬᠤ ᠳᠤ ᠨᠦᠭᠦᠪᠤᠷᠢ ᠦᠭᠬᠦ ᠲᠦᠷᠦ | ᠶᠢᠨ ᠪᠤᠳᠣᠯᠭ᠎ᠠ ᠶᠢ ᠢᠳᠡᠪᠬᠢᠳᠠᠢ ᠨᠠᠶᠢᠳᠠᠪᠤᠷᠢᠵᠢᠭᠤᠯᠵᠤ᠂ ᠳᠣᠭᠳᠠᠭᠤᠨ ᠢᠶᠠᠷ ᠠᠵᠢᠯ ᠣᠯᠭᠤᠬᠤ ᠨᠦᠭᠦᠪᠤᠷᠢ ᠮᠦᠩᠭᠦ ᠶᠢ 680.9 ᠳᠦᠮᠡᠨ ᠳᠦᠭᠦᠷᠢᠭ ᠢ | ᠳᠠᠷᠬᠠᠭᠠᠪᠠ᠃ ︽ᠳᠣᠯᠠᠭᠠᠨ ᠬᠤᠳᠠ ᠶᠢᠨ ᠴᠢᠳᠠᠪᠤᠷᠢᠳᠠᠨ ᠤ ᠣᠷᠢᠯᠭ᠎ᠠ ᠪᠠᠷ ᠦᠤᠰᠢᠨ ᠳᠤ ᠨᠤᠳᠣᠭᠰᠢᠬᠤ︾᠂ ᠴᠢᠩᠬᠤᠸᠠ ᠶᠡᠭᠡ ᠰᠣᠷᠭᠠᠭᠤᠯᠢ ᠶᠢᠨ ᠪᠠᠭᠰᠢ | ᠰᠣᠷᠣᠭᠴᠢᠳ ᠤᠨ ᠬᠢᠮᠢ ᠶᠢᠨ ᠠᠵᠤ ᠦᠢᠯᠡᠳᠪᠤᠷᠢ ᠳᠠᠬᠢ ᠦᠢᠯᠡᠳᠦᠯᠭᠡᠵᠢᠯᠳᠡ ᠵᠡᠷᠭᠡ ᠠᠵᠢᠯᠯᠠᠭ᠎ᠠ ᠶᠢ ᠦᠷᠨᠢᠭᠦᠯᠵᠤ᠂ 22 ᠨᠡᠷ᠎ᠡ ᠣᠶᠤᠨ ᠤ ᠬᠦᠮᠤᠷᠭᠡ ᠶᠢᠨ | ᠳᠣᠰᠬᠠᠢ ᠮᠡᠷᠭᠡᠵᠢᠯᠳᠡᠨ ᠢ ᠣᠷᠢᠨ ᠠᠪᠴᠢᠷᠠᠵᠤ᠂ ᠴᠢᠩᠬᠤᠸᠠ ᠶᠢᠨ ᠴᠠᠩ ᠭᠧᠩ ᠡᠮᠨᠡᠯᠭᠡ ᠶᠢᠨ ᠬᠤᠷᠢᠶᠠᠨ ᠤ ᠳ᠋ᠣᠺᠲ᠋ᠣᠷ ᠤᠨ ᠠᠵᠢᠯᠯᠠᠭᠠᠨ ᠤ ᠦᠷᠳᠡᠭᠡ ᠵᠡᠷᠭᠡ | ᠳᠠᠪᠴᠠᠩ ᠢ 12 ᠰᠢᠨ᠎ᠡ ᠪᠠᠷ ᠪᠠᠶᠢᠭᠤᠯᠵᠤ᠂ ᠣᠳᠣᠷᠢᠳᠬᠤ ᠳᠠᠪᠬᠤᠷᠭ᠎ᠠ ᠪᠠ ᠪᠠᠴᠢᠮ ᠱᠠᠭᠠᠷᠳᠠᠭᠳᠠᠵᠤ ᠪᠠᠶᠢᠭ᠎ᠠ ᠳᠣᠰᠬᠠᠢ ᠮᠡᠷᠭᠡᠵᠢᠯ ᠤᠨ ᠴᠢᠳᠠᠪᠤᠷᠢᠳᠠᠨ ᠢ | 290 ᠨᠡᠷ᠎ᠡ ᠣᠷᠣᠭᠤᠯᠤᠨ ᠠᠪᠴᠢᠷᠠᠵᠤ᠂ ᠣᠷ᠎ᠠ ᠮᠡᠷᠭᠡᠵᠢᠯ ᠤᠨ ᠴᠢᠳᠠᠪᠤᠷᠢᠳᠠᠨ ᠨᠢ 304 ᠨᠡᠷ᠎ᠡ ᠪᠤᠯᠵᠤ ᠨᠡᠮᠡᠭᠳᠡᠪᠡ᠃ | ᠦᠩᠭᠡᠷᠡᠨ ᠣᠳᠣᠭᠰᠡᠨ ᠨᠢᠭᠡ ᠵᠢᠯ ᠤᠨ ᠳᠣᠷᠰᠢ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠭᠦᠭᠵᠢᠯᠳᠡ ᠨᠢ ᠳᠣᠪᠤᠶᠢᠮ᠎ᠠ ᠪᠦᠳᠦᠮᠵᠢ | ᠣᠯᠣᠭᠰᠡᠨ ᠪᠤᠯᠪᠠᠴᠣ ᠪᠢᠳᠠᠨ ᠳᠤ ᠳᠣᠳᠠᠭᠤᠳᠠᠯ᠂ ᠡᠮᠵᠡᠭ ᠳᠠᠯ᠎ᠠ ᠣᠷᠣᠰᠢᠵᠤ ᠪᠠᠶᠢᠭ᠎ᠠ ᠪᠠᠨ ᠴᠣ᠋ ᠳᠣᠳᠣᠷᠬᠠᠢ ᠮᠡᠳᠡᠵᠤ ᠪᠤᠢ᠃ ᠭᠤᠤᠯ ᠢᠯᠠᠷᠡᠯ ᠪᠤᠯ᠄ ᠨᠢᠭᠡ | ᠳᠤ ᠭᠦᠭᠵᠢᠯᠳᠡ ᠨᠢ ᠭᠦᠢᠴᠡᠳ ᠪᠤᠰᠣ᠂ ᠵᠤᠬᠢᠴᠠᠩᠭᠤᠢ ᠪᠤᠰᠣ᠂ ᠠᠵᠤ ᠦᠢᠯᠡᠰ ᠤᠨ ᠪᠦᠲᠦᠴᠡ ᠨᠢ ᠰᠢᠯᠢᠳᠡᠭ ᠦᠬᠡᠢ᠂ ᠠᠵᠤ ᠦᠢᠯᠡᠰ ᠤᠨ ᠬᠡᠯᠬᠢᠶ᠎ᠡ ᠨᠢ | ᠣᠷᠳᠣ ᠦᠬᠡᠢ᠂ ᠣᠳᠣᠬᠢᠴᠢᠯᠠᠭᠰᠡᠨ ᠠᠵᠤ ᠦᠢᠯᠡᠰ ᠤᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠨᠢ ᠬᠠᠷᠠᠬᠠᠨ ᠳᠡᠭᠦᠯᠳᠡᠷ ᠪᠤᠰᠣ᠃ ᠬᠤᠶᠠᠷ ᠲᠤ ᠰᠠᠭᠤᠷᠢ | ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠨᠢ ᠪᠠᠰᠠ ᠣᠯᠠᠨ ᠳᠣᠳᠠᠭᠤᠳᠠᠯ ᠣᠷᠣᠰᠢᠵᠤ᠂ ᠣᠷᠣᠨ ᠳᠣᠭᠤᠷᠢᠭ ᠲᠤ ᠬᠠᠪᠰᠣᠷᠭᠠᠭᠰᠡᠨ ᠢᠨᠵᠧᠨᠧᠷᠢᠩ᠂ | ᠣᠯᠠᠨ ᠨᠡᠶᠢᠳᠡ ᠶᠢᠨ ᠦᠢᠯᠡᠴᠢᠯᠡᠭᠡ ᠨᠢ ᠬᠠᠷᠢᠴᠠᠩᠭᠤᠢ ᠬᠤᠴᠤᠷᠠᠩᠭᠤᠢ᠂ ᠴᠢᠳᠠᠪᠤᠷᠢᠳᠠᠨ ᠤ ᠡᠬᠢ ᠪᠠᠶᠠᠯᠢᠭ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢ ᠨᠢᠮᠭᠡᠨ᠂ ᠲᠤᠯᠭᠠᠭᠤᠷᠢᠯᠠᠨ ᠳᠠᠶᠢᠴᠢᠯᠠᠬᠤ ᠦᠢᠯᠡᠳᠣᠯ ᠢ ᠪᠠᠳᠠᠷᠠᠭᠤᠯᠵᠤ ᠪᠠᠶᠢᠭ᠎ᠠ ᠨᠢ ᠢᠯᠡᠳᠳᠡ ᠪᠤᠰᠣ᠃ ᠭᠤᠷᠪᠠ ᠳᠤ ᠡᠳ᠋ ᠤᠨ ᠵᠠᠰᠠᠭ ᠤᠨ | ᠣᠷᠣᠯᠭ᠎ᠠ ᠵᠠᠷᠣᠯᠭ᠎ᠠ ᠶᠢᠨ ᠵᠦᠷᠢᠴᠡᠯ ᠨᠢ ᠳᠣᠪᠤᠶᠢᠮ᠎ᠠ᠂ ᠭᠦᠭᠵᠢᠯᠳᠡ ᠶᠢ ᠪᠠᠳᠣᠯᠠᠬᠤ ᠴᠢᠳᠠᠪᠤᠷᠢ ᠴᠢᠩᠭ᠎ᠠ ᠦᠬᠡᠢ᠂ ᠭᠤᠤᠯᠳᠠᠯᠭᠠᠳᠣ ᠲᠦᠷᠦᠯ ᠵᠦᠢᠯ ᠤᠨ | ᠳᠣᠯᠭᠠᠭᠤᠷᠢ ᠨᠢ ᠭᠦᠢᠴᠡᠳ ᠪᠤᠰᠣ᠂ ᠡᠯᠧᠮᠧᠨ᠋ᠲ ᠤᠨ ᠪᠠᠳᠣᠯᠠᠭ᠎ᠠ ᠶᠢᠨ ᠬᠦᠯᠢᠶᠡᠰᠦᠯᠡᠯ ᠨᠢ ᠪᠠᠰᠠ ᠯᠠ ᠣᠷᠣᠰᠢᠭᠰᠠᠭᠠᠷ᠂ ᠠᠶᠣᠯᠭᠦᠢ ᠦᠢᠯᠡᠳᠪᠤᠷᠢᠯᠡᠯ᠂ ᠠᠮᠢ | ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠠᠵᠢᠯ ᠢ ᠪᠠᠰᠠ ᠴᠦᠭᠦᠷᠡᠯᠳᠡ ᠦᠬᠡᠢ ᠠᠳᠬᠤᠬᠤ ᠴᠢᠬᠤᠯᠠ ᠲᠠᠢ᠃ | ᠬᠤᠶᠠᠷ᠂ 2024 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠳᠦᠯᠦᠪᠵᠢᠭᠦᠯᠭᠡ | 2024 ᠣᠨ ᠪᠤᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡᠨ ᠵᠢᠯ᠂ | ︽ᠠᠷᠪᠠᠨ ᠳᠦᠷᠪᠡᠳᠦᠭᠡᠷ ᠳᠠᠪᠤᠨ︾ ᠵᠢᠯ ᠤᠨ ᠳᠦᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠦᠭᠰᠡᠨ ᠵᠠᠩᠭᠢᠯᠠᠭ᠎ᠠ ᠶᠢᠨ ᠨᠢᠭᠡᠨ ᠵᠢᠯ᠂ ᠪᠢᠳᠠᠨ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ | ᠬᠤᠷᠢᠳᠣᠭᠠᠷ ᠶᠡᠭᠡ ᠬᠤᠷᠠᠯ ᠪᠠ ᠬᠤᠷᠢᠳᠣᠭᠠᠷ ᠬᠤᠭᠤᠴᠠᠭᠠᠨ ᠤ ᠬᠤᠶᠠᠳᠣᠭᠠᠷ ᠪᠦᠬᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ | ᠲᠤᠭᠤᠰᠢᠯᠠᠭᠤᠯᠤᠨ᠂ ᠲᠦᠪ ᠤᠨ ᠠᠵᠤ ᠠᠬᠤᠢ ᠶᠢᠨ ᠠᠵᠢᠯᠯᠠᠭᠠᠨ ᠤ ᠬᠤᠷᠠᠯᠳᠣᠭᠠᠨ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠦᠬᠦᠳᠡ ᠬᠤᠷᠠᠯᠳᠣᠭᠠᠨ ᠵᠢᠴᠢ ᠠᠵᠤ ᠠᠬᠤᠢ ᠶᠢᠨ ᠠᠵᠢᠯᠯᠠᠭᠠᠨ ᠤ ᠬᠤᠷᠠᠯᠳᠣᠭᠠᠨ ᠤ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠳᠠᠯᠠᠨ᠂ ᠰᠢᠨ᠎ᠡ | ᠭᠦᠭᠵᠢᠯᠳᠡ ᠶᠢᠨ ᠦᠢᠯᠠᠭᠠᠭᠳᠠᠬᠤᠨ ᠢ ᠪᠦᠷᠢᠨ ᠪᠦᠳᠦᠨ᠂ ᠤᠨᠤᠪᠴᠢᠳᠠᠢ᠂ ᠪᠦᠬᠦ ᠳᠠᠯ᠎ᠠ ᠪᠠᠷ ᠲᠤᠭᠤᠰᠢᠯᠠᠭᠤᠯᠵᠤ᠂ ᠰᠢᠨ᠎ᠡ ᠭᠦᠭᠵᠢᠯᠳᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠣᠯᠴᠠᠬᠤ ᠪᠠᠨ ᠳᠦᠷᠭᠡᠳᠭᠡᠨ᠂ ᠴᠢᠨᠠᠷ ᠰᠠᠶᠢᠳᠠᠢ ᠭᠦᠭᠵᠢᠯᠳᠡ ᠶᠢ ᠭᠦᠴᠦᠯᠠᠨ ᠠᠬᠢᠭᠤᠯᠵᠤ᠂ ᠳᠣᠮᠳᠠᠳᠣ ᠶᠢᠨ ᠦᠨᠳᠦᠰᠦᠳᠡᠨ ᠤ | ᠬᠠᠮᠳᠣ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠤᠩᠭᠤᠯ ᠳᠤ | ᠳᠣᠰᠢᠶᠠᠭᠰᠡᠨ ︽ᠳᠠᠪᠤᠨ ᠶᠡᠭᠡ ᠡᠭᠦᠷᠭᠡ︾ ᠪᠠ ᠵᠢᠱᠢᠶᠡᠴᠢ ᠦᠪᠡᠷᠳᠡᠭᠡᠨ ᠵᠠᠰᠠᠬᠤ ᠣᠷᠣᠨ ᠤ ᠪᠦᠬᠦ ᠳᠠᠯ᠎ᠠ ᠶᠢᠨ ᠪᠦᠳᠦᠭᠡᠨ ᠪᠠᠶᠢᠭᠤᠯᠤᠯᠳᠠ ᠶᠢᠨ ᠬᠤᠶᠠᠷ | ᠳᠣᠮᠤ ᠠᠵᠢᠯ ᠢ ᠭᠦᠴᠦᠯᠠᠨ ᠰᠠᠶᠢᠳᠣᠷ ᠠᠳᠬᠤᠵᠤ᠂ ᠪᠦᠬᠦ ᠬᠤᠳᠠ ᠶᠢᠨ ︽ᠠᠷᠪᠠ ᠳᠤ ᠠᠩᠬᠠᠷᠣᠯ ᠬᠠᠨᠳᠣᠭᠤᠯᠤᠨ ᠭᠦᠴᠦ ᠪᠠᠨ ᠨᠢᠭᠳᠠᠷᠠᠭᠤᠯᠬᠤ︾ ᠪᠤᠳᠠᠳᠣ | ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠦᠭᠵᠢᠯᠳᠡ ᠪᠠ ᠠᠮᠤᠷ ᠳᠦᠪᠰᠢᠨ ᠢ ᠨᠡᠩ ᠰᠠᠶᠢᠨ ᠨᠢᠭᠡᠳᠦᠯᠳᠠᠢ ᠳᠦᠯᠦᠪᠯᠡᠨ᠂ ᠳᠣᠮᠳᠠᠳᠣ ᠶᠢᠨ | ᠬᠡᠯᠪᠡᠷᠢ ᠶᠢᠨ ᠣᠳᠣᠬᠢᠴᠢᠯᠠᠭᠰᠡᠨ ᠨᠤᠮᠢᠨ ᠳᠠᠩᠰᠤᠭ ᠦᠤᠰᠢᠨ ᠤ ᠴᠢᠨᠠᠷ ᠰᠠᠶᠢᠳᠠᠢ ᠭᠦᠭᠵᠢᠯᠳᠡ ᠶᠢᠨ ᠰᠢᠨ᠎ᠡ ᠨᠢᠭᠡᠨ ᠬᠠᠭᠤᠳᠠᠰᠣ ᠶᠢ ᠳᠠᠰᠣᠷᠠᠯᠳᠠ ᠦᠬᠡᠢ | ᠪᠢᠴᠢᠭᠯᠡᠶ᠎ᠡ᠃ | ᠭᠠᠳᠠᠭᠠᠳᠣ ᠳᠣᠳᠣᠭᠠᠳᠣ ᠶᠢᠨ ᠬᠦᠭᠵᠢᠯᠳᠡ ᠶᠢᠨ ᠣᠷᠴᠢᠨ ᠳᠣᠭᠤᠷᠢᠨ ᠢ ᠶᠡᠷᠦᠩᠬᠡᠶᠢᠯᠡᠨ ᠪᠤᠳᠣᠯᠬᠢᠯᠠᠪᠠᠯ᠂ 2024 ᠣᠨ ᠤ ᠣᠯᠣᠰ ᠠᠷᠠᠳ ᠤᠨ | ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠭᠤᠤᠯᠯᠠᠬᠤ ᠣᠷᠢᠳᠴᠢᠯᠠᠭᠰᠡᠨ ᠬᠠᠷᠠᠯᠳᠠ ᠨᠢ ᠳᠣᠣᠷᠠᠬᠢ ᠮᠡᠳᠣ᠄ ᠣᠷᠣᠨ ᠨᠤᠳᠤᠭ ᠤᠨ ᠦᠢᠯᠡᠳᠪᠤᠷᠢᠯᠡᠯ | ᠤᠨ ᠶᠡᠷᠦᠩᠬᠡᠢ ᠦᠷᠳᠡᠭ ᠤᠨ ᠨᠡᠮᠡᠭᠳᠡᠯ ᠢ 5.5% ᠶᠢᠨ ᠣᠷᠴᠢᠮ ᠪᠠᠶᠢᠯᠭᠠᠨ᠎ᠠ︔ ᠣᠯᠠᠨ ᠨᠡᠶᠢᠳᠡ ᠶᠢᠨ ᠪᠠᠶᠢᠩᠭᠤ ᠶᠢᠨ ᠳᠦᠰᠦᠪᠯᠡᠭᠰᠡᠨ ᠣᠷᠣᠯᠭ᠎ᠠ ᠶᠢᠨ | ᠨᠡᠮᠡᠭᠳᠡᠯ ᠢ 2% ᠤᠨ ᠣᠷᠴᠢᠮ ᠪᠠᠶᠢᠯᠭᠠᠨ᠎ᠠ︔ ᠭᠡᠪᠴᠢᠶᠡᠵᠢᠯᠳᠡ ᠠᠴᠠ ᠳᠠᠪᠠᠭᠰᠡᠨ ᠠᠵᠤ ᠦᠢᠯᠡᠳᠪᠤᠷᠢ ᠶᠢᠨ ᠨᠡᠮᠡᠯᠳᠡ ᠦᠷᠳᠡᠭ ᠤᠨ ᠨᠡᠮᠡᠭᠳᠡᠯ ᠢ 4.5% | ᠶᠢᠨ ᠣᠷᠴᠢᠮ ᠪᠠᠶᠢᠯᠭᠠᠨ᠎ᠠ︔ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ ᠶᠢᠨ ᠨᠡᠮᠡᠭᠳᠡᠯ ᠤᠨ ᠨᠤᠷᠮ᠎ᠠ ᠶᠢ 30% ᠠᠴᠠ ᠳᠡᠭᠡᠭᠰᠢ ᠪᠠᠶᠢᠯᠭᠠᠨ᠎ᠠ︔ | ᠨᠡᠶᠢᠬᠡᠮ ᠤᠨ ᠬᠡᠷᠡᠭᠯᠡᠭᠡᠨ ᠤ ᠪᠦᠳᠦᠭᠡᠭᠳᠡᠬᠦᠨ ᠢ ᠵᠢᠵᠢᠭᠯᠡᠨ ᠬᠤᠳᠠᠯᠳᠣᠭᠰᠡᠨ ᠶᠡᠷᠦᠩᠬᠡᠢ ᠦᠷᠳᠡᠭ ᠤᠨ ᠨᠡᠮᠡᠭᠳᠡᠯ ᠢ 7% ᠣᠷᠴᠢᠮ ᠪᠠᠶᠢᠯᠭᠠᠨ᠎ᠠ︔ ᠬᠤᠳᠠ | ᠬᠦᠳᠡᠭᠡᠨ ᠤ ᠪᠠᠶᠢᠩᠭᠤ ᠰᠠᠭᠤᠭᠠᠯᠢ ᠠᠷᠠᠳ ᠤᠨ ᠳᠣᠬᠢᠷᠠᠭᠤᠯᠵᠤ ᠪᠤᠯᠬᠤᠶᠢᠴᠠ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠯᠤᠭ᠎ᠠ ᠵᠡᠷᠭᠡᠪᠡᠷ ᠨᠡᠮᠡᠭᠳᠡᠭᠦᠯᠣᠨ᠎ᠡ᠃ | ᠳᠡᠭᠡᠷᠡᠬᠢ ᠬᠠᠷᠠᠯᠳᠠ ᠶᠢ ᠣᠶᠠᠯᠳᠣᠭᠤᠯᠤᠨ 2024 ᠣᠨ ᠳᠤ ᠳᠣᠣᠷᠠᠬᠢ ᠠᠵᠢᠯ ᠤᠳ ᠢ ᠭᠤᠤᠯᠳᠠᠯᠭ᠎ᠠ ᠲᠠᠢ ᠠᠳᠬᠤᠬᠤ ᠶᠢ ᠰᠠᠨᠠᠭᠠᠴᠢᠯᠠᠵᠤ ᠪᠤᠢ᠄ | ︵ᠨᠢᠭᠡ︶ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ | ᠵᠢᠱᠢᠶᠡᠴᠢ ᠦᠪᠡᠷᠳᠡᠭᠡᠨ ᠵᠠᠰᠠᠬᠤ ᠣᠷᠣᠨ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ ᠡᠭᠦᠷᠭᠡ ᠶᠢ ᠪᠦᠳᠦᠮᠵᠢᠳᠠᠢ ᠨᠠᠶᠢᠳᠠᠪᠤᠷᠢᠵᠢᠭᠤᠯᠤᠨ᠎ᠠ ᠠᠭᠤᠰᠣᠯᠴᠠᠵᠤ | ᠪᠠᠭᠳᠠᠭᠠᠬᠤ ᠶᠢ ᠪᠠᠷᠢᠮᠳᠠᠯᠠᠨ᠎ᠠ | ᠲᠤᠭᠤᠰᠢᠯᠠᠭᠤᠯᠬᠤ ᠭᠤᠤᠯ ᠰᠢᠵᠢᠮ ᠢᠶᠠᠨ ︽ᠳᠠᠪᠤ ᠶᠢ ᠨᠢᠭᠡ ᠴᠣᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠠ ︽ᠳᠦᠷᠪᠡᠨ ᠪᠦᠬᠦ ᠳᠠᠯ᠎ᠠ︾ | ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠰᠢᠭᠤᠯᠤᠯᠳᠠ ᠶᠢ ᠨᠢᠭᠡᠳᠦᠯᠳᠠᠢ ᠳᠦᠯᠦᠪᠵᠢᠭᠦᠯᠬᠦ ᠳᠣᠮᠳᠠ ᠪᠠᠶᠢᠷᠢᠯᠠᠭᠤᠯᠵᠤ᠂ ᠬᠤᠶᠠᠷ ᠳᠣᠮᠤ ᠠᠵᠢᠯ ᠢ ᠰᠠᠶᠢᠳᠣᠷ | ᠬᠢᠬᠦ ᠪᠠ ᠪᠦᠬᠦ ᠬᠤᠳᠠ ᠶᠢᠨ ︽ᠭᠤᠷᠪᠠᠨ ᠳᠦᠷᠪᠡ︾ ᠶᠢᠨ ᠠᠵᠢᠯ ᠤᠨ ᠡᠭᠦᠷᠭᠡ ᠶᠢ ᠰᠠᠶᠢᠳᠣᠷ ᠪᠡᠶᠡᠯᠡᠭᠦᠯᠬᠦ ᠳᠤ ᠠᠭᠤᠰᠣᠯᠴᠠᠨ᠂ ᠭᠦᠭᠵᠢᠯᠳᠡ ᠶᠢᠨ | ᠳᠦᠯᠦᠪᠵᠢᠭᠦᠯᠭᠡ᠂ ᠲᠦᠷᠦ ᠶᠢᠨ ᠪᠤᠳᠣᠯᠭ᠎ᠠ ᠶᠢᠨ ᠳᠣᠭᠳᠠᠭᠠᠯᠳᠠ᠂ ᠠᠵᠤ ᠠᠬᠤᠢ ᠶᠢ ᠪᠦᠳᠦᠭᠡᠨ ᠪᠠᠶᠢᠭᠤᠯᠤᠯᠳᠠ᠂ ᠨᠡᠮ ᠤᠨ ᠪᠦᠳᠦᠭᠡᠨ ᠪᠠᠶᠢᠭᠤᠯᠤᠯᠳᠠ | ᠵᠡᠷᠭᠡ ᠪᠤᠳᠠᠳᠣ ᠠᠵᠢᠯ ᠤᠨ ᠳᠣᠮᠳᠠ ᠨᠠᠶᠢᠳᠠᠪᠤᠷᠢᠵᠢᠭᠤᠯᠵᠤ᠂ ᠡᠯ᠎ᠡ ᠪᠠᠶᠢᠭᠤᠯᠭ᠎ᠠ ᠨᠢᠭᠡᠴᠢ ᠶᠢᠨ ︽ᠭᠤᠷᠪᠠ ᠶᠢ ᠳᠣᠭᠳᠠᠭᠠᠬᠤ︾ ᠳᠦᠰᠦᠯ ᠳᠤ ᠪᠢᠴᠢᠵᠤ | ᠣᠷᠣᠭᠤᠯᠤᠨ᠂ ︽ᠬᠤᠶᠠᠷ ᠨᠢᠭᠤᠷᠳᠠᠯ︾ ᠢ ᠳᠡᠪᠴᠢᠨ᠂ ᠬᠡᠢ ᠬᠤᠭᠤᠰᠣᠨ ᠣᠷᠢᠶ᠎ᠠ ᠬᠠᠰᠬᠢᠷᠴᠣ᠂ ᠬᠡᠯᠪᠡᠷᠢ ᠶᠢᠨ ᠳᠡᠳᠣᠢ ᠪᠤᠯᠭᠠᠵᠤ ᠨᠡᠩ ᠪᠤᠯᠬᠤ ᠦᠬᠡᠢ᠃ | ᠨᠢᠭᠡᠨᠳᠠ ᠨᠡᠶᠢᠳᠡᠯᠡᠭᠰᠡᠨ ᠠᠵᠢᠯ ᠤᠨ ᠳᠦᠯᠦᠪᠵᠢᠭᠦᠯᠭᠡ᠂ ᠲᠦᠷᠦ ᠶᠢᠨ ᠪᠤᠳᠣᠯᠭ᠎ᠠ ᠶᠢᠨ ᠠᠷᠭ᠎ᠠ ᠪᠠᠷᠢᠯ ᠪᠠ ᠵᠠᠰᠠᠭ ᠵᠠᠬᠢᠷᠭᠠᠨ ᠤ ᠵᠢᠷᠦᠮᠵᠢᠭᠤᠯᠤᠭᠰᠡᠨ ᠪᠢᠴᠢᠭ | ᠮᠠᠲ᠋ᠧᠷᠢᠶᠠᠯ ᠢ ᠨᠠᠷᠢᠨ ᠬᠢᠨᠠᠮᠠᠭᠠᠢ ᠡᠮᠬᠢᠳᠭᠡᠨ᠂ ᠭᠤᠤᠯ ᠱᠣᠭᠤᠮ ᠤᠨ ᠱᠠᠭᠠᠷᠳᠠᠯᠭ᠎ᠠ ᠳᠤ ᠨᠡᠶᠢᠴᠡᠬᠦ ᠦᠬᠡᠢ ᠠᠵᠢᠯ ᠢ ᠴᠠᠭ ᠳᠣᠬᠠᠢ ᠳᠤᠨᠢ ᠣᠰᠠᠳᠬᠠᠨ᠂ | ᠬᠡᠯᠪᠡᠶᠢᠭᠰᠡᠨ ᠢ ᠨᠢ ᠵᠠᠯᠠᠷᠠᠭᠤᠯᠤᠨ᠎ᠠ︔ ᠭᠤᠤᠯ ᠱᠣᠭᠤᠮ ᠤᠨ ᠱᠠᠭᠠᠷᠳᠠᠯᠭ᠎ᠠ ᠶᠢ ᠳᠣᠰᠬᠠᠭᠰᠡᠨ ᠦᠬᠡᠢ ᠠᠵᠢᠯ ᠢ ᠴᠠᠭ ᠳᠣᠬᠠᠢ ᠳᠤᠨᠢ ᠰᠢᠯᠢᠳᠡᠭᠵᠢᠭᠦᠯᠤᠨ᠂ | ᠳᠣᠳᠠᠭᠤ ᠶᠢ ᠨᠦᠭᠦᠪᠦᠷᠢᠯᠡᠵᠤ᠂ ᠪᠦᠬᠦ ᠠᠵᠢᠯ ᠤᠨ ᠲᠦᠯᠦᠪᠵᠢᠭᠦᠯᠭᠡ᠂ ᠠᠬᠢᠭᠤᠯᠤᠯᠳᠠ᠂ ᠬᠢᠨᠠᠨ ᠰᠢᠯᠭᠠᠯᠳᠠ ᠨᠢ ᠭᠤᠤᠯ ᠱᠣᠭᠤᠮ ᠯᠤᠭ᠎ᠠ ᠴᠢᠩᠭ᠎ᠠ ᠨᠡᠶᠢᠴᠡᠵᠤ | ᠂ ᠦᠴᠦᠬᠡᠨ ᠴᠣ᠋ ᠬᠡᠯᠪᠡᠶᠢᠵᠤ ᠦᠬᠡᠢ ᠪᠠᠶᠢᠬᠤ ᠶᠢ ᠠᠬᠢᠭᠤᠯᠤᠨ᠎ᠠ᠃ ᠬᠡᠯᠪᠡᠷᠢ ᠲᠠᠢ ᠮᠡᠳᠡᠷᠡᠭᠦᠢ ᠲᠠᠢ ᠪᠠᠶᠢᠬᠤ ᠶᠢ ᠳᠣᠪᠤᠶᠢᠯᠭᠠᠨ᠎ᠠ᠃ ︽ᠭᠤᠷᠪᠠ ᠠᠴᠠ ᠰᠠᠯᠵᠤ | ᠴᠢᠳᠠᠬᠤ ᠦᠬᠡᠢ︾ ︽ᠳᠦᠷᠪᠡ ᠶᠢ ᠬᠠᠮᠳᠣᠳᠬᠠᠬᠤ︾ ︽ᠳᠠᠪᠤ ᠶᠢ ᠬᠦᠯᠢᠶᠠᠨ ᠠᠪᠬᠤ︾ ᠪᠠ ︽ᠳᠣᠯᠣᠭᠠᠨ ᠵᠢᠱᠢᠶ᠎ᠡ ᠦᠵᠡᠭᠦᠯᠬᠦ︾ ᠶᠢ ᠨᠡᠩ ᠰᠠᠶᠢᠨ | ᠨᠠᠶᠢᠳᠠᠪᠤᠷᠢᠵᠢᠭᠤᠯᠬᠤ ᠶᠢ ᠭᠦᠨᠵᠡᠭᠡᠢ ᠪᠤᠳᠣᠯᠬᠢᠯᠠᠨ ᠲᠦᠯᠦᠪᠯᠡᠬᠦ ᠶᠢ ᠴᠢᠩᠭ᠎ᠠ ᠠᠪᠴᠠᠯᠳᠤᠭᠤᠯᠤᠨ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ | ᠶᠢᠨ ᠦᠵᠡᠯ ᠣᠬᠠᠮᠰᠠᠷ ᠢ ᠪᠠᠳᠣ ᠴᠤᠭᠴᠠᠯᠠᠬᠤ ᠶᠢ ᠺᠠᠳ᠋ᠷ ᠤᠨ ᠬᠦᠮᠤᠵᠢᠯ᠂ ᠨᠠᠮ ᠤᠨ ᠭᠡᠰᠢᠭᠦᠨ ᠤ ᠬᠦᠮᠤᠵᠢᠯ᠂ ᠣᠯᠤᠰ ᠠᠷᠠᠳ ᠤᠨ ᠬᠦᠮᠤᠵᠢᠯ᠂ ᠨᠡᠶᠢᠬᠡᠮ | ᠤᠨ ᠭᠦᠮᠤᠵᠢᠯ ᠳᠤ ᠠᠭᠤᠰᠣᠯᠴᠠᠭᠤᠯᠵᠤ᠂ ᠬᠤᠰᠢᠭᠤ ᠪᠠᠯᠭᠠᠰᠣ ᠳᠣᠰᠬᠤᠨ ᠭᠤᠷᠪᠠᠨ ᠱᠠᠳᠣᠨ ᠤ ︽ᠣᠳᠣᠷᠢᠳᠬᠤ ᠳᠣᠭᠤᠶᠢᠯᠠᠩ + ᠠᠬᠢᠭᠤᠯᠬᠤ ᠬᠤᠷᠠᠯ + | ᠦᠢᠯᠡᠳᠣᠯᠭᠡ ᠶᠢᠨ ᠰᠠᠭᠤᠷᠢᠨ ᠭᠠᠵᠠᠷ︾ ᠤᠨ ᠠᠵᠢᠯᠯᠠᠭᠠᠨ ᠤ ᠳᠣᠭᠳᠠᠴᠠ ᠶᠢ ᠳᠡᠭᠦᠯᠳᠡᠷᠵᠢᠭᠦᠯᠤᠨ᠂ ᠳᠡᠭᠡᠳᠣ ᠳᠣᠣᠷᠠᠳᠣ ᠱᠠᠳᠣᠨ ᠢ ᠨᠡᠪᠳᠡᠷᠡᠭᠦᠯᠤᠭ᠍ᠰᠡᠨ | ᠵᠤᠬᠢᠶᠠᠨ ᠪᠠᠶᠢᠭᠤᠯᠬᠤ᠂ ᠰᠢᠯᠭᠠᠨ ᠦᠨᠡᠯᠡᠬᠦ ᠪᠠ ᠣᠬᠠᠭᠤᠯᠬᠤ ᠰᠢᠰᠲ᠋ᠧᠮ ᠢ ᠪᠠᠶᠢᠭᠤᠯᠤᠨ᠎ᠠ᠃ ︽ᠨᠠᠮ ᠳᠠᠭᠠᠨ ᠳᠠᠯᠠᠷᠬᠠᠨ᠂ ᠨᠠᠮ ᠢᠶᠠᠨ ᠬᠦᠷᠢᠶᠡᠯᠡᠵᠤ᠂ ᠨᠠᠮ | ᠢᠶᠠᠨ ᠳᠠᠭᠠᠬᠤ︾ ᠣᠯᠠᠨ ᠳᠦᠮᠡᠨ ᠤ ᠬᠦᠮᠤᠵᠢᠯ ᠦᠢᠯᠡᠳᠦᠯᠭᠡ ᠶᠢᠨ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠭᠦᠯᠤᠨ᠂ ᠣᠯᠠᠨ ᠳᠦᠮᠡᠨ ᠤ ᠦᠵᠡᠵᠤ | ᠰᠣᠨᠤᠰᠬᠤ ᠳᠣᠷᠠᠳᠠᠢ᠂ ᠭᠦᠨ ᠰᠠᠭᠤᠭᠳᠠᠯ ᠲᠠᠢ ᠠᠷᠭ᠎ᠠ ᠮᠠᠶ᠋ᠢᠭ ᠢᠶᠠᠷ ︽ᠵᠢᠷᠭᠤᠭᠠᠨ ᠦᠭᠦᠯᠡᠪᠤᠷᠢ ᠶᠢᠨ ᠪᠤᠳᠠᠳᠣ ᠪᠠᠶᠢᠳᠠᠯ ᠪᠠ ᠶᠤᠰᠣ ᠣᠴᠢᠷ︾ ᠢ | ᠳᠣᠳᠣᠷᠬᠠᠢ ᠶᠠᠷᠢᠵᠤ᠂ ᠡᠯ᠎ᠡ ᠦᠨᠳᠦᠰᠦᠳᠡᠨ ᠤ ᠣᠯᠠᠨ ᠳᠦᠮᠡᠨ ᠤ ᠬᠠᠮᠳᠣᠪᠠᠷ ᠪᠦᠯᠬᠦᠮᠳᠡᠨ ᠳᠡᠮᠡᠴᠡᠬᠦ ᠳᠠᠯᠠᠶᠢᠴᠡᠳᠠᠢ ᠭᠦᠴᠦᠨ ᠢ ᠨᠢᠭᠳᠠᠷᠠᠭᠤᠯᠤᠨ᠎ᠠ᠃ ︽ | ᠣᠮᠠᠷᠠᠳᠣ ᠬᠢᠯᠢ ᠶᠢᠨ ᠰᠣᠶᠤᠯ︾ ᠤᠨ ᠨᠡᠷᠡᠳᠣ ᠳᠡᠮᠳᠡᠭᠳᠣ ᠢ ᠡᠭᠦᠳᠬᠦ ᠡᠭᠦᠷᠭᠡ ᠳᠤ ᠠᠩᠬᠠᠷᠣᠯ ᠢᠶᠠᠨ ᠳᠦᠪᠯᠡᠷᠡᠭᠦᠯᠵᠤ᠂ ᠦᠤᠰᠢᠨ ᠬᠤᠰᠢᠭᠤᠨ ᠤ | ᠦᠨᠳᠦᠰᠦᠳᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠯ ᠤᠨ ᠳᠡᠣᠬᠡ ᠪᠠ ᠪᠤᠳᠠᠳᠣ ᠠᠬᠤᠢ ᠠᠴᠠ ᠰᠢᠮ᠎ᠡ ᠳᠡᠵᠢᠭᠡᠯ ᠭᠦᠷᠳᠡᠬᠦ ᠶᠢ | ᠴᠢᠬᠤᠯᠠᠴᠢᠯᠠᠵᠤ᠂ ︽ᠵᠢᠩᠭᠠᠷ︾ ᠤᠨ ᠳᠣᠣᠯᠢᠰ ᠢ ᠪᠦᠳᠦᠭᠡᠯᠴᠢ ᠪᠠᠷ ᠬᠤᠪᠢᠷᠠᠭᠤᠯᠬᠤ ᠪᠠ ᠡᠭᠦᠳᠦᠯᠴᠢ ᠴᠢᠨᠠᠷᠳᠠᠢ ᠪᠠᠷ ᠬᠦᠭᠵᠢᠭᠦᠯᠬᠦ ᠶᠢ ᠠᠬᠢᠭᠤᠯᠵᠤ᠂ ᠰᠢᠨ᠎ᠡ | ᠴᠠᠭ ᠦᠶ᠎ᠡ ᠶᠢᠨ ᠦᠨᠳᠦᠰᠦᠳᠡᠨ ᠤ ᠪᠦᠯᠭᠦᠮᠳᠡᠯ ᠳᠠᠪᠰᠢᠯᠳᠠ ᠶᠢᠨ ᠦᠤᠰᠢᠨ ᠤ ᠦᠯᠢᠭᠡᠷ ᠢ ᠰᠠᠶᠢᠳᠣᠷ ᠶᠠᠷᠢᠨ᠎ᠠ᠃ ᠬᠠᠮᠳᠣᠪᠠᠷ ᠪᠠᠶᠢᠭᠤᠯᠵᠤ ᠬᠠᠮᠳᠣᠪᠠᠷ ᠡᠳ᠋ᠯᠡᠬᠦ | ᠶᠢ ᠪᠡᠶᠡᠯᠡᠭᠦᠯᠤᠨ᠎ᠡ᠃ ᠵᠢᠱᠢᠶ᠎ᠡ ᠦᠵᠡᠭᠦᠯᠬᠦ ᠪᠠᠷ ᠪᠦᠬᠦ ᠣᠷᠣᠨ ᠪᠦᠰᠡ ᠶᠢ ᠳᠠᠶᠢᠴᠢᠯᠠᠬᠤ ᠶᠢ ᠪᠠᠷᠢᠮᠳᠠᠯᠠᠵᠤ᠂ ᠡᠭᠦᠳᠣᠨ ᠪᠠᠶᠢᠭᠤᠯᠬᠤ ᠪᠠᠷ ᠭᠦᠨᠵᠡᠭᠡᠶᠢᠷᠡᠭᠦᠯᠬᠦ ᠶᠢ | ᠠᠬᠢᠭᠤᠯᠵᠤ᠂ ᠦᠨᠳᠦᠰᠦᠳᠡᠨ ᠤ ᠪᠦᠯᠭᠦᠮᠳᠡᠯ ᠳᠠᠪᠰᠢᠯᠳᠠ ᠶᠢᠨ ︽10 + 6 + N︾ ᠠᠵᠢᠯ ᠤᠨ ᠰᠢᠰᠲ᠋ᠧᠮ ᠢ ᠪᠠᠶᠢᠭᠤᠯᠵᠤ᠂ ᠵᠠᠯᠠᠭᠤᠴᠣᠳ ᠪᠠᠭᠠᠴᠣᠳ | ᠤᠨ ᠰᠣᠯᠢᠯᠴᠠᠭ᠎ᠠ᠂ ᠣᠯᠠᠨ ᠳᠦᠮᠡᠨ ᠤ ᠬᠠᠷᠢᠯᠴᠠᠨ ᠨᠢᠭᠳᠠᠷᠠᠭᠰᠡᠨ ᠬᠦᠭᠵᠢᠯᠳᠡ᠂ ᠵᠢᠭᠤᠯᠴᠢᠯᠠᠯ ᠢᠶᠠᠷ ᠣᠯᠠᠨ ᠳᠦᠮᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠣᠯᠴᠠᠯ ᠢ ᠠᠬᠢᠭᠤᠯᠬᠤ ︽ᠭᠤᠷᠪᠠᠨ ᠵᠦᠢᠯ ᠤᠨ ᠲᠦᠯᠦᠪᠵᠢᠭᠦᠯᠭᠡ︾ ᠶᠢ ᠭᠦᠨᠵᠡᠭᠡᠢ ᠦᠷᠨᠢᠭᠦᠯᠵᠤ᠂ ᠪᠦᠬᠦ ᠣᠷᠣᠨ ᠪᠦᠰᠡ ᠪᠠᠷ ᠢᠶᠠᠨ ︽ᠠᠨᠠᠷ ᠤᠨ | ᠦᠷ᠎ᠡ +︾ ᠢᠨᠵᠧᠨᠧᠷᠢᠩ ᠢ ᠬᠡᠷᠡᠭᠵᠢᠭᠦᠯᠵᠤ᠂ ᠨᠢᠭᠡ ᠪᠦᠯᠦᠭ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠳᠡᠷᠢᠭᠦᠨ ᠤ ᠠᠷᠭ᠎ᠠ ᠳᠣᠷᠰᠢᠯᠭ᠎ᠠ ᠶᠢ | ᠳ᠋ᠦᠩᠨᠡᠵᠤ᠂ ᠦᠷᠭᠡᠨ ᠣᠯᠠᠨ ᠲᠦᠮᠡᠨ ᠤ ᠪᠦᠯᠬᠦᠮᠳᠡᠯ ᠢ ᠳᠠᠬᠢᠨ ᠢᠶᠠᠷ ᠨᠠᠨᠳᠢᠩᠨᠠᠬᠤ᠂ ᠣᠬᠠᠮᠰᠠᠷ ᠠᠴᠠ ᠪᠠᠨ ᠪᠦᠯᠬᠦᠮᠳᠡᠯ ᠢ ᠬᠠᠮᠠᠭᠠᠯᠠᠬᠤ᠂ ᠪᠦᠯᠬᠦᠮᠳᠡᠯ ᠢ | ᠳᠠᠰᠣᠷᠠᠯᠳᠠ ᠦᠬᠡᠢ ᠴᠢᠩᠭᠠᠳᠬᠠᠬᠤ ᠶᠢ ᠳᠠᠶᠢᠴᠢᠯᠠᠨ᠎ᠠ᠃ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠭᠦᠮᠤᠰ ᠤᠨ ᠰᠡᠳᠬᠢᠯ ᠢ ᠨᠢᠭᠳᠠᠷᠠᠭᠤᠯᠬᠤ ᠪᠠᠷ ᠠᠵᠤ | ᠠᠬᠤᠢ ᠨᠡᠶᠢᠬᠡᠮ ᠤᠨ ᠭᠦᠭᠵᠢᠯᠳᠡ ᠶᠢ ᠠᠬᠢᠭᠤᠯᠬᠤ ᠶᠢᠨ ᠡᠭᠦᠰᠭᠡᠯ ᠤᠨ ᠳᠡᠭᠦᠰᠭᠡᠯ ᠪᠤᠯᠭᠠᠬᠤ ᠶᠢ ᠪᠠᠷᠢᠮᠳᠠᠯᠠᠵᠤ᠂ ᠪᠤᠢ ᠪᠦᠬᠦᠢ ᠦᠭᠡᠷᠡᠴᠢᠯᠡᠯᠳᠡ ᠬᠦᠭᠵᠢᠯᠳᠡ | ᠳᠤ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠦᠵᠡᠯ ᠣᠬᠠᠮᠰᠠᠷ ᠢ ᠢᠯᠡᠳᠭᠡᠬᠦ ᠠᠴᠢ ᠬᠤᠯᠪᠤᠭᠳᠠᠯ ᠢ ᠣᠯᠭᠤᠵᠤ᠂ ᠦᠨᠳᠦᠰᠦᠳᠡᠨ | ᠨᠦᠭᠦᠳ ᠢ ᠠᠨᠠᠷ ᠤᠨ ᠦᠷ᠎ᠡ ᠮᠡᠳᠣ ᠨᠢᠭᠳᠠᠷᠠᠭᠤᠯᠬᠤ ᠶᠢ ᠠᠬᠢᠭᠤᠯᠤᠨ᠎ᠠ᠃ | ︵ᠬᠤᠶᠠᠷ︶ ᠠᠭᠤᠯᠠ ᠣᠰᠣ ᠣᠢ ᠰᠢᠭᠤᠢ ᠳᠠᠷᠢᠶᠠᠨ ᠭᠠᠵᠠᠷ ᠨᠠᠭᠤᠷ ᠴᠦᠭᠦᠷᠣᠮ ᠡᠪᠡᠰᠣ ᠪᠡᠯᠴᠢᠭᠡᠷ ᠡᠯᠡᠰᠣ ᠰᠢᠷᠣᠢ ᠶᠢᠨ ᠰᠢᠰᠲ᠋ᠧᠮ ᠢ ᠨᠢᠭᠡᠳᠣᠯᠳᠠᠢ | ᠳᠦᠯᠣᠪᠯᠡᠵᠤ᠂ ᠣᠮᠠᠷᠠᠳᠣ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢ ᠪᠠᠬᠢᠵᠢᠭᠦᠯᠤᠨ᠎ᠠ | ᠮᠤᠤᠠᠤᠰᠤ ᠶᠢᠨ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠣᠬᠠᠭᠠᠨᠴᠢ ᠪᠠᠷ ᠠᠬᠢᠭᠤᠯᠤᠨ᠎ᠠ᠃ ᠮᠤᠤᠠᠤᠰᠤ ᠶᠢᠨ ᠡᠯᠡᠰᠦᠷᠭᠡᠭ ᠭᠠᠵᠠᠷ | ᠢ ᠵᠠᠰᠠᠭᠰᠡᠨ ᠳᠣᠷᠰᠢᠯᠭ᠎ᠠ ᠶᠢ ᠪᠦᠬᠦ ᠳᠠᠯ᠎ᠠ ᠪᠠᠷ ᠡᠮᠬᠢᠳᠭᠡᠨ ᠳ᠋ᠦᠩᠨᠡᠵᠤ᠂ ︽ᠳᠠᠪᠤᠨ ᠵᠠᠭᠤᠨ ᠳᠦᠮᠡᠨ ᠮᠤ᠋︾ ᠠᠮᠢ ᠠᠬᠤᠢ ᠶᠢᠨ ᠪᠦᠳᠦᠭᠡᠨ ᠪᠠᠶᠢᠭᠤᠯᠤᠯᠳᠠ | ᠶᠢᠨ ᠰᠠᠭᠤᠷᠢᠨ ᠭᠠᠵᠠᠷ ᠢ ᠠᠬᠢᠭᠤᠯᠤᠨ᠂ ︽ᠭᠤᠷᠪᠠᠨ ᠣᠮᠠᠷᠠᠳᠣ︾ ᠶᠢᠨ ᠭᠤᠤᠯᠳᠠᠯᠭ᠎ᠠ ᠲᠠᠢ ᠣᠢ ᠰᠢᠭᠤᠢ ᠶᠢᠨ ᠠᠮᠢ ᠠᠬᠤᠢ ᠵᠢᠨᠢᠨᠵᠧᠨᠧᠷᠢᠩ ᠢ | ᠭᠤᠶᠤᠪᠴᠢᠯᠠᠨ ᠮᠡᠳᠡᠭᠦᠯᠵᠤ ᠡᠬᠢᠯᠡᠭᠦᠯᠤᠨ᠂ ᠪᠦᠬᠦ ᠵᠢᠯ ᠳᠤ ᠣᠢ ᠰᠢᠭᠤᠢ ᠡᠪᠡᠰᠣᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 60 ᠳᠦᠮᠡᠨ | ᠮᠤ᠋ ᠶᠢᠨ ᠬᠠᠷᠠᠯᠳᠠᠳᠣ ᠡᠭᠦᠷᠭᠡ ᠶᠢ ᠴᠢᠷᠮᠠᠶᠢᠨ ᠪᠡᠶᠡᠯᠡᠭᠦᠯᠤᠨ᠎ᠡ᠃ ᠠᠮᠢ ᠠᠬᠤᠢ ᠶᠢᠨ ᠬᠠᠮᠠᠭᠠᠯᠠᠯᠳᠠ ᠪᠠ ᠰᠡᠷᠭᠦᠭᠡᠯᠳᠡ ᠶᠢ ᠴᠢᠩᠭᠠᠳᠬᠠᠨ᠎ᠡ᠃ ᠣᠯᠣᠰ ᠤᠨ ᠠᠮᠢ | ᠠᠬᠤᠢ ᠶᠢᠨ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠦᠭᠦ ᠭᠦᠴᠦᠨ ᠢᠶᠠᠷ ᠡᠭᠦᠳᠦᠨ ᠪᠠᠶᠢᠭᠤᠯᠵᠤ᠂ ᠠᠮᠢ ᠠᠬᠤᠢ | ᠶᠢᠨ ᠬᠠᠮᠠᠭᠠᠯᠠᠯᠳᠠ ᠶᠢᠨ ᠣᠯᠠᠭᠠᠨ ᠱᠣᠭᠤᠮ ᠢ ᠴᠢᠩᠭ᠎ᠠ ᠰᠠᠬᠢᠵᠤ᠂ ᠣᠢ ᠶᠢᠨ ᠳᠠᠷᠤᠭ᠎ᠠ ᠶᠢᠨ ᠳᠦᠷᠢᠮ᠂ ᠨᠠᠭᠤᠷ ᠭᠤᠤᠯ ᠤᠨ ᠳᠠᠷᠤᠭ᠎ᠠ ᠶᠢᠨ ᠳᠦᠷᠢᠮ ᠪᠠ | ᠨᠤᠳᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠤᠭᠰᠣᠭᠠᠬᠤ ᠵᠡᠷᠭᠡ ᠠᠮᠢ ᠠᠬᠤᠢ ᠶᠢᠨ ᠬᠠᠮᠠᠭᠠᠯᠠᠯᠳᠠ ᠶᠢᠨ ᠲᠦᠷᠢᠮ ᠢ | ᠡᠷᠡᠰ ᠴᠢᠩᠭ᠎ᠠ ᠨᠠᠶᠢᠳᠠᠪᠤᠷᠢᠵᠢᠭᠤᠯᠤᠨ᠂ ᠤᠢ ᠰᠢᠭᠤᠢ ᠡᠪᠡᠰᠣ ᠪᠡᠯᠴᠢᠭᠡᠷ ᠢ ᠡᠪᠳᠡᠵᠤ ᠠᠳᠠᠷ ᠬᠠᠭᠠᠯᠪᠤᠷᠢᠯᠠᠬᠤ ᠵᠡᠷᠭᠡ ᠬᠠᠤᠯᠢ ᠶᠢᠨ ᠳᠣᠭᠳᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠩᠭᠤ ᠴᠡᠭᠴᠡᠯᠠᠨ ᠵᠠᠰᠠᠵᠤ᠂ ᠪᠠᠳᠣ ᠶᠢᠨ ᠳᠣᠬᠤᠢ᠂ ᠶᠡᠭᠡ ᠡᠪᠡᠰᠣᠳᠣ ᠳᠣᠬᠤᠢ ᠵᠡᠷᠭᠡ ᠣᠰᠣᠨ ᠴᠣᠭᠴᠠ ᠶᠢᠨ | ᠣᠰᠣᠨ ᠤ ᠴᠢᠨᠠᠷ ᠢ ᠳᠣᠭᠳᠠᠭᠤᠨ ᠢᠶᠠᠷ ᠪᠠᠷᠢᠮᠵᠢᠶ᠎ᠠ ᠳᠤ ᠭᠦᠷᠭᠡᠬᠦ ᠶᠢ ᠦᠨᠡᠨᠬᠦ ᠪᠠᠳᠣᠯᠠᠨ᠎ᠠ᠃ ᠣᠷᠴᠢᠨ ᠳᠣᠭᠤᠷᠢᠨ ᠤ ᠪᠤᠬᠢᠷᠳᠣᠯ ᠢ ᠰᠡᠷᠬᠡᠶᠢᠯᠡᠨ ᠵᠠᠰᠠᠵᠤ | ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ ᠬᠦᠭᠡ ᠣᠭᠳᠠᠷᠭᠤᠢ᠂ ᠴᠡᠪᠡᠷ ᠰᠢᠷᠣᠢ᠂ ᠴᠡᠩᠭᠡᠭ ᠣᠰᠣ ᠶᠢ ᠬᠠᠮᠠᠭᠠᠯᠠᠬᠤ ᠳᠠᠶᠢᠯᠠᠯᠳᠣᠭᠠᠨ ᠢ ᠦᠷᠭᠦᠯᠵᠢᠯᠠᠨ | ᠰᠠᠶᠢᠳᠣᠷ ᠬᠢᠵᠤ᠂ ᠲᠦᠪ᠂ ᠦᠪᠡᠷᠳᠡᠭᠡᠨ ᠵᠠᠰᠠᠬᠤ ᠣᠷᠣᠨ ᠤ ᠣᠷᠴᠢᠨ ᠳᠣᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠳᠣᠰᠬᠠᠭᠰᠡᠨ ᠠᠰᠠᠭᠤᠳᠠᠯ ᠢ ᠬᠠᠯᠠᠨ ᠵᠠᠰᠠᠬᠤ ᠶᠢ ᠦᠨᠳᠦᠷ ᠪᠦᠳᠦᠮᠵᠢᠳᠠᠢ ᠠᠬᠢᠭᠤᠯᠵᠤ᠂ ᠨᠡᠭᠦᠷᠡᠰᠣᠨ ᠴᠢᠯᠠᠭᠤ᠂ ᠬᠡᠶᠢᠵᠢᠭᠦᠯᠦᠭᠰᠡᠨ ᠰᠢᠭᠠᠷᠣ᠂ ᠨᠤᠨᠳᠠᠭ | ᠨᠡᠭᠦᠷᠡᠰᠣᠨ ᠤ ᠦᠨᠡᠰᠣ᠂ ᠴᠢᠯᠠᠭᠤᠯᠢᠭ ᠤᠨ ᠬᠡᠮᠭᠡᠳᠡᠭ ᠵᠡᠷᠭᠡ ᠡᠯ᠎ᠡ ᠲᠦᠷᠦᠯ ᠤᠨ ᠪᠤᠬᠢᠷᠳᠣᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ | ᠰᠠᠶᠢᠳᠣᠷ ᠠᠳᠬᠤᠨ᠎ᠠ᠃ ︽ᠦᠵᠡᠰᠭᠦᠯᠡᠩᠳᠣ ᠰᠠᠶᠢᠬᠠᠨ ᠨᠠᠭᠤᠷ ᠴᠦᠬᠦᠷᠦᠮ︾ ᠤᠨ ᠪᠦᠳᠦᠭᠡᠨ ᠪᠠᠶᠢᠭᠤᠯᠤᠯᠳᠠ ᠶᠢᠨ ᠦᠷ᠎ᠡ ᠠᠰᠢᠭ ᠢ ᠪᠠᠬᠢᠵᠢᠭᠦᠯᠵᠤ᠂ | ᠮᠠᠩᠭᠢᠰᠤᠨ ᠵᠠᠳᠠᠭᠠᠢ᠂ ᠲᠤᠭᠤᠭᠠᠲᠤ ᠵᠡᠷᠭᠡ ᠨᠡᠭᠦᠷᠡᠰᠣᠨ ᠠᠭᠤᠷᠬᠠᠢ ᠶᠢᠨ ᠬᠤᠳᠳᠤᠭ ᠤᠨ ᠣᠰᠣ ᠶᠢ ᠭᠦᠨᠵᠡᠭᠡᠢ ᠰᠢᠢᠳᠪᠤᠷᠢᠯᠡᠬᠦ ᠲᠦᠷᠦᠯ ᠵᠦᠢᠯ ᠤᠨ | ᠪᠦᠳᠦᠭᠡᠨ ᠪᠠᠶᠢᠭᠤᠯᠤᠯᠳᠠ ᠶᠢ ᠳᠦᠷᠭᠡᠳᠭᠡᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠳᠣᠷᠰᠢᠯᠭ᠎ᠠ ᠶᠢ ᠭᠦᠨᠵᠡᠭᠡᠢ ᠰᠣᠷᠣᠯᠴᠠᠨ ᠠᠮᠢᠳᠣᠯᠢᠭ ᠢᠶᠠᠷ | ᠬᠡᠷᠡᠭᠯᠡᠵᠤ᠂ ᠬᠤᠭ ᠨᠤᠪᠰᠢ ᠪᠤᠬᠢᠷ ᠣᠰᠣ ᠶᠢ ᠵᠠᠰᠠᠬᠤ᠂ ᠮᠠᠯ ᠵᠢᠭᠦᠷᠳᠡᠨ ᠤ ᠭᠠᠳᠠᠭᠰᠢᠯᠠᠭᠤᠯᠤᠯᠲᠠ ᠤᠨ ᠪᠤᠬᠢᠷᠳᠣᠯ ᠢ ᠡᠬᠢ ᠪᠠᠶᠠᠯᠢᠭᠵᠢᠭᠤᠯᠤᠨ ᠠᠰᠢᠭᠯᠠᠬᠤ | ᠵᠡᠷᠭᠡ ᠠᠵᠢᠯ ᠢ ᠳᠦᠯᠬᠢᠨ ᠠᠬᠢᠭᠤᠯᠤᠨ᠎ᠠ᠃ ᠪᠤᠬᠢᠷᠳᠣᠯ ᠦᠬᠡᠢ ᠨᠡᠭᠦᠷᠡᠰᠦᠳᠦ᠋ᠷᠣᠭ᠍ᠴᠢ ᠶᠢᠨ ᠡᠷᠬᠢᠯᠳᠡᠳᠣ ᠭᠦᠭᠵᠢᠯᠳᠡ ᠶᠢ ᠠᠬᠢᠭᠤᠯᠤᠨ᠎ᠠ᠃ ︽ᠦᠪᠡᠷᠳᠡᠭᠡᠨ | ᠵᠠᠰᠠᠬᠤ ᠣᠷᠣᠨ ᠤ ᠡᠨᠧᠷᠬᠢ ᠶᠢᠨ ᠬᠤᠷᠣᠭᠳᠠᠯ ᠢ ᠳᠠᠪᠬᠤᠷ ᠡᠵᠡᠮᠳᠡᠬᠦ ᠶᠢ ᠨᠡᠭᠦᠷᠡᠰᠦᠳᠦ᠋ᠷᠣᠭ᠍ᠴᠢ ᠶᠢᠨ ᠭᠠᠳᠠᠭᠰᠢᠯᠠᠭᠤᠯᠤᠯᠳᠠ ᠶᠢ ᠳᠠᠪᠬᠤᠷ ᠡᠵᠡᠮᠳᠡᠬᠦ ᠳᠡᠶᠢᠰᠢ | ᠬᠤᠪᠢᠷᠠᠭᠤᠯᠬᠤ ᠶᠢ ᠣᠷᠢᠳᠠᠪᠠᠷ ᠬᠡᠷᠡᠭᠵᠢᠭᠦᠯᠵᠤ ᠣᠷᠢᠳᠠᠪᠠᠷ ᠳᠣᠷᠰᠢᠬᠤ ᠠᠵᠢᠯ ᠤᠨ ᠳᠦᠰᠦᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠣᠪᠤᠷᠭ᠎ᠠ ᠠᠵᠤ ᠠᠬᠤᠢ ᠶᠢᠨ ᠨᠡᠭᠡᠭᠡᠯᠳᠡ ᠶᠢᠨ ᠳᠣᠭᠤᠷᠢᠭ ᠤᠨ ᠪᠦᠬᠦ ᠣᠯᠣᠰ ᠤᠨ ᠠᠩᠬᠠᠳᠠᠭᠴᠢ ᠪᠦᠯᠦᠭ ᠪᠣᠬᠢᠷᠳᠣᠯ ᠢ ᠪᠠᠭᠠᠰᠬᠠᠵᠤ ᠨᠡᠭᠦᠷᠡᠰᠦᠳᠦ᠋ᠷᠣᠭ᠍ᠴᠢ | ᠶᠢ ᠪᠠᠭᠤᠷᠠᠭᠤᠯᠬᠤ ᠶᠢ ᠡᠭᠦᠳᠦᠯᠴᠢ ᠪᠠᠷ ᠳᠣᠷᠰᠢᠬᠤ ᠬᠦᠷᠢᠶᠡᠯᠡᠩ ᠳᠣᠭᠤᠷᠢᠭ ᠢ ᠬᠠᠮᠳᠣᠳᠬᠠᠨ ᠡᠭᠦᠳᠣᠨ ᠪᠠᠶᠢᠭᠤᠯᠬᠤ ᠠᠵᠢᠯ ᠢ ᠠᠬᠢᠭᠤᠯᠤᠨ᠎ᠠ᠃ ᠭᠤᠤᠯᠳᠠᠯᠭ᠎ᠠ | ᠲᠠᠢ ᠠᠵᠤ ᠠᠬᠤᠶᠢᠯᠠᠯ᠂ ᠰᠢᠭᠠᠷᠣ ᠶᠢᠨ ᠳᠠᠯᠠᠪᠠᠢ᠂ ᠬᠤᠭ ᠨᠤᠪᠰᠢ ᠶᠢ ᠪᠤᠯᠠᠬᠤ ᠳᠠᠯᠠᠪᠠᠢ ᠶᠢ ᠱᠠᠯᠠᠪᠳᠠᠭᠤᠯᠵᠤ ᠭᠠᠵᠠᠷ ᠳᠣᠣᠷᠠᠬᠢ ᠣᠰᠤ ᠶᠢ ᠰᠢᠯᠭᠠᠨ ᠬᠢᠨᠠᠬᠤ | ᠬᠤᠳᠳᠤᠭ ᠢ ᠵᠢᠷᠣᠮᠵᠢᠭᠤᠯᠤᠨ ᠪᠦᠳᠦᠭᠡᠨ ᠪᠠᠶᠢᠭᠤᠯᠬᠤ ᠶᠢ ᠪᠡᠶᠡᠯᠡᠭᠦᠯᠤᠨ᠎ᠡ᠃ ᠬᠤᠯᠤᠰᠣᠳᠠᠢ᠂ ᠮᠦᠩᠭᠡᠴᠢᠨ ᠨᠡᠭᠦᠷᠡᠰᠦᠨ ᠠᠭᠤᠷᠬᠠᠢ ᠪᠤᠬᠢᠷᠳᠣᠯ ᠦᠬᠡᠢ | ᠠᠭᠤᠷᠬᠠᠢ ᠶᠢᠨ ᠨᠡᠶᠢᠳᠡᠯᠢᠭ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠬᠤ ᠵᠡᠷᠭᠡ ᠠᠵᠢᠯ ᠢ ᠠᠬᠢᠭᠤᠯᠤᠨ᠎ᠠ᠃ | ︵ᠭᠤᠷᠪᠠ︶ ᠠᠵᠤ ᠦᠢᠯᠡᠰ ᠤᠨ ᠪᠦᠳᠦᠴᠡ ᠶᠢ ᠪᠠᠶᠢᠯᠳᠣᠬᠤ ᠪᠤᠳᠣᠯᠭ᠎ᠠ ᠶᠢᠨ ᠴᠢᠨᠠᠷᠳᠠᠢ ᠪᠠᠷ ᠳᠣᠬᠢᠷᠠᠭᠤᠯᠤᠨ ᠰᠢᠯᠢᠳᠡᠭᠵᠢᠭᠦᠯᠬᠦ ᠶᠢ ᠴᠢᠩᠭᠠᠳᠬᠠᠵᠤ᠂ | ᠣᠯᠠᠨ ᠡᠰᠢᠴᠢᠯᠠᠨ ᠭᠦᠭᠵᠢᠭᠰᠡᠨ᠂ ᠣᠯᠠᠨ ᠳᠦᠢᠯ ᠢᠶᠠᠷ ᠳᠣᠯᠭᠠᠭᠤᠷᠢᠯᠠᠭᠰᠡᠨ ᠣᠳᠣᠬᠢᠴᠢᠯᠠᠭᠰᠡᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠤᠨ ᠳᠡᠰ ᠳᠡᠪᠰᠢᠭᠦᠯᠬᠦ ᠠᠵᠢᠯ ᠢ ᠳᠦᠷᠭᠡᠳᠭᠡᠨ᠎ᠡ᠃ ᠰᠢᠨ᠎ᠡ ᠬᠡᠯᠪᠡᠷᠢ ᠶᠢᠨ ᠠᠵᠤ | ᠦᠢᠯᠡᠳᠪᠤᠷᠢᠵᠢᠯᠳᠡ ᠶᠢᠨ ᠬᠦᠭᠵᠢᠯᠳᠡ ᠶᠢ ᠶᠡᠬᠡᠪᠡᠷ ᠠᠬᠢᠭᠤᠯᠵᠤ᠂ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠬᠡᠯᠬᠢᠶᠡᠵᠢᠯ ᠢ | ᠣᠷᠳᠣᠳᠬᠠᠵᠤ ᠬᠡᠯᠬᠢᠶᠡᠵᠢᠯ ᠢ ᠨᠦᠭᠦᠪᠤᠷᠢᠯᠡᠭᠰᠡᠨ ᠳᠦᠷᠦᠯ ᠵᠦᠢᠯ ᠵᠢᠴᠢ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠪᠤᠬᠢᠷᠳᠣᠯ ᠦᠬᠡᠢ ᠳᠣᠣᠷ᠎ᠠ | ᠨᠡᠭᠦᠷᠡᠰᠦᠳᠦ᠋ᠷᠣᠭ᠍ᠴᠢᠳᠣ᠂ ᠵᠤᠬᠢᠶᠠᠮᠠᠯ ᠣᠶᠤᠨᠴᠢ ᠴᠢᠳᠠᠪᠤᠷᠢ ᠵᠡᠷᠭᠡ ᠪᠠᠶᠢᠯᠳᠣᠬᠤ ᠪᠤᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠭᠰᠡᠨ ᠠᠵᠤ ᠦᠢᠯᠡᠰ ᠢ ᠳᠠᠳᠠᠨ | ᠠᠪᠴᠢᠷᠠᠵᠤ᠂ ᠬᠠᠮᠳᠣᠷᠠᠯᠴᠠᠬᠤ ᠰᠠᠨᠠᠮᠵᠢ ᠲᠠᠢ ᠢ ᠵᠧᠩ ᠬᠢᠮᠢ ᠶᠢᠨ ᠰᠢᠷᠬᠡᠭᠯᠢᠭ ᠢ ᠹᠠᠩ ᠯᠦᠨ᠂ ᠱᠠᠩᠬᠠᠢ ᠶᠢᠨ ᠴᠢᠯᠠᠭᠤᠨ ᠳᠣᠰᠣ ᠬᠢᠮᠢ ᠶᠢᠨ ᠠᠵᠤ | ᠦᠢᠯᠡᠳᠪᠤᠷᠢ ᠶᠢᠨ ᠨᠡᠭᠦᠷᠡᠰᠦᠳᠦ᠋ᠷᠣᠭ᠍ᠴᠢ ᠶᠢᠨ ᠰᠢᠷᠬᠡᠭᠯᠢᠭ ᠯᠤᠭ᠎ᠠ ᠪᠠᠶᠢᠷᠢᠰᠢᠭᠤᠯᠬᠤ ᠵᠡᠷᠭᠡ ᠲᠦᠷᠦᠯ ᠵᠦᠢᠯ ᠢ ᠴᠢᠩᠭ᠎ᠠ ᠠᠩᠬᠠᠷᠴᠣ᠂ ᠶᠡᠭᠡ ᠪᠠᠭ᠎ᠠ ᠲᠦᠷᠦᠯ | ᠵᠦᠢᠯ ᠤᠨ ᠬᠠᠷᠢᠯᠴᠠᠨ ᠨᠦᠭᠦᠪᠤᠷᠢᠯᠡᠬᠦ ᠪᠦᠳᠦᠭᠡᠨ ᠪᠠᠶᠢᠭᠤᠯᠵᠤ᠂ ᠡᠷᠬᠢᠯᠳᠡᠳᠣ ᠭᠦᠭᠵᠢᠯᠳᠡ ᠶᠢᠨ ᠰᠠᠶᠢᠨ ᠰᠠᠶᠢᠬᠠᠨ ᠠᠬᠤᠢ ᠪᠠᠶᠢᠳᠠᠯ ᠢ ᠪᠤᠢ ᠪᠤᠯᠭᠠᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ ᠦᠨᠳᠦᠷ ᠦᠷ᠎ᠡ ᠠᠰᠢᠭᠳᠠᠢ ᠬᠦᠭᠵᠢᠯᠳᠡ ᠶᠢ ᠠᠬᠢᠭᠤᠯᠤᠨ᠎ᠡ᠃ ᠰᠣᠶᠤᠯ ᠵᠢᠭᠤᠯᠴᠢᠯᠠᠯ ᠢ ᠠᠭᠤᠰᠣᠯᠴᠠᠭᠤᠯᠤᠨ | ᠬᠦᠭᠵᠢᠭᠦᠯᠬᠦ ᠶᠢ ᠭᠦᠨᠵᠡᠭᠡᠢ ᠠᠬᠢᠭᠤᠯᠵᠤ᠂ ᠦᠪᠤᠷ ᠮᠤᠩᠭᠤᠯ ᠤᠨ ᠬᠤᠶᠠᠳᠣᠭᠠᠷ ᠬᠤᠭᠤᠴᠠᠭᠠᠨ ᠤ ᠵᠢᠷᠤᠭ᠎ᠠ ᠮᠤᠷᠢᠨ ᠤ ᠣᠷᠣᠯᠳᠣᠭᠠᠨ᠂ ᠠᠷᠪᠠᠨ ᠳᠣᠯᠣᠳᠣᠭᠠᠷ | ᠬᠤᠭᠤᠴᠠᠭᠠᠨ ᠤ ᠣᠷᠳᠣᠰ ᠤᠨ ᠠᠷᠠᠳ ᠤᠨ ᠵᠠᠩ ᠠᠷᠠᠨᠰᠢᠨ ᠵᠠᠩ ᠵᠠᠩᠰᠢᠯ ᠵᠢᠭᠤᠯᠴᠢᠯᠠᠯ ᠤᠨ ᠵᠠᠩ ᠰᠣᠷᠳᠠᠯ ᠤᠨ ᠪᠠᠶᠠᠷ ᠵᠡᠷᠭᠡ ᠰᠢᠷᠢᠰ ᠠᠵᠢᠯᠯᠠᠭ᠎ᠠ ᠶᠢ | ᠪᠡᠯᠡᠳᠭᠡᠨ ᠡᠷᠬᠢᠯᠡᠨ᠎ᠡ᠃ ᠣᠯᠣᠰ ᠤᠨ ᠵᠤᠷᠢᠭᠵᠢᠭᠤᠯᠬᠤ ᠳᠦᠷᠦ ᠶᠢᠨ ᠪᠤᠳᠣᠯᠭ᠎ᠠ ᠶᠢ ᠰᠠᠶᠢᠳᠣᠷ ᠠᠰᠢᠭᠯᠠᠨ᠂ ᠰᠢᠨ᠎ᠡ ᠡᠨᠧᠷᠬᠢ ᠶᠢᠨ ᠮᠠᠰᠢᠨ ᠳᠡᠷᠭᠡ᠂ | ᠡᠯᠧᠺᠲᠷᠣᠨ ᠦᠢᠯᠡᠳᠭᠦᠨ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠭᠦᠭᠵᠢᠭᠡᠵᠤ᠂ ᠵᠠᠭᠤᠴᠢᠯᠠᠭᠤᠷ ᠤᠨ ᠳᠠᠪᠴᠠᠩ᠂ ᠡᠯᠧᠺᠲᠷᠣᠨ ᠬᠤᠳᠠᠯᠳᠣᠭᠠᠨ ᠤ | ᠳᠠᠪᠴᠠᠩ᠂ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ ᠳᠦᠷᠦᠯ ᠤᠨ ᠨᠡᠶᠢᠬᠡᠮᠯᠢᠭ ᠵᠡᠷᠭᠡ ᠪᠤᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠬᠠᠮᠳᠣᠷᠠᠨ | ᠡᠷᠬᠢᠯᠡᠬᠦ ᠪᠠᠷ ᠳᠠᠮᠵᠢᠨ᠂ ᠰᠣᠶᠤᠯ ᠴᠡᠩᠭᠡᠯ ᠤᠨ ᠵᠢᠭᠤᠯᠴᠢᠯᠠᠯ᠂ ᠪᠡᠶ᠎ᠡ ᠳᠠᠮᠢᠷ ᠤᠨ ᠣᠷᠣᠯᠳᠣᠭᠠᠨ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ | ᠢᠳᠡᠪᠬᠢᠳᠠᠢ ᠦᠷᠨᠢᠭᠦᠯᠤᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠣᠯᠭᠠᠭᠤᠷᠢ ᠭᠦᠴᠦᠨ ᠢᠶᠠᠨ ᠴᠢᠩᠭᠠᠳᠬᠠᠨ᠎ᠠ᠃ ᠪᠦᠬᠦ ᠬᠤᠰᠢᠭᠤᠨ ᠤ ᠠᠵᠤ | ᠦᠢᠯᠡᠳᠪᠤᠷᠢ ᠶᠢᠨ ᠠᠵᠤ ᠠᠬᠤᠢ ᠶᠢᠨ ᠳᠣᠰᠬᠠᠢ ᠮᠡᠷᠭᠡᠵᠢᠯᠳᠡᠨ ᠤ ᠵᠦᠪᠯᠡᠯ ᠢ ᠪᠠᠶᠢᠭᠤᠯᠬᠤ ᠪᠠᠷ ᠪᠡᠯᠡᠳᠭᠡᠵᠤ᠂ ᠵᠢᠯ ᠤᠨ ᠳᠣᠳᠣᠷ᠎ᠠ 3 ︽ᠭᠤᠷᠪᠠ ᠶᠢ | ᠦᠭᠡᠶᠢᠰᠭᠡᠬᠦ︾ ᠠᠵᠤ ᠠᠬᠤᠶᠢᠯᠠᠯ᠂ 5 ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 16 ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠣᠮᠳᠠ ᠵᠢᠵᠢᠭ | ᠠᠵᠤ ᠠᠬᠤᠶᠢᠯᠠᠯ ᠢ ᠰᠢᠨ᠎ᠡ ᠪᠠᠷ ᠪᠤᠶᠢᠵᠢᠭᠤᠯᠬᠤ ᠪᠠᠷ ᠴᠢᠷᠮᠠᠶᠢᠨ᠎ᠠ᠃ ᠦᠪᠡᠷᠳᠡᠭᠡᠨ ᠵᠠᠰᠠᠬᠤ ᠣᠷᠣᠨ ᠤ ᠳᠡᠰ ᠤᠨ ᠣᠳᠣᠬᠢᠴᠢᠯᠠᠭᠰᠡᠨ ᠨᠡᠭᠦᠷᠡᠰᠣ ᠬᠢᠮᠢ ᠶᠢᠨ | ᠠᠵᠤ ᠦᠢᠯᠡᠳᠪᠤᠷᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠦᠪ ᠢ ᠠᠮᠵᠢᠯᠳᠠ ᠲᠠᠢ ᠮᠡᠳᠡᠭᠦᠯᠤᠨ᠎ᠡ᠃ ᠭᠦᠳᠡᠯᠭᠡᠬᠦ ᠭᠦᠴᠦᠨ ᠤ ᠠᠷᠠᠯ᠂ | ᠨᠡᠶᠢᠳᠡ ᠶᠢᠨ ᠬᠡᠷᠡᠭᠯᠡᠭᠡᠨ ᠤ ᠬᠤᠭᠤᠯᠠᠢ ᠬᠤᠩᠭᠢᠯ ᠵᠡᠷᠭᠡ ᠨᠡᠶᠢᠳᠡ ᠶᠢᠨ ᠬᠡᠷᠡᠭᠯᠡᠭᠡᠨ ᠤ ᠢᠨᠵᠧᠨᠧᠷᠢᠩ ᠵᠢᠴᠢ 5G᠂ ᠠᠵᠤ ᠦᠢᠯᠡᠳᠪᠤᠷᠢ ᠶᠢᠨ ᠢᠨᠲ᠋ᠧᠷ | ᠰᠦᠯᠵᠢᠶ᠎ᠡ ᠵᠡᠷᠭᠡ ︽ᠰᠢᠨ᠎ᠡ ᠦᠨᠳᠦᠰᠦᠨ ᠪᠦᠳᠦᠭᠡᠨ ᠪᠠᠶᠢᠭᠤᠯᠤᠯᠳᠠ︾ ᠶᠢᠨ ᠪᠦᠳᠦᠭᠡᠨ ᠪᠠᠶᠢᠭᠤᠯᠤᠯᠳᠠ ᠶᠢ ᠳᠦᠯᠦᠪᠵᠢᠭᠦᠯᠤᠨ ᠠᠬᠢᠭᠤᠯᠤᠨ᠎ᠠ᠃ ᠠᠷᠠᠳ | ᠤᠨ ᠪᠡᠯᠡ ᠣᠷᠣᠭᠤᠯᠤᠯᠳᠠ ᠶᠢᠨ ᠠᠮᠢᠵᠢᠷᠠᠯ ᠤᠨ ᠭᠦᠴᠦᠨ ᠢ ᠭᠦᠭᠵᠢᠭᠡᠨ᠎ᠡ᠃ ︽ᠵᠧᠵᠢᠶᠠᠩ ᠤᠨ ᠳᠣᠷᠰᠢᠯᠭ᠎ᠠ︾ ᠶᠢ ᠰᠣᠷᠣᠯᠴᠠᠨ ᠳᠡᠯᠭᠡᠷᠡᠭᠦᠯᠵᠤ᠂ ᠪᠦᠬᠦ | ᠣᠯᠣᠰ ᠤᠨ ᠨᠢᠭᠡᠳᠦᠯᠳᠠᠢ ᠲᠣᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠢ ᠳᠠᠶᠢᠴᠢᠯᠠᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠣᠷᠳᠣᠳᠬᠠᠨ ᠬᠡᠯᠬᠢᠶ᠎ᠡ ᠶᠢ ᠨᠦᠬᠦᠪᠤᠷᠢᠯᠡᠬᠦ ᠵᠤᠶᠢᠯᠡᠰ ᠲᠤ ᠪᠡᠯᠡ | ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ︽ᠦᠶᠦᠭ ᠦᠦᠰᠢᠨ ᠤᠷᠴᠢᠨ︾ ᠢ ᠦᠷᠭᠦᠯᠵᠢᠯᠡᠨ ᠪᠠᠳᠣᠳᠬᠠᠨ ᠳᠡᠭᠡᠭᠰᠢᠯᠡᠭᠦᠯᠵᠤ᠂ ᠡᠵᠡᠩᠨᠡᠯᠳᠡ ᠶᠢᠨ | ᠣᠷᠴᠢᠨ ᠳᠣᠭᠤᠷᠢᠨ ᠤ ᠨᠡᠷᠡᠳᠣ ᠳᠡᠮᠳᠡᠭᠳᠣ ᠢ ᠰᠢᠯᠢᠳᠡᠭᠵᠢᠭᠦᠯᠵᠤ᠂ ᠨᠡᠩ ᠣᠯᠠᠨ ᠠᠷᠠᠳ ᠤᠨ ᠪᠡᠯᠡ ᠮᠦᠩᠭᠦ ᠶᠢ ᠬᠦᠳᠡᠭᠡᠨ ᠳᠣᠰᠬᠤᠨ ᠢ ᠭᠦᠭᠵᠢᠭᠦᠯᠤᠨ | ᠮᠠᠨᠳᠣᠭᠤᠯᠬᠤ᠂ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠣᠨᠴᠠᠯᠢᠭᠳᠣ ᠠᠵᠤ ᠦᠢᠯᠡᠰ ᠤᠨ ᠬᠦᠭᠵᠢᠯᠳᠡ ᠵᠡᠷᠭᠡ ᠴᠢᠬᠤᠯᠠ ᠶᠡᠭᠡ ᠳᠦᠷᠦᠯ | ᠵᠦᠢᠯ ᠤᠨ ᠪᠦᠳᠦᠭᠡᠨ ᠪᠠᠶᠢᠭᠤᠯᠤᠯᠳᠠ ᠳᠤ ᠣᠷᠣᠯᠴᠠᠭᠤᠯᠬᠤ ᠶᠢ ᠣᠷᠮᠠᠰᠢᠭᠤᠯᠤᠨ ᠳᠠᠳᠠᠨ᠎ᠠ᠃ | ︵ᠳᠦᠷᠪᠡ︶ ᠡᠨᠧᠷᠬᠢ ᠶᠢᠨ ᠰᠣᠷᠪᠤᠯᠵᠢ ᠶᠢᠨ ᠠᠵᠤ ᠠᠬᠤᠢ ᠶᠢ ᠬᠦᠭᠵᠢᠭᠦᠯᠬᠦ ᠳᠤ ᠠᠩᠬᠠᠷᠣᠯ ᠢᠶᠠᠨ ᠳᠦᠪᠯᠡᠷᠡᠭᠦᠯᠤᠨ᠂ ᠣᠯᠣᠰ ᠤᠨ ᠴᠢᠬᠤᠯᠠ | ᠡᠨᠧᠷᠬᠢ ᠶᠢᠨ ᠰᠣᠷᠪᠤᠯᠵᠢ ᠪᠠ ᠪᠠᠶᠢᠯᠳᠣᠬᠤ ᠪᠤᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠬᠤ ᠭᠦᠴᠦᠨ ᠢ ᠴᠢᠩᠭᠠᠳᠬᠠᠨ᠎ᠠ | ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠵᠦᠩ ᠮᠸᠢ᠂ ᠳᠣᠮᠳᠠᠳᠣ ᠣᠯᠣᠰ ᠤᠨ ᠴᠢᠯᠠᠭᠤᠨ ᠳᠣᠰᠣᠨ | ᠤ ᠬᠢᠮᠢ ᠶᠢᠨ ᠠᠵᠤ ᠦᠢᠯᠡᠳᠪᠤᠷᠢ᠂ ᠳᠣᠮᠳᠠᠳᠣ ᠣᠯᠣᠰ ᠤᠨ ᠴᠢᠯᠠᠭᠤᠨ ᠳᠣᠰᠣᠨ ᠤ ᠠᠵᠤ ᠦᠢᠯᠡᠳᠪᠤᠷᠢ᠂ ᠣᠯᠣᠰ ᠤᠨ ᠡᠨᠧᠷᠬᠢ ᠶᠢᠨ ᠠᠵᠤ ᠦᠢᠯᠡᠳᠪᠤᠷᠢ᠂ | ᠪᠤᠤ ᠹᠧᠩ᠂ ᠬᠤᠢ ᠨᠧᠩ ᠤᠨ ᠮᠢᠩᠭᠠᠨ ᠳ᠋ᠦᠩᠰᠢᠭᠤᠷ ᠤᠨ ᠳᠡᠰ ᠤᠨ ᠳᠦᠷᠦᠯ ᠵᠦᠢᠯ ᠤᠨ ᠴᠣᠭᠯᠠᠷᠠᠯ ᠢ ᠪᠠᠶᠢᠭᠤᠯᠬᠤ ᠪᠠᠷ ︽ᠭᠦᠢᠰᠣ ᠣᠷᠣᠨ︾ ᠤ | ᠪᠦᠳᠦᠭᠡᠨ ᠪᠠᠶᠢᠭᠤᠯᠤᠯᠳᠠ ᠶᠢᠨ ᠵᠠᠩᠭᠢᠯᠠᠭ᠎ᠠ ᠶᠢᠨ ᠳᠣᠯᠭᠠᠭᠤᠷᠢ ᠪᠤᠯᠭᠠᠵᠤ᠂ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠶᠢᠨ ᠠᠵᠤ | ᠦᠢᠯᠡᠰ ᠢ ᠳᠦᠪᠯᠡᠷᠡᠭᠦᠯᠤᠨ ᠡᠷᠴᠢᠮᠵᠢᠭᠦᠯᠤᠭ᠍ᠰᠡᠨ ᠴᠣᠭᠯᠠᠷᠠᠯ ᠤᠨ ᠬᠦᠭᠵᠢᠯᠳᠡ ᠶᠢ ᠠᠬᠢᠭᠤᠯᠤᠨ᠎ᠠ᠃ 2024 ᠣᠨ ᠳᠤ ᠪᠦᠬᠦ ᠬᠤᠰᠢᠭᠤᠨ ᠤ 55 | ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠳᠦᠯᠦᠪᠯᠡᠨ᠂ ᠡᠭᠦᠨ ᠳᠤ ᠬᠤᠳᠠ ᠶᠢᠨ ᠱᠠᠳᠣᠨ ᠠᠴᠠ ᠳᠣᠬᠢᠷᠠᠭᠤᠯᠤᠭᠰᠡᠨ 30 ᠭᠤᠤᠯᠳᠠᠯᠭ᠎ᠠ ᠲᠠᠢ | ᠲᠦᠷᠦᠯ ᠵᠦᠢᠯ ᠢ ᠣᠷᠣᠭᠤᠯᠵᠤ᠂ ᠶᠡᠷᠦᠩᠭᠡᠢ ᠪᠡᠯᠡ ᠣᠷᠣᠭᠤᠯᠤᠯᠳᠠ ᠶᠢ 1521.4 ᠳ᠋ᠦᠩᠰᠢᠭᠤᠷ ᠳᠦᠭᠦᠷᠢᠭ ᠲᠤ ᠭᠦᠷᠭᠡᠵᠤ᠂ 258 ᠳ᠋ᠦᠩᠰᠢᠭᠤᠷ | ᠳᠦᠭᠦᠷᠢᠭ ᠤᠨ ᠪᠡᠯᠡ ᠣᠷᠣᠭᠤᠯᠤᠯᠳᠠ ᠶᠢ ᠳᠦᠯᠦᠪᠯᠡᠵᠤ ᠪᠡᠶᠡᠯᠡᠭᠦᠯᠤᠨ᠎ᠡ᠃ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠣᠭᠠᠴᠢᠨ ᠣᠷᠢᠬᠤ ᠠᠵᠢᠯ ᠢ | ᠴᠢᠩᠭᠠᠳᠬᠠᠨ᠎ᠠ᠃ 9 ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠳᠣ ᠠᠵᠤ ᠦᠢᠯᠡᠰ ᠤᠨ ᠰᠦᠷᠦᠭᠵᠢᠯ ᠳᠤ | ᠠᠩᠬᠠᠷᠣᠯ ᠬᠠᠨᠳᠣᠭᠤᠯᠤᠨ᠂ ᠠᠯᠺᠧᠨ᠂ ᠰᠢᠨ᠎ᠡ ᠮᠠᠲ᠋ᠧᠷᠢᠶᠠᠯ᠂ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ ᠬᠢᠭᠡᠳ ᠰᠢᠨ᠎ᠡ ᠡᠨᠧᠷᠬᠢ ᠶᠢᠨ | ᠠᠭᠤᠰᠣᠯᠴᠠᠯ ᠵᠡᠷᠭᠡ ᠭᠤᠤᠯᠯᠠᠬᠤ ᠠᠵᠤ ᠦᠢᠯᠡᠰ ᠢ ᠠᠩᠬᠠᠷᠴᠣ᠂ ︽ᠨᠢᠭᠡ ᠠᠵᠤ ᠦᠢᠯᠡᠰ ᠨᠢᠭᠡ ᠲᠦᠷᠣ ᠶᠢᠨ ᠪᠤᠳᠣᠯᠭ᠎ᠠ︾ ᠪᠠᠷ ᠭᠤᠤᠯᠯᠠᠬᠤ ᠠᠵᠤ ᠦᠢᠯᠡᠰ | ᠢ ᠪᠤᠵᠠᠭᠠᠶᠢᠷᠠᠭᠤᠯᠤᠨ ᠭᠦᠴᠦᠷᠬᠡᠭᠵᠢᠭᠦᠯᠬᠦ ᠶᠢ ᠳᠦᠯᠬᠢᠨ ᠠᠬᠢᠭᠤᠯᠵᠤ᠂ ᠬᠤᠳᠠᠯᠳᠣᠭᠠᠴᠢᠨ ᠣᠷᠢᠵᠤ ᠪᠡᠯᠡ ᠣᠷᠣᠭᠤᠯᠬᠤ ᠶᠢ ᠪᠤᠳᠠᠳᠠᠶᠢᠵᠢᠭᠤᠯᠤᠭᠰᠡᠨ ᠪᠡᠯᠡ | ᠮᠦᠩᠭᠦ ᠶᠢ 145 ᠳ᠋ᠦᠩᠰᠢᠭᠤᠷ ᠳᠦᠭᠦᠷᠢᠭ ᠲᠤ ᠭᠦᠷᠭᠡᠵᠤ᠂ 30% ᠠᠴᠠ ᠳᠡᠭᠡᠭᠰᠢ ᠨᠡᠮᠡᠭᠳᠡᠭᠦᠯᠤᠨ᠎ᠡ᠃ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ | ᠶᠢᠨ ᠠᠵᠢᠯ ᠢ ᠴᠢᠩᠭᠠᠳᠬᠠᠨ᠎ᠠ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠬᠠᠷᠠᠯᠳᠠ ᠪᠤᠯᠭᠠᠬᠤ ᠶᠢᠨ ᠳᠣᠭᠤᠷᠢᠨ ᠳᠤ ᠲᠦᠷᠦᠯ ᠵᠦᠢᠯ ᠤᠨ ᠪᠦᠬᠦ | ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠳᠣᠯᠠᠭ᠎ᠠ ᠶᠢᠨ ᠳᠣᠭᠳᠠᠴᠠ ᠶᠢ ᠪᠠᠶᠢᠭᠤᠯᠵᠤ᠂ ᠳᠦᠷᠦᠯ ᠵᠦᠢᠯ ᠤᠨ ᠳᠣᠰᠬᠠᠢ ᠡᠭᠡᠯᠵᠢ ᠶᠢᠨ ᠦᠢᠯᠡᠳᠣᠯ ᠢ | ᠭᠦᠢᠴᠡᠳ ᠪᠠᠳᠠᠷᠠᠭᠤᠯᠤᠨ᠂ ᠬᠢᠨᠠᠨ ᠵᠦᠪᠰᠢᠶᠡᠷᠡᠵᠤ ᠳᠠᠩᠰᠠᠯᠠᠬᠤ᠂ ᠳᠦᠯᠦᠪᠵᠢᠭᠦᠯᠤᠨ ᠭᠠᠵᠠᠷ ᠰᠣᠩᠭᠤᠬᠤ᠂ ᠣᠷᠴᠢᠨ ᠳᠣᠭᠤᠷᠢᠨ ᠤ ᠨᠦᠯᠦᠭᠡ ᠶᠢ ᠦᠨᠡᠯᠡᠬᠦ᠂ | ᠴᠢᠳᠠᠮᠵᠢ ᠶᠢ ᠦᠨᠡᠯᠡᠬᠦ ᠵᠡᠷᠭᠡ ᠠᠵᠢᠯ ᠢ ᠪᠦᠬᠦ ᠭᠦᠴᠦᠨ ᠢᠶᠠᠷ ᠢᠶᠠᠨ ᠠᠬᠢᠭᠤᠯᠵᠤ᠂ ᠨᠠᠷᠢᠨ ᠳᠠᠩᠰᠠ ᠪᠠᠷ ᠳᠣᠬᠢᠷᠠᠭᠤᠯᠬᠤ᠂ ᠬᠤᠷᠠᠯ ᠢᠶᠠᠷ ᠳᠣᠬᠢᠷᠠᠭᠤᠯᠬᠤ᠂ | ᠳᠣᠬᠠᠢ ᠶᠢᠨ ᠳᠠᠯᠠᠪᠤᠷ ᠲᠤ ᠳᠣᠬᠢᠷᠠᠭᠤᠯᠬᠤ ᠵᠡᠷᠭᠡ ᠳᠣᠭᠳᠠᠯᠴᠠᠭ᠎ᠠ ᠶᠢ ᠬᠡᠷᠡᠭᠵᠢᠭᠦᠯᠤᠨ᠂ ᠭᠠᠵᠠᠷ ᠰᠢᠷᠣᠢ᠂ ᠡᠨᠧᠷᠬᠢ ᠶᠢᠨ ᠬᠤᠷᠣᠭᠳᠠᠯ᠂ ᠣᠰᠣ ᠴᠠᠬᠢᠯᠭᠠᠨ ᠬᠡᠢ | ᠶᠢᠨ ᠬᠠᠩᠭᠠᠯᠭ᠎ᠠ᠂ ᠠᠮᠤᠷ ᠳᠦᠪᠰᠢᠨ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠭᠡ ᠠᠰᠠᠭᠤᠳᠠᠯ ᠢ ᠰᠢᠢᠳᠪᠤᠷᠢᠯᠡᠬᠦ ᠶᠢ ᠦᠨᠡᠨᠬᠦ ᠠᠬᠢᠭᠤᠯᠤᠨ᠎ᠠ᠃ ᠳᠣᠭᠤᠷᠢᠭ | ᠪᠦᠰᠡ ᠶᠢᠨ ᠰᠠᠭᠤᠷᠢ ᠶᠢ ᠢᠵᠢ ᠪᠦᠷᠢᠳᠦᠭᠦᠯᠬᠦ ᠶᠢ ᠠᠬᠢᠭᠤᠯᠤᠨ᠎ᠠ᠃ ᠡᠯ᠎ᠡ ᠳᠦᠷᠦᠯ ᠤᠨ ᠳᠦᠯᠦᠪᠵᠢᠭᠦᠯᠭᠡ ᠶᠢ ᠵᠠᠰᠠᠨ ᠨᠠᠶᠢᠷᠠᠭᠤᠯᠵᠤ ᠳᠣᠬᠢᠷᠠᠭᠤᠯᠬᠤ ᠠᠵᠢᠯ | ᠢ ᠳᠦᠷᠭᠡᠳᠭᠡᠨ ᠠᠬᠢᠭᠤᠯᠵᠤ᠂ ᠣᠰᠣ ᠬᠠᠩᠭᠠᠯᠭ᠎ᠠ᠂ ᠣᠰᠣᠨ ᠤ ᠭᠠᠳᠠᠭᠰᠢᠯᠠᠭᠤᠯᠤᠯᠳᠠ᠂ ᠵᠠᠰᠠᠮᠠᠯ ᠵᠠᠮ᠂ ᠣᠶᠣᠨᠯᠢᠭ ᠳᠡᠭᠡᠭᠡᠪᠤᠷᠢ᠂ ᠠᠶᠤᠯᠳᠠᠢ ᠬᠢᠮᠢ ᠶᠢᠨ | ᠡᠳ᠋ ᠤᠨ ᠳᠡᠷᠭᠡ ᠭᠦᠰᠭᠡ ᠶᠢᠨ ᠳᠣᠰᠬᠠᠢ ᠬᠡᠷᠡᠭᠯᠡᠬᠦ ᠳᠡᠷᠭᠡᠨ ᠵᠤᠭᠰᠣᠭᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠳᠦᠭᠦᠭᠡᠷᠦᠮᠵᠢ᠂ ᠬᠤᠳᠠ | ᠶᠢᠨ ᠶᠠᠪᠤᠳᠠᠯ ᠤᠨ ᠬᠠᠮᠢᠶᠠᠷᠣᠯᠳᠠ ᠬᠠᠮᠠᠭᠠᠯᠠᠯᠳᠠ ᠵᠡᠷᠭᠡ ︽ᠳᠣᠯᠣᠭᠠᠨ ᠶᠡᠭᠡ ᠰᠠᠭᠤᠷᠢ ᠳᠦᠭᠦᠭᠡᠷᠦᠮᠵᠢ ᠶᠢᠨ ᠢᠨᠵᠧᠨᠧᠷᠢᠩ︾ ᠢ ᠬᠡᠷᠡᠭᠵᠢᠭᠦᠯᠤᠨ᠎ᠡ᠃ ᠲᠦᠷᠦ | ᠶᠢᠨ ᠪᠤᠳᠣᠯᠭ᠎ᠠ ᠶᠢᠨ ᠪᠡᠯᠡ ᠮᠦᠩᠭᠦ ᠶᠢ ᠣᠯᠬᠤ ᠶᠢ ᠴᠢᠩᠭᠠᠳᠬᠠᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ ᠤ ᠨᠡᠶᠢᠳᠡᠯᠡᠭᠰᠡᠨ ᠠᠯᠢ ᠣᠯᠠᠨ ᠳᠦᠷᠦ ᠶᠢᠨ | ᠪᠤᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠣᠳᠣᠯᠵᠤ᠂ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ᠂ ᠰᠢᠨ᠎ᠡ ᠡᠨᠧᠷᠬᠢ᠂ ᠳᠣᠨᠤᠭ | ᠳᠦᠭᠦᠭᠡᠷᠦᠮᠵᠢ ᠦᠢᠯᠡᠳᠬᠦ᠂ ᠳᠠᠷᠢᠶᠠᠯᠠᠩ ᠮᠠᠯ ᠠᠵᠤ ᠠᠬᠤᠢ᠂ ᠣᠳᠣᠬᠢᠴᠢᠯᠠᠭᠰᠡᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ ᠳᠣᠭᠤᠷᠢᠨ ᠳᠤ | ᠨᠢᠭᠡ ᠪᠦᠯᠦᠭ ᠲᠦᠷᠦᠯ ᠵᠦᠢᠯ ᠢ ᠴᠢᠭᠯᠡᠭᠦᠯᠬᠦ ᠴᠢᠨᠠᠷᠳᠠᠢ ᠪᠠᠷ ᠪᠤᠭᠤᠳᠠᠯᠯᠠᠨ ᠳᠦᠯᠦᠪᠯᠡᠵᠤ᠂ ᠪᠦᠬᠦ ᠵᠢᠯ ᠳᠤ ᠳᠡᠭᠡᠳᠣ ᠱᠠᠳᠣᠨ ᠤ ᠲᠦᠷᠦᠯ ᠵᠦᠢᠯ ᠤᠨ ᠪᠡᠯᠡ | ᠮᠦᠩᠭᠦ ᠶᠢ 35 ᠳ᠋ᠦᠩᠰᠢᠭᠤᠷ ᠳᠦᠭᠦᠷᠢᠭ ᠠᠴᠠ ᠳᠣᠳᠠᠭᠤ ᠦᠬᠡᠢ ᠪᠠᠶᠢᠯᠭᠠᠬᠤ ᠪᠠᠷ ᠴᠢᠷᠮᠠᠶᠢᠨ᠎ᠠ᠃ | ︵ᠳᠠᠪᠤ︶ ᠳᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠳᠠ ᠶᠢ ᠳᠦᠷᠭᠡᠳᠭᠡᠨ ᠠᠬᠢᠭᠤᠯᠵᠤ᠂ ᠣᠯᠣᠰ ᠤᠨ ᠳᠠᠷᠢᠶᠠᠯᠠᠩ ᠤᠨ ᠪᠦᠳᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠨ ᠦᠢᠯᠡᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠤᠨ᠎ᠡ | ᠳᠠᠷᠢᠶᠠᠯᠠᠩ ᠮᠠᠯ ᠠᠵᠤ ᠠᠬᠤᠢ ᠶᠢᠨ ᠭᠦᠭᠵᠢᠯᠳᠡ ᠶᠢᠨ ᠰᠠᠭᠤᠷᠢ ᠶᠢ ᠪᠠᠬᠢᠵᠢᠭᠦᠯᠤᠨ᠎ᠡ᠃ 3.4 ᠳᠦᠮᠡᠨ ᠮᠤ᠋ ᠦᠨᠳᠦᠷ ᠪᠠᠷᠢᠮᠵᠢᠶᠠᠳᠣ ᠳᠠᠷᠢᠶᠠᠨ ᠭᠠᠵᠠᠷ | ᠢ ᠰᠢᠨ᠎ᠡ ᠪᠠᠷ ᠪᠠᠶᠢᠭᠤᠯᠵᠤ᠂ 5 ᠳᠦᠮᠡᠨ ᠮᠤ᠋ ᠨᠡᠶᠢᠬᠡᠮᠴᠢᠯᠡᠭᠰᠡᠨ ᠦᠢᠯᠡᠴᠢᠯᠡᠭᠡ ᠶᠢ ᠦᠷᠨᠢᠭᠦᠯᠵᠤ᠂ 1 ᠳᠦᠮᠡᠨ ᠮᠤ᠋ ᠣᠶᠤᠨᠴᠢ ᠣᠰᠣ ᠪᠤᠷᠳᠣᠭᠤᠷ ᠢ ᠨᠢᠭᠡ | ᠴᠣᠭᠴᠠᠵᠢᠭᠤᠯᠤᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠳᠠ ᠶᠢ ᠦᠨᠡᠨᠬᠦ | ᠪᠠᠳᠣᠯᠠᠨ᠎ᠠ᠃ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠤᠨ ᠳᠠᠷᠢᠬᠤ ᠡᠭᠦᠷᠭᠡ ᠶᠢ ᠪᠡᠶᠡᠯᠡᠭᠦᠯᠵᠤ᠂ ᠠᠮᠤ ᠪᠤᠳᠠᠭᠠᠨ ᠤ ᠤᠨᠠᠯᠳᠠ | ᠶᠢ 5.2 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠳᠣᠯᠠᠨ᠎ᠠ᠃ ᠭᠦᠳᠡᠭᠡ ᠳᠣᠰᠬᠤᠨ ᠤ ᠴᠠᠬᠢᠯᠭᠠᠨ ᠳᠣᠣᠷ ᠢ 817 ᠺᠢᠯᠤᠮᠧᠲᠷ ᠳᠡᠰ | ᠳᠡᠪᠰᠢᠭᠦᠯᠵᠤ᠂ 493 ᠪᠠᠭᠠᠨᠠᠯᠢᠭ ᠭᠦᠴᠦᠳᠡᠯ ᠦᠭᠡᠷᠡᠴᠢᠯᠡᠭᠴᠢ ᠶᠢ ᠣᠭᠰᠠᠷᠠᠵᠤ᠂ 1300 ᠡᠷᠦᠬᠡ ᠠᠴᠠ ᠳᠡᠭᠡᠭᠰᠢᠬᠢ ᠰᠠᠭᠤᠭᠠᠯᠢ ᠠᠷᠠᠳ ᠲᠤ ᠪᠠᠶᠢᠭᠠᠯᠢ | ᠶᠢᠨ ᠰᠢᠳᠠᠮᠠᠬᠠᠢ ᠬᠡᠢ ᠬᠡᠷᠡᠭᠯᠡᠭᠦᠯᠬᠦ ᠶᠢ ᠳᠦᠯᠬᠢᠨ ᠠᠬᠢᠭᠤᠯᠵᠤ᠂ 5G ᠶᠢᠨ ᠰᠠᠭᠤᠷᠢ ᠦᠷᠳᠡᠭᠡ ᠶᠢ 80 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠬᠦᠳᠡᠭᠡ | ᠳᠣᠰᠬᠤᠨ ᠮᠠᠯᠵᠢᠬᠤ ᠣᠷᠣᠨ ᠤ ᠵᠠᠰᠠᠮᠠᠯ ᠵᠠᠮ ᠢ 60 ᠺᠢᠯᠤᠮᠧᠲᠷ ᠰᠢᠨ᠎ᠡ ᠪᠠᠷ ᠵᠠᠰᠠᠵᠤ ᠳᠡᠪᠢᠰᠣᠨᠠ᠃ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ | ᠤᠨ ᠳᠣᠯᠭᠠᠭᠤᠷᠢᠯᠠᠯ ᠢ ᠴᠢᠩᠭᠠᠳᠬᠠᠨ᠎ᠠ᠃ ᠣᠷᠳᠣᠰ ᠨᠠᠷᠢᠨ ᠨᠤᠤᠰᠣᠳᠣ ᠬᠤᠨᠢᠨ ᠤ ᠦᠪᠡᠷᠳᠡᠭᠡᠨ ᠵᠠᠰᠠᠬᠤ ᠣᠷᠣᠨ ᠤ ᠣᠳᠣ ᠦᠶ᠎ᠡ ᠶᠢᠨ ᠳᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠮᠡᠳᠡᠭᠦᠯᠬᠦ ᠶᠢ ᠳᠦᠷᠭᠡᠳᠭᠡᠵᠤ᠂ ᠱᠠᠩᠬᠠᠢ ᠶᠢᠨ ᠳ᠋ᠦᠩ ᠹᠠᠩ ᠰᠢ ᠸᠠᠩ ᠣᠳᠣᠬᠢᠴᠢᠯᠠᠭᠰᠡᠨ ᠭᠠᠭ᠋ᠠᠢ | ᠳᠡᠵᠢᠭᠡᠨ ᠦᠷᠡᠵᠢᠭᠦᠯᠬᠦ ᠡᠷᠬᠢᠯᠳᠡᠳᠣ ᠠᠵᠤ ᠦᠢᠯᠡᠰ ᠤᠨ ᠬᠡᠯᠬᠢᠶᠡᠨ ᠤ ᠳᠦᠷᠦᠯ ᠵᠦᠢᠯ ᠢ ᠡᠷᠳᠡᠭᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠠᠷ ᠴᠢᠷᠮᠠᠶᠢᠨ᠎ᠠ | ᠃ ᠰᠢᠷᠭᠠᠮᠤᠷᠢ ᠳᠣᠰᠬᠤᠨ ᠤ ᠳᠦᠮᠡᠨ ᠳᠣᠯᠣᠭᠠᠢ ᠠᠯᠠᠰᠢᠨ ᠦᠬᠡᠷ ᠢ ᠳᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠤᠯᠤᠨ ᠬᠦᠯᠳᠡᠭᠦᠤ ᠬᠡᠯᠬᠢᠶᠡᠳᠣ ᠪᠠᠷᠠᠭᠠᠨ ᠤ | ᠭᠦᠢᠯᠭᠡᠭᠡᠨ ᠤ ᠳᠣᠬᠢᠷᠠᠭᠤᠯᠤᠨ ᠭᠦᠷᠭᠡᠬᠦ ᠳᠦᠪᠯᠡᠷᠡᠭᠦᠯᠤᠨ ᠳᠠᠷᠬᠠᠭᠠᠬᠤ ᠳᠦᠪ ᠢ ᠪᠠᠶᠢᠭᠤᠯᠤᠨ ᠠᠰᠢᠭᠯᠠᠯᠳᠠ ᠳᠤ ᠣᠷᠣᠭᠤᠯᠬᠤ ᠶᠢ ᠭᠦᠴᠦᠯᠡᠨ ᠠᠬᠢᠭᠤᠯᠵᠤ᠂ | ᠪᠦᠬᠦ ᠣᠯᠣᠰ ᠤᠨ ᠣᠬᠢ ᠰᠢᠯᠢᠳᠡᠭ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠳᠦᠷᠭᠡᠳᠭᠡᠨ᠂ ︽ᠣᠷᠳᠣᠰ ᠨᠠᠷᠢᠨ ᠨᠤᠤᠰᠣᠳᠣ ᠬᠤᠨᠢ᠂ ᠠᠯᠠᠰᠢᠨ ᠦᠬᠡᠷ᠂ ᠭᠠᠭ᠋ᠠᠢ᠂ ᠠᠮᠤ ᠪᠤᠳᠠᠭ᠎ᠠ︾ ᠵᠡᠷᠭᠡ 4 ᠦᠢᠯᠡᠳᠭᠦᠨ ᠤ | ᠦᠷᠳᠡᠭ ᠨᠢ ᠠᠷᠪᠠᠨ ᠳ᠋ᠦᠩᠰᠢᠭᠤᠷ ᠳᠦᠭᠦᠷᠢᠭ ᠢ ᠳᠠᠪᠠᠭᠰᠡᠨ ᠠᠵᠤ ᠦᠢᠯᠡᠰ ᠤᠨ ᠴᠣᠭᠯᠠᠷᠠᠯ ᠢ ᠭᠦᠴᠦᠯᠡᠨ ᠪᠤᠢ ᠪᠤᠯᠭᠠᠨ᠎ᠠ᠃ ᠳᠠᠷᠢᠶᠠᠯᠠᠩ ᠮᠠᠯ ᠠᠵᠤ ᠠᠬᠤᠢ | ᠶᠢᠨ ᠨᠡᠷᠡᠳᠣ ᠳᠡᠮᠳᠡᠭᠳᠣ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠶᠠᠰᠣ ᠴᠢᠨᠠᠷ ᠢᠶᠠᠷ ᠳᠠᠷᠢᠶᠠᠯᠠᠩ ᠢ ᠭᠦᠭᠵᠢᠭᠦᠯᠬᠦ᠂ ᠪᠤᠬᠢᠷᠳᠣᠯ ᠦᠬᠡᠢ ᠪᠠᠷ | ᠳᠠᠷᠢᠶᠠᠯᠠᠩ ᠢ ᠭᠦᠭᠵᠢᠭᠦᠯᠬᠦ᠂ ᠨᠡᠷᠡᠳᠣ ᠳᠡᠮᠳᠡᠭᠳᠣ ᠪᠠᠷ ᠳᠠᠷᠢᠶᠠᠯᠠᠩ ᠢ ᠭᠦᠴᠦᠷᠭᠡᠭᠵᠢᠭᠦᠯᠬᠦ ᠶᠢ ᠪᠠᠷᠢᠮᠳᠠᠯᠠᠵᠤ᠂ ᠳᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠶᠠᠰᠣ ᠴᠢᠨᠠᠷ ᠤᠨ ᠠᠮᠤᠷ ᠳᠦᠪᠰᠢᠨ ᠤ ᠮᠦᠷᠳᠡᠯᠳᠡ ᠶᠢᠨ ᠰᠢᠰᠲ᠋ᠧᠮ ᠢ ᠳᠦᠷᠭᠡᠳᠭᠡᠨ ᠪᠠᠶᠢᠭᠤᠯᠵᠤ᠂ ᠪᠦᠬᠦ ᠬᠤᠰᠢᠭᠤᠨ ᠤ ᠴᠢᠨᠠᠷ ᠰᠠᠶᠢᠳᠠᠢ | ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠢᠭᠡᠳᠦᠯᠳᠠᠢ ᠪᠤᠭᠤᠳᠠᠯᠯᠠᠬᠤ᠂ ᠨᠢᠭᠡᠳᠣᠯᠳᠠᠢ ᠡᠵᠡᠩᠨᠡᠬᠦ ᠶᠢ ᠰᠦᠪᠡᠭᠴᠢᠯᠡᠨ᠎ᠡ᠃ ᠳᠣᠮᠳᠠᠳᠣ | ᠣᠯᠣᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ᠂ ᠳᠣᠮᠳᠠᠳᠣ ᠣᠯᠣᠰ ᠤᠨ ᠨᠡᠷᠡᠳᠣ ᠳᠡᠮᠳᠡᠭᠳᠣ ᠶᠢᠨ ᠡᠳᠦᠷ᠂ ᠳᠣᠮᠳᠠᠳᠣ ᠣᠯᠣᠰ ᠤᠨ | ᠵᠢᠭᠤᠯᠴᠢᠯᠠᠯ ᠤᠨ ᠡᠳᠦᠷ᠂ ᠳᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠴᠣᠭᠯᠠᠭᠠᠨ ᠵᠡᠷᠭᠡ ᠭᠤᠤᠯ ᠰᠡᠳᠦᠪ ᠲᠠᠢ ᠣᠶᠠᠯᠳᠣᠭᠤᠯᠤᠨ᠂ ᠣᠨᠴᠠᠯᠢᠭᠳᠣ | ᠠᠮᠳᠠᠳᠣ ᠢᠳᠡᠭᠡᠨ ᠤ ᠳᠡᠯᠭᠡᠨ ᠦᠵᠡᠭᠦᠯᠭᠡ᠂ ᠰᠦᠯᠵᠢᠶᠡᠨ ᠠᠴᠠ ᠬᠤᠳᠠᠯᠳᠤᠨ ᠠᠪᠴᠣ ᠪᠤᠷᠣᠯᠠᠭᠤᠯᠬᠤ᠂ ᠳᠠᠷᠢᠶᠠᠯᠠᠩ ᠤᠨ ᠪᠦᠳᠦᠭᠡᠭᠳᠡᠬᠦᠨ ᠤ ᠰᠣᠶᠣᠯ ᠤᠨ | ᠡᠭᠦᠳᠦᠯᠳᠡ ᠵᠡᠷᠭᠡ ᠣᠨᠴᠠᠯᠢᠭᠳᠣ ᠠᠵᠢᠯᠯᠠᠭ᠎ᠠ ᠶᠢ ᠡᠷᠬᠢᠯᠡᠵᠤ᠂ ᠨᠡᠷᠡᠳᠣ ᠳᠡᠮᠳᠡᠭᠳᠣ ᠶᠢ ᠣᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠶᠢ ᠳᠦᠯᠦᠪᠯᠡᠨ᠂ ︽ᠨᠤᠮᠢᠨ | ᠳᠠᠩᠰᠤᠭ ᠦᠤᠰᠢᠨ︾ ᠤ ᠣᠷᠣᠨ ᠪᠦᠰᠡ ᠶᠢᠨ ᠨᠡᠷᠡᠳᠣ ᠳᠡᠮᠳᠡᠭᠳᠣ ᠶᠢᠨ ᠨᠦᠯᠦᠭᠡᠯᠡᠬᠦ ᠭᠦᠴᠣᠨ ᠢ ᠦᠷᠭᠡᠳᠭᠡᠨ᠎ᠡ᠃ ᠮᠠᠯᠴᠢᠨ ᠳᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠤᠨ ᠪᠠᠶᠠᠵᠢᠭᠤᠯᠬᠤ ᠶᠢ ᠠᠬᠢᠭᠤᠯᠤᠨ᠎ᠡ᠃ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠨᠡᠩ ᠳᠣᠪᠤᠶᠢᠮ᠎ᠠ ᠪᠠᠶᠢᠷᠢᠨ ᠳᠤ ᠳᠠᠯᠪᠢᠬᠤ ᠶᠢ | ᠪᠠᠷᠢᠮᠳᠠᠯᠠᠵᠤ᠂ ᠮᠠᠯᠵᠢᠬᠤ ᠳᠠᠷᠢᠶᠠᠯᠠᠬᠤ ᠣᠷᠣᠨ ᠤ ᠬᠠᠮᠳᠣ ᠶᠢᠨ ᠦᠮᠴᠢᠯᠡᠯ ᠤᠨ ᠡᠷᠭᠡ ᠶᠢᠨ ᠳᠦᠷᠢᠮ ᠤᠨ ᠦᠭᠡᠷᠡᠴᠢᠯᠡᠯᠳᠡ ᠪᠠ ︽ᠭᠤᠷᠪᠠ ᠶᠢ | ᠬᠤᠪᠢᠷᠠᠭᠤᠯᠬᠤ︾ ᠦᠭᠡᠷᠡᠴᠢᠯᠡᠯᠳᠡ ᠶᠢ ᠬᠦᠨᠵᠡᠭᠡᠶᠢᠷᠡᠭᠦᠯᠤᠨ᠂ ᠦᠮᠴᠢᠯᠡᠯ ᠤᠨ ᠡᠷᠬᠡ ᠶᠢᠨ ᠰᠣᠯᠢᠴᠠᠭᠠᠨ ᠤ ᠳᠠᠪᠴᠠᠩ ᠤᠨ ᠪᠦᠳᠦᠭᠡᠨ ᠪᠠᠶᠢᠭᠤᠯᠤᠯᠳᠠ ᠶᠢ | ᠳᠡᠭᠦᠯᠳᠡᠷᠵᠢᠭᠦᠯᠵᠤ᠂ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠳᠡ ᠶᠢᠨ 7 ᠵᠢᠱᠢᠶ᠎ᠡ ᠦᠵᠡᠭᠦᠯᠬᠦ ᠳᠣᠰᠬᠤᠨ ᠢ ᠰᠢᠨ᠎ᠡ ᠪᠠᠷ ᠨᠡᠮᠡᠭᠳᠡᠭᠦᠯᠤᠨ᠎ᠡ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠵᠤ ᠬᠠᠪᠰᠣᠷᠣᠨ ᠳᠡᠳᠭᠦᠬᠦ ᠶᠢ ᠦᠷᠭᠦᠯᠵᠢᠯᠡᠨ ᠰᠠᠶᠢᠳᠣᠷ ᠠᠳᠬᠤᠵᠤ᠂ ᠳᠣᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠳᠣᠬᠢᠷᠠᠭᠤᠯᠤᠨ ᠠᠮᠢ ᠠᠬᠤᠢ ᠶᠢᠨ ᠣᠨᠴᠠᠯᠢᠭᠳᠣ ᠠᠵᠤ ᠦᠢᠯᠡᠰ ᠢ ᠪᠣᠶᠢᠵᠢᠭᠤᠯᠣᠨ ᠪᠤᠵᠠᠭᠠᠶᠢᠷᠠᠭᠤᠯᠵᠤ᠂ ᠠᠰᠢᠭ ᠳᠣᠰᠠ ᠶᠢ ᠬᠤᠯᠪᠤᠬᠤ | ᠳᠣᠭᠳᠠᠴᠠ ᠶᠢ ᠰᠢᠯᠢᠳᠡᠭᠵᠢᠭᠦᠯᠤᠨ ᠳᠡᠭᠦᠯᠳᠡᠷᠵᠢᠭᠦᠯᠵᠤ᠂ ᠬᠦᠳᠡᠯᠮᠤᠷᠢ ᠦᠢᠯᠡᠴᠢᠯᠡᠭᠡᠨ ᠤ ᠬᠠᠮᠵᠢᠯᠴᠠᠭ᠎ᠠ᠂ ᠠᠵᠢᠯ ᠣᠯᠭᠤᠯᠳᠠ ᠶᠢᠨ ᠪᠤᠯᠪᠠᠰᠣᠷᠠᠯ ᠢ | ᠴᠢᠩᠭᠠᠳᠬᠠᠨ᠂ ᠬᠡᠷᠡᠭᠯᠡᠭᠡ ᠪᠠᠷ ᠬᠠᠪᠰᠣᠷᠣᠨ ᠳᠡᠳᠭᠦᠬᠦ ᠶᠢ ᠬᠦᠨᠵᠡᠭᠡᠶᠢᠷᠡᠬᠦᠯᠵᠤ᠂ ᠠᠵᠢᠯ ᠣᠯᠭᠤᠬᠤ ᠪᠠᠷ ᠳᠡᠳᠭᠦᠮᠵᠢ ᠶᠢ ᠣᠷᠣᠯᠠᠭᠤᠯᠬᠤ ᠶᠢ ᠪᠦᠬᠦ ᠳᠠᠯ᠎ᠠ ᠪᠠᠷ | ᠳᠡᠯᠭᠡᠷᠡᠭᠦᠯᠤᠨ᠂ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠭᠦᠭᠵᠢᠯᠳᠡ ᠶᠢ ᠳᠡᠮᠵᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ | ︵ᠵᠢᠷᠭᠤᠭ᠎ᠠ︶ ᠣᠷᠣᠨ ᠪᠦᠰᠡ ᠶᠢᠨ ᠬᠦᠭᠵᠢᠯᠳᠡ ᠶᠢᠨ ᠶᠡᠭᠡ ᠪᠠᠶᠢᠷᠢᠰᠢᠯ ᠳᠤ ᠢᠳᠡᠪᠬᠢᠳᠠᠢ ᠠᠭᠤᠰᠣᠯᠴᠠᠵᠤ᠂ ᠣᠮᠠᠷᠠᠰᠢ ᠨᠡᠭᠡᠭᠡᠯᠳᠡ ᠬᠢᠬᠦ ᠴᠢᠬᠤᠯᠠ | ᠪᠠᠬᠢᠯᠡᠯᠳᠡ ᠶᠢᠨ ᠪᠦᠳᠦᠭᠡᠨ ᠪᠠᠶᠢᠭᠤᠯᠤᠯᠳᠠ ᠶᠢᠨ ᠶᠠᠰᠣ ᠴᠢᠨᠠᠷ ᠢ ᠳᠡᠭᠡᠭᠰᠢᠯᠡᠭᠦᠯᠵᠤ ᠳᠡᠰ ᠳᠡᠪᠰᠢᠭᠦᠯᠬᠦ ᠶᠢ ᠠᠬᠢᠭᠤᠯᠤᠨ᠎ᠠ | ᠣᠷᠣᠨ ᠪᠦᠰᠡ ᠶᠢᠨ ᠬᠠᠮᠵᠢᠯᠴᠠᠨ ᠬᠤᠷᠰᠢᠯᠴᠠᠬᠤ ᠶᠢ ᠴᠢᠩᠭᠠᠳᠬᠠᠨ᠎ᠠ᠃ ︽ᠬᠦᠬᠡᠬᠤᠳᠠ ᠪᠤᠭᠤᠳᠣ ᠣᠷᠳᠣᠰ ᠳᠡᠮᠡᠭᠡᠳᠣ︾ ᠶᠢᠨ ᠬᠤᠳᠠ ᠶᠢᠨ | ᠪᠦᠭᠡᠮᠨᠡᠷᠡᠯ᠂ ︽ᠬᠦᠬᠡᠬᠤᠳᠠ ᠪᠤᠭᠤᠳᠣ ᠣᠷᠳᠣᠰ ᠦᠤᠰᠢᠨ︾ ᠢ ᠨᠢᠭᠡ ᠴᠣᠭᠴᠠᠵᠢᠭᠤᠯᠤᠨ ᠬᠦᠭᠵᠢᠭᠦᠯᠬᠦ ᠪᠠᠶᠢᠯᠳᠣᠬᠤ ᠪᠤᠳᠣᠯᠭ᠎ᠠ ᠳᠤ ᠢᠳᠡᠪᠬᠢᠳᠠᠢ | ᠰᠠᠨᠠᠭᠠᠴᠢᠯᠠᠭ᠎ᠠ ᠠᠴᠠ ᠪᠠᠨ ᠠᠭᠤᠰᠣᠯᠴᠠᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠴᠢᠯᠦᠭᠡᠳᠣ ᠠᠷᠠᠯᠵᠢᠶᠠᠨ ᠤ | ᠳᠣᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠮᠡᠭᠡᠳᠣ᠂ ᠨᠢᠩᠰᠢᠶᠠ ᠶᠢᠨ ᠵᠡᠭᠦᠨ ᠪᠡᠶ᠎ᠡ ᠵᠡᠷᠭᠡ | ᠡᠷᠬᠢᠨ ᠳᠣᠭᠤᠷᠢᠨ ᠤ ᠣᠷᠣᠨ ᠪᠦᠰᠡ ᠯᠦᠭᠡ ᠶᠢᠨ ᠠᠵᠤ ᠦᠢᠯᠡᠰ ᠤᠨ ᠦᠷᠢᠰᠦᠯᠳᠦᠭᠡᠨ ᠪᠠ ᠬᠠᠮᠳᠣᠷᠠᠯᠴᠠᠭ᠎ᠠ ᠶᠢ ᠠᠬᠢᠭᠤᠯᠵᠤ᠂ ᠬᠤᠳᠠ ᠶᠢᠨ ᠳᠣᠳᠣᠷᠠᠬᠢ | ᠬᠦᠷᠢᠶᠡᠯᠡᠩ ᠳᠣᠭᠤᠷᠢᠭ ᠯᠤᠭ᠎ᠠ ᠵᠦᠷᠢᠶ᠎ᠡ ᠪᠠᠨ ᠬᠠᠷᠢᠯᠴᠠᠨ ᠨᠦᠭᠦᠪᠤᠷᠢᠯᠡᠵᠤ᠂ ᠦᠷᠢᠰᠦᠯᠳᠦᠬᠦ ᠭᠦᠴᠦᠨ ᠢᠶᠠᠷ ᠴᠢᠩᠭ᠎ᠠ᠂ ᠦᠷᠭᠦᠯᠵᠢᠯᠡᠬᠦᠶᠢᠴᠡ ᠭᠦᠭᠵᠢᠯᠳᠡ | ᠲᠠᠢ᠂ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠳᠡ ᠪᠠᠷ ᠳᠣᠯᠭᠠᠭᠤᠷᠢᠯᠠᠭᠰᠡᠨ ᠰᠢᠰᠲ᠋ᠧᠮ ᠤᠨ ᠬᠤᠷᠠᠮᠠᠯ ᠠᠵᠤ ᠦᠢᠯᠡᠰ ᠤᠨ ᠪᠠᠶᠢᠷᠢᠰᠢᠭᠤᠯᠤᠯᠳᠠ ᠶᠢ ᠪᠤᠢ | ᠪᠤᠯᠭᠠᠬᠤ ᠶᠢᠨ ᠬᠠᠮᠳᠣ ᠠᠮᠢ ᠠᠬᠤᠢ ᠶᠢᠨ ᠣᠷᠴᠢᠨ ᠳᠣᠭᠤᠷᠢᠨ᠂ ᠠᠵᠤ ᠦᠢᠯᠡᠰ ᠤᠨ ᠬᠦᠭᠵᠢᠯᠳᠡ᠂ ᠣᠯᠠᠨ ᠨᠡᠶᠢᠳᠡ ᠶᠢᠨ ᠦᠢᠯᠡᠴᠢᠯᠡᠭᠡ᠂ ᠰᠠᠭᠤᠷᠢ | ᠳᠦᠬᠦᠭᠡᠷᠣᠮᠵᠢ ᠶᠢᠨ ᠪᠦᠳᠦᠭᠡᠨ ᠪᠠᠶᠢᠭᠤᠯᠤᠯᠳᠠ ᠵᠡᠷᠭᠡ ᠳᠠᠯ᠎ᠠ ᠪᠠᠷ ᠰᠣᠯᠢᠯᠴᠠᠭ᠎ᠠ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠤ᠂ ᠣᠷᠣᠨ ᠪᠦᠰᠡ ᠶᠢᠨ | ᠵᠤᠬᠢᠴᠠᠩᠭᠤᠢ ᠬᠦᠭᠵᠢᠯᠳᠡ ᠶᠢᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠤᠨ᠎ᠡ᠃ ᠨᠡᠭᠡᠭᠡᠯᠳᠣ ᠭᠦᠭᠵᠢᠯᠳᠡ ᠶᠢᠨ ᠵᠠᠮ ᠤᠨ ᠪᠦᠳᠦᠭᠡᠨ ᠪᠠᠶᠢᠭᠤᠯᠤᠯᠳᠠ ᠶᠢ | ᠳᠦᠷᠭᠡᠳᠭᠡᠨ᠎ᠡ᠃ ᠬᠤᠯᠪᠤᠭᠠᠯᠵᠢ ᠠᠴᠠ ᠵᠢᠢ ᠠᠨ ᠬᠦᠷᠬᠦ ᠳᠡᠮᠣᠷ ᠵᠠᠮ ᠢ ᠣᠮᠠᠷᠠᠰᠢ ᠣᠷᠳᠣᠳᠬᠠᠭᠠᠳ ᠭᠠᠭᠴᠠᠮᠤᠳᠣ ᠪᠤᠭᠤᠮᠳᠠ ᠬᠦᠷᠭᠡᠬᠦ ᠠᠵᠢᠯ ᠢ ᠢᠳᠡᠪᠬᠢᠳᠠᠢ | ᠳᠦᠯᠦᠪᠯᠡᠵᠤ᠂ ᠭᠦᠬᠡᠮᠦ᠋ᠷᠡᠨ ᠳᠠᠭᠠᠤ ᠶᠢᠨ ᠬᠤᠳᠠ ᠯᠤᠭ᠎ᠠ ᠶᠢᠨ ᠬᠠᠷᠢᠯᠴᠠᠭ᠎ᠠ ᠪᠠᠨ ᠭᠦᠴᠦᠯᠠᠨ ᠴᠢᠩᠭᠠᠳᠬᠠᠨ᠎ᠠ᠃ ᠬᠤᠯᠪᠤᠭᠠᠯᠵᠢ ᠠᠴᠠ ᠵᠢᠢ ᠠᠨ ᠬᠦᠷᠬᠦ | ᠳᠡᠮᠤᠷ ᠵᠠᠮ ᠳᠤ ᠳᠦᠰᠢᠭᠯᠡᠨ᠂ ᠵᠠᠰᠠᠮᠠᠯ ᠵᠠᠮ ᠳᠡᠮᠣᠷ ᠵᠠᠮ ᠤᠨ ᠣᠯᠠᠨ ᠭᠡᠯᠪᠡᠷᠢ ᠶᠢᠨ ᠬᠠᠮᠳᠣᠷᠠᠭᠰᠡᠨ ᠵᠠᠮ ᠳᠡᠭᠡᠭᠡᠪᠤᠷᠢ ᠶᠢ ᠢᠳᠡᠪᠬᠢᠳᠠᠢ ᠬᠦᠭᠵᠢᠭᠦᠯᠵᠤ᠂ | ᠦᠤᠰᠢᠨᠵᠤᠤ᠂ ᠠᠷᠣᠴᠠᠶᠢᠳᠠᠮ ᠵᠡᠷᠭᠡ ᠳᠡᠮᠤᠷ ᠵᠠᠮ ᠤᠨ ᠳᠦᠪᠯᠡᠷᠡᠭᠦᠯᠤᠨ ᠳᠡᠭᠡᠭᠡᠪᠤᠷᠢᠯᠡᠬᠦ ᠦᠷᠳᠡᠭᠡ ᠶᠢ ᠠᠵᠢᠯ ᠡᠬᠢᠯᠡᠭᠦᠯᠤᠨ ᠪᠦᠳᠦᠭᠡᠨ ᠪᠠᠶᠢᠭᠤᠯᠵᠤ᠂ | ᠣᠳᠣᠬᠢᠴᠢᠯᠠᠭᠰᠡᠨ ᠪᠠᠷᠠᠭᠠᠨ ᠤ ᠭᠦᠢᠯᠭᠡᠭᠡᠨ ᠤ ᠳᠦᠪᠯᠡᠷᠡᠭᠦᠯᠤᠨ ᠳᠠᠷᠬᠠᠭᠠᠬᠤ ᠳᠦᠪ ᠢ ᠳᠦᠯᠦᠪᠵᠢᠭᠦᠯᠤᠨ ᠪᠦᠳᠦᠭᠡᠨ ᠪᠠᠶᠢᠭᠤᠯᠤᠨ᠎ᠡ᠃ ᠨᠡᠶᠢᠳᠡᠮ ᠬᠡᠷᠡᠭᠯᠡᠭᠳᠡᠬᠦ | ᠨᠢᠰᠭᠡᠯ ᠤᠨ ᠪᠠᠭᠤᠳᠠᠯ ᠤᠨ ᠡᠭᠡᠯᠵᠢ ᠨᠢᠰᠭᠡᠯ ᠤᠨ ᠠᠶᠠᠯᠠᠯ ᠤᠨ ᠱᠣᠭᠤᠮ ᠨᠡᠮᠡᠭᠳᠡᠭᠦᠯᠬᠦ ᠶᠢ ᠳᠡᠳᠭᠦᠨ᠎ᠡ᠃ ᠮᠤᠵᠢ ᠶᠢᠨ ᠵᠠᠮ ᠤᠨ 215 ᠲᠦᠩᠽᠢ ᠠᠴᠠ ᠬᠠᠢ | ᠽᠧ ᠫᠠᠨ ᠭᠦᠷᠬᠦ ᠭᠡᠰᠡᠭ ᠤᠨ ᠵᠠᠰᠠᠮᠠᠯ ᠵᠠᠮ ᠢ 8 ᠳ᠋ᠣᠭᠠᠷ ᠰᠠᠷ᠎ᠠ ᠳᠤ ᠪᠠᠷᠢᠯᠭ᠎ᠠ ᠳᠠᠭᠤᠰᠬᠠᠵᠤ ᠳᠡᠷᠭᠡ ᠨᠡᠪᠳᠡᠷᠡᠬᠦ ᠶᠢ ᠠᠬᠢᠭᠤᠯᠵᠤ᠂ ᠳᠤᠭ ᠠᠴᠠ ᠴᠠᠶᠢᠳᠠᠮ | ᠭᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 215 ᠦᠤᠰᠢᠨᠵᠤᠤ ᠠᠴᠠ ᠰᠢᠨᠡᠪᠠᠯᠭᠠᠰᠣ ᠭᠦᠷᠬᠦ ᠭᠡᠰᠡᠭ ᠤᠨ ᠬᠤᠶᠠᠳᠣᠭᠠᠷ ᠳᠡᠰ ᠤᠨ | ᠵᠠᠰᠠᠮᠠᠯ ᠵᠠᠮ ᠢ ᠠᠵᠢᠯ ᠡᠬᠢᠯᠡᠭᠦᠯᠤᠨ ᠪᠦᠳᠦᠭᠡᠨ ᠪᠠᠶᠢᠭᠤᠯᠵᠤ᠂ ᠭᠠᠯᠠᠭᠤᠳᠣ ᠠᠴᠠ ᠢᠤᠢ ᠶᠠᠩ ᠳᠣᠭᠤᠷᠢᠭ ᠭᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ | ᠡᠮᠤᠨᠡᠬᠢ ᠬᠤᠭᠤᠴᠠᠭᠠᠨ ᠤ ᠠᠵᠢᠯ ᠢ ᠳᠦᠷᠭᠡᠳᠭᠡᠨ ᠠᠬᠢᠭᠤᠯᠵᠤ᠂ ᠠ ᠰᠢᠶᠤᠤ᠂ ᠦ᠋ ᠾᠧᠩ ᠵᠡᠷᠭᠡ ᠬᠤᠶᠠᠷ ᠵᠤᠷᠪᠤᠰ ᠮᠤᠵᠢ ᠶᠢᠨ ᠬᠤᠭᠤᠷᠣᠨᠳᠣᠬᠢ ︽ | ᠮᠤᠬᠤᠷ ᠵᠠᠮ︾ ᠢ ᠦᠷᠭᠦᠯᠵᠢᠯᠡᠨ ᠵᠤᠬᠢᠴᠠᠭᠤᠯᠤᠨ ᠨᠡᠪᠳᠡᠷᠡᠭᠦᠯᠤᠨ᠎ᠡ᠃ ᠨᠡᠭᠡᠭᠡᠯᠳᠡᠳᠣ ᠠᠵᠤ ᠠᠬᠤᠢ ᠶᠢᠨ ᠬᠦᠭᠵᠢᠯᠳᠡ ᠶᠢ ᠳᠦᠷᠭᠡᠳᠭᠡᠨ᠎ᠡ᠃ ᠬᠢᠯᠢ ᠶᠢᠨ | ᠪᠤᠭᠤᠮᠳᠠ ᠶᠢᠨ ᠠᠵᠤ ᠠᠬᠤᠢ ᠶᠢ ᠶᠡᠬᠡᠪᠡᠷ ᠭᠦᠭᠵᠢᠬᠦᠯᠵᠤ᠂ ᠣᠳᠣ ᠪᠠᠶᠢᠭ᠎ᠠ ᠨᠡᠭᠦᠷᠡᠰᠣ — ᠮᠧᠲ᠋ᠢᠯ ᠠᠯᠺᠤᠤᠯ — ᠠᠯᠺᠧᠨ ᠪᠤᠯᠤᠨ ᠨᠡᠭᠦᠷᠡᠰᠣ — | ᠨᠡᠶᠢᠯᠡᠯᠭᠡ ᠰᠢᠪᠳᠣᠷ — ᠰᠢᠭᠡᠰᠦᠯᠢᠭ ᠡᠳ᠋ ᠭᠡᠬᠦ ᠬᠤᠶᠠᠷ ᠳᠣᠮᠣ ᠭᠤᠤᠯ ᠠᠵᠤ ᠦᠢᠯᠡᠰ ᠤᠨ ᠬᠡᠯᠬᠢᠶ᠎ᠡ ᠳᠤ ᠳᠦᠰᠢᠭᠯᠡᠨ᠂ ᠳᠡᠯᠡᠬᠡᠢ ᠳᠡᠭᠡᠷ᠎ᠡ ᠦᠷᠢᠰᠦᠯᠳᠦᠬᠦ | ᠭᠦᠴᠦᠨ ᠲᠠᠢ ᠣᠳᠣᠬᠢᠴᠢᠯᠠᠭᠰᠡᠨ ᠨᠡᠭᠦᠷᠡᠰᠣ ᠬᠢᠮᠢ ᠶᠢᠨ ᠠᠵᠤ ᠦᠢᠯᠡᠳᠪᠤᠷᠢ᠂ ᠰᠢᠨ᠎ᠡ ᠡᠨᠧᠷᠬᠢ ᠶᠢᠨ ᠰᠠᠭᠤᠷᠢᠨ ᠭᠠᠵᠠᠷ ᠢ ᠭᠦᠴᠦᠯᠡᠨ ᠪᠠᠶᠢᠭᠤᠯᠤᠨ᠎ᠡ᠃ | ᠣᠷᠳᠣᠰ ᠬᠤᠳᠠ ᠶᠢᠨ ᠣᠯᠣᠰ ᠤᠨ ᠬᠢᠯᠢ ᠠᠯᠤᠰᠯᠠᠭᠰᠡᠨ ᠡᠯᠧᠺᠲᠷᠣᠨ ᠬᠤᠳᠠᠯᠳᠣᠭᠠᠨ ᠤ ᠶᠠᠪᠤᠳᠠᠯ ᠢ ᠵᠢᠱᠢᠶ᠎ᠡ ᠦᠵᠡᠭᠦᠯᠬᠦ ᠣᠷᠣᠨ ᠢ ᠪᠦᠳᠦᠭᠡᠨ ᠪᠠᠶᠢᠭᠤᠯᠬᠤ | ᠪᠠᠷ ᠠᠵᠠ ᠳᠣᠬᠢᠶᠠᠯ ᠪᠤᠯᠭᠠᠵᠤ᠂ ᠬᠢᠯᠢ ᠠᠯᠤᠰᠯᠠᠭᠰᠡᠨ ᠡᠯᠧᠺᠲᠷᠣᠨ ᠬᠤᠳᠠᠯᠳᠣᠭᠠᠨ ᠤ ᠬᠦᠳᠦᠴᠢ ᠠᠵᠤ ᠠᠬᠤᠶᠢᠯᠠᠯ ᠢ ᠢᠳᠡᠪᠬᠢᠳᠠᠢ ᠣᠷᠣᠭᠤᠯᠤᠨ | ᠠᠪᠴᠢᠷᠠᠵᠤ᠂ ᠬᠢᠯᠢ ᠠᠯᠤᠰᠯᠠᠭᠰᠡᠨ ᠡᠯᠧᠺᠲᠷᠣᠨ ᠬᠤᠳᠠᠯᠳᠣᠭᠠᠨ ᠤ ᠰᠠᠭᠤᠷᠢ ᠳᠦᠭᠦᠭᠡᠷᠣᠮᠵᠢ ᠶᠢ ᠢᠵᠢ ᠪᠦᠷᠢᠳᠦᠭᠦᠯᠤᠨ ᠳᠡᠭᠦᠯᠳᠡᠷᠵᠢᠭᠦᠯᠵᠤ᠂ ᠭᠠᠳᠠᠭᠠᠳᠣ | ᠠᠷᠠᠯᠵᠢᠶᠠᠨ ᠤ ᠠᠵᠤ ᠠᠬᠤᠶᠢᠯᠠᠯ ᠢ ᠳᠡᠮᠵᠢᠵᠤ ᠭᠦᠳᠦᠯᠤᠨ ᠵᠢᠯᠤᠭᠤᠳᠬᠤ ᠪᠠ ᠭᠠᠳᠠᠭᠠᠳᠣ ᠪᠡᠯᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ | ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠣᠯᠠᠨ ᠣᠯᠣᠰ ᠤᠨ ᠰᠣᠶᠤᠯ ᠢᠷᠭᠡᠨᠰᠢᠯ ᠤᠨ ᠰᠣᠯᠢᠯᠴᠠᠭ᠎ᠠ ᠬᠠᠮᠳᠣᠷᠠᠯᠴᠠᠭ᠎ᠠ ᠶᠢ ᠬᠦᠨᠵᠡᠭᠡᠶᠢᠷᠡᠭᠦᠯᠵᠤ᠂ ᠨᠡᠷᠡᠳᠣ | ᠡᠮᠴᠢ ᠳᠣᠰᠬᠠᠢ ᠮᠡᠷᠭᠡᠵᠢᠯᠳᠡᠨ ᠢ ︽ᠵᠠᠯᠠᠵᠤ ᠠᠪᠴᠢᠷᠠᠬᠤ︾᠂ ᠡᠮᠨᠡᠯᠭᠡ ᠶᠢᠨ ᠬᠤᠷᠢᠶ᠎ᠠ ᠶᠢᠨ ᠭᠤᠤᠯᠯᠠᠭᠴᠢ ᠭᠦᠴᠦᠨ ᠢ ︽ᠭᠠᠳᠠᠭᠰᠢ ᠭᠠᠷᠭᠠᠬᠤ︾ ᠵᠡᠷᠭᠡ | ᠠᠷᠭ᠎ᠠ ᠬᠡᠯᠪᠡᠷᠢ ᠶᠢ ᠠᠪᠴᠣ᠂ ᠪᠦᠬᠦ ᠬᠤᠰᠢᠭᠤᠨ ᠤ ᠦᠢᠯᠡᠴᠢᠯᠡᠭᠡᠨ ᠤ ᠴᠢᠳᠠᠪᠤᠷᠢ ᠪᠠ ᠠᠨᠠᠭᠠᠬᠤ ᠣᠬᠠᠭᠠᠨ ᠤ ᠬᠢᠷᠢ ᠳᠦᠪᠰᠢᠨ ᠢ ᠳᠦᠷᠭᠡᠳᠭᠡᠨ ᠪᠦᠬᠦ ᠳᠠᠯ᠎ᠠ | ᠪᠠᠷ ᠳᠡᠭᠡᠭᠰᠢᠯᠡᠬᠦᠯᠬᠦ ᠶᠢ ᠠᠬᠢᠭᠤᠯᠤᠨ᠎ᠡ᠃ | ︵ᠳᠣᠯᠤᠭ᠎ᠠ︶ ᠠᠷᠠᠳ ᠳᠦᠮᠡᠨ ᠢᠶᠠᠷ ᠭᠤᠤᠯ ᠪᠤᠯᠭᠠᠬᠤ ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠤᠮᠠᠷᠠᠳᠣ ᠬᠢᠯᠢ ᠶᠢᠨ ᠠᠮᠤᠷ | ᠳᠦᠪᠰᠢᠨ ᠤ ᠬᠠᠯᠬᠠᠪᠴᠢ ᠶᠢ ᠯᠠᠪᠳᠠᠭᠤᠨ ᠪᠠᠬᠢᠵᠢᠭᠦᠯᠤᠨ᠎ᠡ | ᠠᠷᠠᠳ ᠤᠨ ᠦᠨᠳᠦᠰᠦᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠨ᠎ᠠ᠃ ᠨᠡᠶᠢᠬᠡᠮ ᠤᠨ ᠦᠨᠳᠦᠰᠣᠨ ᠵᠦᠢᠯ ᠢ ᠪᠠᠳᠣᠯᠠᠬᠤ ᠪᠠᠳᠣᠯᠠᠭ᠎ᠠ ᠶᠢᠨ | ᠴᠢᠳᠠᠪᠤᠷᠢ ᠶᠢ ᠳᠡᠭᠡᠭᠰᠢᠯᠡᠬᠦᠯᠵᠤ᠂ ᠠᠵᠢᠯ ᠣᠯᠭᠤᠯᠳᠠ ᠶᠢ ᠳᠡᠷᠢᠭᠦᠨ ᠳᠤ ᠳᠠᠯᠪᠢᠬᠤ ᠪᠠᠶᠢᠯᠳᠣᠬᠤ ᠪᠤᠳᠣᠯᠭ᠎ᠠ ᠶᠢ ᠭᠦᠨᠵᠡᠭᠡᠢ ᠬᠡᠷᠡᠭᠵᠢᠭᠦᠯᠵᠤ᠂ ᠣᠯᠠᠨ ᠨᠡᠶᠢᠳᠡ | ᠶᠢᠨ ᠠᠵᠢᠯ ᠣᠯᠭᠤᠯᠳᠠ ᠶᠢᠨ ᠪᠦᠬᠦ ᠳᠠᠯ᠎ᠠ ᠶᠢᠨ ᠦᠢᠯᠡᠴᠢᠯᠡᠭᠡ ᠶᠢ ᠬᠠᠩᠭᠠᠵᠤ᠂ ᠳᠡᠭᠡᠳᠣ ᠰᠣᠷᠭᠠᠭᠤᠯᠢ ᠳᠡᠭᠦᠰᠦᠭᠰᠡᠨ ᠰᠣᠷᠣᠭᠴᠢ᠂ ᠴᠡᠷᠢᠭ ᠠᠴᠠ | ᠬᠠᠯᠠᠭᠳᠠᠭᠰᠠᠳ ᠵᠡᠷᠭᠡ ᠵᠠᠯᠠᠭᠤᠴᠣᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ | ᠳᠠᠩᠰᠠᠯᠠᠬᠤ ᠬᠦᠳᠡᠯᠦᠩᠭᠦᠢ ᠬᠠᠮᠢᠶᠠᠷᠣᠯᠳᠠ ᠶᠢᠨ ᠣᠷᠳᠣ ᠬᠤᠭᠤᠴᠠᠭᠠᠨ ᠤ ᠪᠦᠳᠦᠮᠵᠢᠳᠠᠢ ᠳᠣᠭᠳᠠᠴᠠ ᠶᠢ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠣᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠭᠡᠮᠡᠯᠵᠢᠯᠳᠡ ᠶᠢ ᠠᠬᠢᠭᠤᠯᠤᠨ᠎ᠠ᠃ ᠴᠠᠯᠢᠩ ᠮᠦᠩᠭᠦ ᠶᠢ ᠦᠷᠢᠳᠦᠵᠤ ᠬᠠᠣᠯᠢ ᠠᠴᠠ | ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠬᠦᠯᠦᠰᠣᠨ ᠠᠵᠢᠯᠴᠢᠨ ᠤ ᠬᠠᠣᠯᠢ ᠶᠤᠰᠣᠨ ᠤ ᠡᠷᠬᠡ ᠠᠰᠢᠭ ᠢ | ᠦᠨᠡᠨᠬᠦ ᠪᠠᠳᠣᠯᠠᠨ᠎ᠠ᠃ ᠣᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠤᠨ᠎ᠡ᠃ ᠰᠣᠷᠭᠠᠨ ᠬᠦᠮᠤᠵᠢᠯ ᠢ ᠣᠷᠢᠳᠠᠪᠠᠷ ᠭᠦᠭᠵᠢᠭᠦᠯᠬᠦ | ᠪᠠᠶᠢᠯᠳᠣᠬᠤ ᠪᠤᠳᠣᠯᠭ᠎ᠠ ᠶᠢ ᠪᠠᠷᠢᠮᠳᠠᠯᠠᠵᠤ᠂ ᠰᠣᠷᠭᠠᠭᠤᠯᠢ ᠡᠷᠬᠢᠯᠡᠬᠦ ᠨᠦᠭᠦᠴᠡᠯ ᠢ ᠰᠠᠶᠢᠵᠢᠷᠠᠭᠤᠯᠬᠤ ᠶᠢ ᠦᠷᠭᠦᠯᠵᠢᠯᠡᠨ ᠨᠡᠮᠡᠭᠳᠡᠭᠦᠯᠵᠤ᠂ ᠪᠠᠭᠰᠢ ᠶᠢᠨ ᠡᠩᠨᠡᠭᠡᠨ | ᠤ ᠪᠠᠶᠢᠭᠤᠯᠤᠯᠳᠠ ᠶᠢᠨ ᠣᠷᠣᠭᠤᠯᠤᠯᠳᠠ ᠶᠢ ᠳᠡᠭᠡᠭᠰᠢᠯᠡᠬᠦᠯᠵᠤ᠂ ᠰᠢᠯᠢᠳᠡᠭ ᠰᠣᠷᠭᠠᠨ ᠬᠦᠮᠤᠵᠢᠯ ᠤᠨ ᠡᠬᠢ ᠪᠠᠶᠠᠯᠢᠭ ᠤᠨ ᠬᠠᠮᠤᠷᠬᠤ ᠭᠡᠪᠴᠢᠶ᠎ᠡ ᠪᠠ ᠠᠰᠢᠭ | ᠭᠦᠷᠳᠡᠬᠦ ᠭᠡᠪᠴᠢᠶ᠎ᠡ ᠶᠢ ᠦᠷᠭᠡᠳᠭᠡᠨ᠎ᠡ᠃ ︽ᠨᠡᠷᠡᠳᠣ ᠡᠮᠨᠡᠯᠭᠡ ᠶᠢᠨ ᠬᠤᠷᠢᠶ᠎ᠠ ᠶᠢ ᠡᠷᠬᠢᠯᠡᠬᠦ᠂ ᠨᠡᠷᠡᠳᠣ ᠡᠮᠨᠡᠯᠭᠡ ᠶᠢᠨ ᠰᠠᠯᠠᠭ᠎ᠠ ᠶᠢ ᠪᠠᠶᠢᠭᠤᠯᠬᠤ᠂ ᠨᠡᠷᠡᠳᠣ | ᠡᠮᠴᠢ ᠶᠢ ᠨᠡᠮᠡᠭᠳᠡᠬᠦᠯᠬᠦ︾ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠵᠤ᠂ ᠨᠢᠭᠳᠠ ᠬᠡᠯᠪᠡᠷᠢ ᠶᠢᠨ ᠡᠮᠨᠡᠯᠭᠡ ᠬᠠᠮᠳᠣ ᠶᠢᠨ ᠴᠣᠭᠴᠠ ᠶᠢᠨ ᠪᠠᠶᠢᠭᠤᠯᠤᠯᠳᠠ ᠶᠢ | ᠠᠬᠢᠭᠤᠯᠤᠨ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠳᠣᠬᠢᠷᠠᠭᠤᠯᠤᠯᠳᠠ | ᠶᠢ ᠦᠷᠭᠦᠯᠵᠢᠯᠡᠨ ᠳᠣᠬᠢᠷᠠᠭᠤᠯᠤᠨ ᠰᠢᠯᠢᠳᠡᠭᠵᠢᠭᠦᠯᠤᠨ᠎ᠡ᠃ ᠬᠤᠳᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠠᠬᠢᠭᠤᠯᠵᠤ᠂ ᠬᠤᠳᠠ ᠬᠦᠳᠡᠭᠡ ᠶᠢᠨ ᠪᠦᠳᠦᠭᠡᠨ | ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠣᠰᠣ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠶᠢ ᠠᠬᠢᠭᠤᠯᠵᠤ᠂ ᠰᠦᠯᠵᠢᠶᠠᠨ ᠤ | ᠪᠦᠷᠬᠦᠴᠡ ᠶᠢᠨ ︽ᠳᠠᠪᠤᠨ ᠶᠡᠭᠡ ᠪᠠᠳᠣᠯᠠᠭ᠎ᠠ︾ ᠶᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠨ᠎ᠠ᠃ ᠪᠦᠬᠦ ᠠᠷᠠᠳ ᠤᠨ ᠪᠡᠶ᠎ᠡ ᠮᠠᠬᠠᠪᠤᠳ ᠢᠶᠠᠨ | ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠳᠡᠯᠭᠡᠷᠡᠩᠭᠦᠢ ᠪᠠᠷ ᠦᠷᠨᠢᠭᠦᠯᠵᠤ᠂ ᠣᠷᠣᠨ ᠪᠦᠰᠡ ᠶᠢᠨ ᠣᠨᠴᠠᠯᠢᠭ ᠪᠦᠬᠦᠢ ᠨᠢᠭᠡ ᠪᠦᠯᠦᠭ ᠣᠳᠬ᠎ᠠ ᠣᠷᠠᠯᠢᠭ | ᠤᠨ ᠪᠦᠳᠦᠭᠡᠯ ᠢ ᠵᠤᠬᠢᠶᠠᠨ ᠪᠦᠳᠦᠭᠡᠵᠤ ᠨᠠᠶᠢᠳᠠᠯᠠᠨ᠂ ᠰᠣᠶᠤᠯ ᠢᠶᠠᠷ ᠠᠷᠠᠳ ᠲᠤ ᠠᠰᠢᠭ ᠭᠦᠷᠳᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠵᠤ᠂ | ᠣᠯᠠᠨ ᠳᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠳᠠᠰᠣᠷᠠᠯᠳᠠ ᠦᠬᠡᠢ ᠬᠠᠩᠭᠠᠨ᠎ᠠ᠃ ᠭᠤᠤᠯᠳᠠᠯᠭᠠᠳᠣ ᠭᠦᠷᠢᠶ᠎ᠡ ᠴᠠᠷᠠᠭ᠎ᠠ ᠳᠠᠬᠢ ᠳᠦᠭᠰᠢᠭᠦᠷᠢ ᠶᠢ | ᠰᠡᠷᠭᠡᠶᠢᠯᠡᠨ ᠣᠰᠠᠳᠬᠠᠨ᠎ᠠ᠃ ᠵᠠᠰᠠᠭ ᠤᠨ ᠣᠷᠳᠣᠨ ᠤ ᠴᠢᠨᠠᠷᠳᠠᠢ ᠪᠡᠯᠡ ᠣᠷᠣᠭᠤᠯᠤᠯᠳᠠ ᠶᠢᠨ ᠵᠦᠢᠯᠡᠰ ᠤᠨ ᠰᠢᠢᠳᠪᠤᠷᠢᠳᠣ ᠪᠤᠳᠣᠯᠭ᠎ᠠ ᠳᠣᠭᠳᠠᠭᠠᠬᠤ ᠪᠠ | ᠰᠡᠳᠦᠪ ᠳᠣᠭᠳᠠᠭᠠᠬᠤ ᠬᠠᠮᠢᠶᠠᠷᠣᠯᠳᠠ ᠶᠢ ᠪᠦᠬᠦ ᠳᠠᠯ᠎ᠠ ᠪᠠᠷ ᠵᠢᠷᠣᠮᠵᠢᠭᠤᠯᠵᠤ ᠵᠠᠰᠠᠭ ᠤᠨ ᠣᠷᠳᠣᠨ ᠤ ᠳᠠᠯᠳᠠ ᠦᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ | ᠡᠷᠡᠰ ᠬᠤᠷᠢᠭᠯᠠᠨ᠎ᠠ᠃ ᠪᠠᠶᠢᠯᠳᠣᠬᠤ ᠪᠤᠳᠣᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠨᠦᠭᠡᠴᠡᠯᠡᠯᠳᠡ ᠶᠢᠨ ᠠᠮᠤᠷ ᠳᠦᠪᠰᠢᠨ ᠤ | ᠬᠠᠮᠢᠶᠠᠷᠣᠯᠳᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠳᠣᠯᠠᠭ᠎ᠠ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠯᠠᠪᠳᠠᠭᠤᠨ | ᠪᠠᠳᠣᠳᠠᠢ ᠰᠠᠶᠢᠳᠣᠷ ᠬᠢᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠤᠨ᠎ᠡ᠃ ᠨᠡᠭᠦᠷᠡᠰᠣᠨ | ᠠᠭᠤᠷᠬᠠᠢ᠂ ᠨᠡᠭᠦᠷᠠᠰᠣᠨ ᠤ ᠪᠤᠰᠣ ᠠᠭᠤᠷᠬᠠᠢ᠂ ᠪᠠᠷᠢᠯᠭ᠎ᠠ ᠶᠢᠨ ᠠᠵᠢᠯ ᠬᠢᠬᠦ᠂ ᠵᠠᠮ ᠬᠠᠷᠢᠯᠴᠠᠭ᠎ᠠ ᠳᠡᠭᠡᠭᠡᠪᠤᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠴᠢᠩᠭ᠎ᠠ ᠠᠩᠬᠠᠷᠴᠣ᠂ ᠠᠶᠤᠯᠭᠦᠢ ᠦᠢᠯᠡᠳᠪᠤᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠦᠷᠨᠢᠬᠦᠯᠦᠨ᠎ᠡ᠃ ᠬᠠᠣᠯᠢᠵᠢᠯ ᠤᠨ | ᠦᠤᠰᠢᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠣᠳᠠᠢ ᠦᠷᠨᠢᠭᠦᠯᠵᠤ᠂ ︽ᠪᠦᠬᠦ ᠣᠯᠣᠰ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠱᠢᠶ᠎ᠡ | ᠦᠵᠡᠭᠦᠯᠬᠦ ᠬᠤᠰᠢᠭᠤ︾ ᠶᠢ ᠴᠣᠭᠴᠠᠯᠠᠨ ᠪᠠᠶᠢᠭᠤᠯᠤᠭᠰᠡᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠤᠨ᠎ᠡ᠃ ︽ᠭᠤᠷᠪᠠ ᠶᠢ ᠳᠤᠰᠠᠭᠠᠷᠯᠠᠨ | ᠠᠭᠤᠰᠬᠠᠬᠤ ᠠᠷᠭ᠎ᠠ︾ ᠶᠢ ᠳᠡᠰ ᠳᠡᠪᠰᠢᠭᠦᠯᠵᠤ᠂ ᠡᠯ᠎ᠡ ᠳᠦᠷᠦᠯ ᠤᠨ ᠡᠶᠡᠳᠡᠭᠦᠯᠭᠡ ᠶᠢ ᠣᠬᠠᠭᠤᠯᠤᠨ ᠬᠤᠯᠪᠤᠭᠳᠠᠭᠤᠯᠬᠤ ᠶᠢ ᠴᠢᠩᠭᠠᠳᠬᠠᠨ᠂ ᠡᠬᠡ ᠣᠯᠣᠰ | ᠤᠨ ᠣᠮᠠᠷᠠᠳᠣ ᠬᠢᠯᠢ ᠶᠢᠨ ᠠᠮᠤᠷ ᠳᠦᠪᠰᠢᠨ ᠤ ᠬᠠᠯᠬᠠᠪᠴᠢ ᠶᠢ ᠳᠣᠭᠳᠠᠪᠤᠷᠢᠵᠢᠭᠤᠯᠬᠤ ᠦᠤᠰᠢᠨ ᠤ ᠰᠡᠷᠭᠡᠶᠢᠯᠡᠯᠳᠡ ᠶᠢᠨ ᠱᠣᠭᠤᠮ ᠢ ᠦᠨᠡᠨᠬᠦ ᠪᠠᠬᠢᠵᠢᠭᠦᠯᠤᠨ᠎ᠡ | ᠃ | |