ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/4
      ᠨᠢᠭᠡ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠰᠢᠦᠢ ᠹᠧᠩ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶      ᠤᠯᠠᠭᠠᠨᠲᠤᠶᠠᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ︶        ᠱᠧ ᠺᠠᠢ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ︶             ᠭᠠᠯᠬᠦᠦ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ︶      ᠪᠠᠢ ᠭᠥᠸᠧ ᠯᠢᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ︶            ᠰᠢᠦᠢ ᠺᠠᠩ ᠰᠢᠶᠠᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ︶      ᠸᠠᠩ ᠶᠣᠣ ᠳ᠋ᠦᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠡᠷᠬᠢᠯᠡᠭᠴᠢ︶      ᠸᠠᠩ ᠮᠣᠣ ᠷᠦᠩ ︵ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ︶      ᠸᠠᠩ ᡁᠢ ᠴᠢᠶᠠᠩ ︵ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ︶       ᠵᠠᠩ ᠸᠧᠢ ᠭᠥᠸᠧ ︵ᠶᠡᠷᠤᠩᠬᠡᠢ ᠢᠨᠵᠧᠨᠧᠷ︶             ᠵᠦ ᠶᠦᠩ ᠪᠢᠨ ︵ᠵᠢᠩᠬᠢᠨᠢ ᠰᠠᠯᠠᠭᠠᠨ ᠳᠡᠰ ᠤᠨ ᠬᠠᠷᠠᠭᠠᠯᠵᠠᠯ ᠲᠠᠢ︶        ᠬᠤᠶᠠᠷ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ      ᠨᠢᠭᠡᠳᠦᠭᠡᠷ ᠵᠦᠢᠯ   ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠦᠦᠰᠢᠨ ᠬᠤᠰᠢᠭᠤᠨ ᠤ ᠳᠠᠷᠤᠮᠠᠯᠯᠠᠨ ᠲᠠᠷᠬᠠᠭᠠᠭᠰᠠᠨ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ   ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠤᠨ ᠪᠠᠶᠢᠭᠤᠯᠭ᠎ᠠ ᠪᠤᠯᠤᠨ᠎ᠠ᠃      ᠭᠤᠷᠪᠠᠳᠤᠭᠠᠷ ᠵᠦᠢᠯ   ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠥᠭᠵᠢᠯᠲᠡ ᠶᠢᠨ ᠲᠥᠯᠦᠪᠵᠢᠭᠦᠯᠭᠡ᠂ ᠠᠵᠢᠯ ᠤᠨ ᠲᠥᠰᠥᠯ ᠵᠡᠷᠭᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ ᠬᠥᠮᠥᠵᠢᠭᠦᠯᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠵᠢᠯ ᠲᠦᠷᠦᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠵᠢᠯᠣᠭᠤᠳᠤᠨ ᠥᠷᠨᠢᠭᠦᠯᠦᠨ᠎ᠡ᠃      ︵ᠭᠤᠷᠪᠠ︶ ᠪᠥᠬᠦ ᠬᠤᠰᠢᠭᠤᠨ ᠤ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠭᠦᠯᠬᠦ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃      ︵ᠳᠥᠷᠪᠡ︶ ᠪᠥᠬᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ᠂ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠬᠦᠯᠬᠡ ᠶᠢ ᠲᠤᠭᠤᠷᠪᠢᠨ ᠲᠤᠭᠲᠠᠭᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠦᠭᠵᠢᠬᠦᠯᠦᠯᠲᠡ᠂ ᠭᠡᠷ ᠪᠠᠶᠢᠰᠢᠩ ᠤᠨ ᠠᠷᠠᠯᠵᠢᠶᠠᠨ ᠤ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠠᠵᠤ ᠠᠬᠤᠢ ᠶᠢᠨ ᠬᠠᠮᠢᠶᠠᠷᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠳᠤᠯᠠᠭᠠᠯᠠᠭ᠎ᠠ ᠶᠢᠨ ᠬᠠᠩᠭᠠᠯᠭ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠵᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠤᠨ ᠳᠡᠩᠰᠡᠯᠡᠨ ᠲᠡᠮᠳᠡᠭᠯᠡᠬᠦ ᠠᠵᠢᠯ ᠢ ᠬᠠᠮᠵᠢᠯᠴᠠᠨ ᠵᠢᠯᠣᠭᠤᠳᠤᠨ᠎ᠠ᠃      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠪᠠᠷᠢᠮᠵᠢᠶ᠎ᠠ ᠬᠢᠭᠡᠳ ᠵᠢᠷᠤᠮᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠶᠢᠭᠤᠯᠬᠤ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠤ ᠠᠬᠤᠢ ᠶᠢᠨ ᠪᠣᠯᠵᠣᠯᠲᠤ ᠲᠤᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠪᠠᠷᠢᠯᠭ᠎ᠠ ᠶᠢᠨ ᠪᠠᠶᠢᠭᠤᠯᠬᠤ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠤᠷᠮ᠎ᠠ ᠶᠢᠨ ᠬᠡᠷᠡᠭᠵᠢᠭᠦᠯᠤᠯᠲᠡ ᠪᠠ ᠪᠠᠷᠢᠯᠭ᠎ᠠ ᠪᠠᠶᠢᠭᠤᠯᠬᠤ ᠦᠨ᠎ᠡ ᠶᠢᠨ ᠪᠤᠳᠤᠯᠳᠠ ᠶᠢ ᠵᠢᠯᠤᠭᠤᠲᠤᠨ ᠬᠢᠨᠠᠯᠲᠠ ᠲᠠᠯᠪᠢᠨ᠎ᠠ᠃      ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ᠂ ᠪᠠᠷᠢᠯᠭ᠎ᠠ ᠶᠢ ᠬᠢᠨᠠᠨ ᠬᠠᠮᠢᠶᠠᠷᠴᠤ ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ  ᠤᠨ ᠬᠥᠭᠵᠢᠯᠲᠡ ᠪᠣᠯᠣᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠶᠢᠨ ᠬᠢᠨᠠᠯᠲᠠ ᠲᠠᠯᠪᠢᠵᠤ ᠬᠠᠮᠢᠶᠠᠷᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠤᠨ᠎ᠠ᠃      ︵ ᠳᠤᠯᠤᠭ᠎ᠠ︶ ᠪᠠᠷᠢᠯᠭ᠎ᠠ ᠶᠢᠨ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠤᠨ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ᠂ ᠭᠡᠷ ᠤᠨ ᠳᠣᠲᠣᠷᠠᠬᠢ ᠵᠠᠰᠠᠯ ᠴᠢᠮᠡᠭᠯᠡᠯ ᠤᠨ ᠪᠠᠷᠢᠯᠭ᠎ᠠ ᠶᠢᠨ ᠶᠠᠰᠤ ᠴᠢᠨᠠᠷ ᠪᠣᠯᠣᠨ ᠠᠶᠤᠯᠬᠦᠢ ᠦᠢᠯᠡᠳᠪᠦᠷᠢᠯᠡᠯ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠤᠨ᠎ᠡ᠃ ᠬᠤᠯᠪᠣᠭᠳᠠᠯ ᠪᠦᠬᠦᠢ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃  ᠪᠤᠭᠤᠳᠠᠯ ᠦᠬᠡᠢ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃      ︵  ᠨᠠᠢᠮᠠ︶ ᠬᠤᠳᠠ ᠶᠢᠨ ᠬᠠᠶᠢᠨ ᠪᠠᠶᠢᠴᠠᠭᠠᠬᠤ᠂ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠬᠡᠮᠵᠢᠯᠲᠡ᠂ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠪᠠ ᠬᠤᠳᠠ ᠶᠢᠨ ᠱᠤᠭᠤᠮᠠᠯ ᠰᠡᠶᠢᠯᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠬᠤᠳᠠ ᠶᠢ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵  ᠶᠢᠰᠦ︶ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠬᠦᠯᠦᠨ᠎ᠡ᠃ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠬᠦᠯᠦᠨ᠎ᠡ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃      ︵ᠠᠷᠪᠠ︶ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠬᠤᠲᠠ ᠪᠠᠯᠭᠠᠰᠤᠨ ᠤ  ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠬᠠᠷᠢᠭᠤᠴᠠᠨ᠎ᠠ᠃ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠵᠢᠯᠣᠭᠤᠳᠤᠨ᠎ᠠ᠃ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ᠂ ᠮᠡᠷᠭᠡᠵᠢᠯ ᠤᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠤᠨ᠎ᠡ᠃ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠣᠯᠣᠨ ᠰᠤᠶᠤᠭ᠎ᠠ ᠮᠣᠳᠣ ᠬᠤᠳᠠᠯᠳᠤᠨ ᠠᠪᠬᠤ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠯᠤᠰ ᠤᠨ  ᠴᠡᠴᠡᠷᠯᠢᠭᠵᠢᠬᠦᠯᠦᠯᠲᠡ ᠶᠢᠨ ᠬᠤᠲᠠ ᠶᠢ ᠡᠭᠦᠳᠦᠨ ᠪᠠᠶᠢᠭᠤᠯᠬᠤ᠂ ᠳᠠᠬᠢᠨ ᠪᠠᠶᠢᠴᠠᠭᠠᠵᠤ ᠰᠢᠯᠭᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ  ᠨᠢᠭᠡ︶ ᠭᠠᠴᠠᠭ᠎ᠠ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠭᠤᠣᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠭᠠᠮᠰᠢᠭᠳᠠᠭᠰᠠᠨ ᠣᠷᠣᠨ ᠤ ᠭᠠᠴᠠᠭ᠎ᠠ ᠲᠤᠰᠬᠤᠨ ᠰᠤᠮᠤ ᠪᠠᠯᠭᠠᠰᠤ ᠶᠢ ᠲᠠᠬᠢᠨ ᠪᠠᠶᠢᠭᠤᠯᠬᠤ ᠪᠠ ᠤᠯᠤᠰ ᠤᠨ ᠲᠣᠮᠣ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠴᠠᠭ᠎ᠠ ᠪᠠᠯᠭᠠᠰᠤ ᠶᠢ ᠨᠡᠭᠦᠯᠭᠡᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠬᠠᠮᠵᠢᠨ ᠵᠢᠯᠣᠭᠤᠳᠤᠨ᠎ᠠ᠃      ︵ᠠᠷᠪᠠᠨ  ᠬᠤᠶᠠᠷ︶ ᠪᠠᠷᠢᠯᠭ᠎ᠠ ᠶᠢᠨ ᠡᠨᠧᠷᠬᠢ ᠠᠷᠪᠢᠯᠠᠬᠤ ᠪᠠ ᠬᠤᠲᠠ ᠪᠠᠯᠭᠠᠰᠤᠨ ᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ  ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤᠨ ᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠦᠷᠦᠯ ᠵᠦᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠳᠡᠯᠭᠡᠷᠡᠭᠦᠯᠬᠦ ᠶᠢ ᠵᠢᠯᠤᠭᠤᠳᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠠᠷᠪᠠᠨ ᠭᠤᠷᠪᠠ︶ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠶᠢᠳᠠᠯ ᠢ ᠵᠠᠰᠠᠬᠤ ᠠᠵᠢᠯ ᠢ ᠬᠠᠷᠢᠭᠤᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠠᠯᠪᠢᠵᠤ ᠰᠢᠯᠭᠠᠬᠤ ᠱᠤᠭᠤᠮ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠠᠵᠢᠯ ᠳᠤ ᠣᠷᠤᠯᠴᠠᠬᠤ ᠶᠢᠨ ᠬᠠᠮᠲᠤ ᠵᠦᠢ ᠵᠣᠬᠢᠰᠲᠠᠢ ᠰᠠᠨᠠᠭᠤᠯᠭ᠎ᠠ ᠪᠠ ᠰᠠᠨᠠᠯ ᠳᠤᠷᠠᠳᠤᠨ᠎ᠠ᠃ ᠬᠤᠲᠠ ᠶᠢᠨ ᠪᠠᠷᠢᠯᠭ᠎ᠠ ᠶᠢᠨ ᠭᠠᠳᠠᠷ ᠲᠠᠯ᠎ᠠ᠂ ᠭᠡᠷ ᠤᠨ ᠭᠠᠳᠠᠨᠠᠬᠢ ᠵᠠᠷ ᠮᠡᠳᠡᠭᠡᠨ ᠤ ᠲᠦᠬᠦᠭᠡᠷᠦᠮᠵᠢ ᠪᠠ ᠬᠤᠳᠠᠯᠳᠤᠭᠠᠨ ᠤ ᠫᠠᠶᠢᠰᠠ᠂ ᠲᠡᠷᠭᠡᠨ ᠵᠣᠭᠰᠣᠭᠠᠯ ᠤᠨ ᠬᠠᠮᠢᠶᠠᠷᠤᠯᠲᠠ ᠵᠡᠷᠭᠡ ᠬᠤᠲᠠ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠪᠠ ᠬᠤᠲᠠ ᠶᠢᠨ ᠳᠦᠷᠢ ᠲᠦᠷᠬᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ  ᠶᠢᠨ ᠬᠠᠮᠲᠤ ᠬᠢᠨᠠᠯᠲᠠ ᠲᠠᠯᠪᠢᠨ᠎ᠠ᠃ ᠴᠢᠬᠤᠯᠠ ᠶᠡᠭᠡ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠪᠠ  ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠤᠨ ᠲᠥᠰᠥᠯ ᠢ ᠬᠢᠨᠠᠨ ᠪᠠᠶᠢᠴᠠᠭᠠᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ  ᠬᠤᠷᠢᠶᠠᠬᠤ ᠳᠤ ᠤᠷᠤᠯᠴᠠᠵᠤ ᠵᠦᠢ ᠵᠣᠬᠢᠰᠲᠠᠢ ᠰᠠᠨᠠᠭᠤᠯᠭ᠎ᠠ ᠪᠠ ᠰᠠᠨᠠᠯ ᠳᠤᠷᠠᠳᠤᠨ᠎ᠠ᠃ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠵᠢᠴᠢ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠳᠤᠯ᠂ ᠪᠠᠷᠢᠯᠭ᠎ᠠ ᠶᠢᠨ ᠠᠵᠢᠯ  ᠤᠨ ᠱᠤᠤᠭᠢᠶᠠᠨ ᠤ ᠪᠣᠬᠢᠷᠳᠤᠯ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠤᠨ ᠤ  ᠪᠣᠬᠢᠷᠳᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠤᠰᠤᠨ ᠤᠲᠤᠭ᠎ᠠ ᠶᠢᠨ ᠪᠣᠬᠢᠷᠳᠤᠯ᠂ ᠭᠠᠳᠠᠨ᠎ᠠ ᠰᠢᠷᠠᠮᠠᠯ ᠬᠢᠬᠦ ᠪᠤᠬᠢᠷᠳᠤᠯ᠂ ᠬᠤᠳᠠ ᠶᠢᠨ ᠪᠠᠷᠤᠭᠰᠢᠨ ᠰᠦᠯᠢᠶᠥᠦ ᠬᠤᠭ ᠨᠣᠪᠰᠢ ᠰᠢᠲᠠᠭᠠᠬᠤ ᠵᠡᠷᠭᠡ ᠤᠲᠤᠭ᠎ᠠ ᠲᠣᠭᠤᠰᠣ ᠪᠣᠯᠣᠨ ᠦᠮᠡᠬᠡᠢ ᠦᠨᠦᠷ ᠤᠨ ᠪᠣᠬᠢᠷᠳᠤᠯ᠂ ᠰᠢᠲᠠᠭᠠᠭᠰᠠᠨ ᠡᠰᠢ ᠰᠦᠷᠡᠯ ᠤᠨᠠᠭᠰᠠᠨ ᠨᠠᠪᠴᠢ ᠵᠡᠷᠭᠡ ᠤᠲᠤᠭ᠎ᠠ ᠲᠣᠭᠤᠰᠤᠨ ᠤ ᠪᠣᠬᠢᠷᠳᠤᠯ ᠂ ᠬᠤᠸᠠᠷ ᠫᠤᠤᠵᠢᠩ ᠲᠠᠯᠪᠢᠬᠤ ᠪᠣᠬᠢᠷᠳᠤᠯ ᠵᠡᠷᠭᠡ ᠲᠠᠯ᠎ᠠ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃      ︵ᠠᠷᠪᠠᠨ ᠳᠦᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠥᠬᠦ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠵᠢᠴᠢ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠨᠡᠶᠢᠭᠡᠮ ᠤᠨ ᠠᠮᠢᠳᠤᠷᠠᠯ ᠤᠨ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠳᠤᠯ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠳᠤᠯ᠂ ᠢᠳᠡᠭᠡᠨ ᠤᠮᠳᠠᠭᠠᠨ   ᠤ ᠦᠢᠯᠡᠴᠢᠯᠡᠭᠡᠨ ᠤ ᠦᠢᠯᠡᠰ ᠤᠨ ᠲᠤᠰᠤᠨ ᠤᠳᠤᠭ᠎ᠠ ᠶᠢᠨ ᠪᠣᠬᠢᠷᠳᠤᠯ᠂ ᠭᠠᠳᠠᠨ᠎ᠠ ᠰᠢᠷᠠᠮᠠᠯ ᠬᠢᠬᠦ ᠪᠣᠬᠢᠷᠳᠤᠯ᠂ ᠬᠤᠳᠠ ᠶᠢᠨ ᠰᠢᠲᠠᠭᠠᠭᠰᠠᠨ ᠪᠠᠷᠤᠭᠰᠢᠨ ᠰᠦᠯᠢᠶᠥᠦ ᠬᠤᠭ ᠨᠣᠪᠰᠢ ᠰᠢᠲᠠᠭᠠᠬᠤ ᠵᠡᠷᠭᠡ ᠤᠳᠤᠭ᠎ᠠ ᠲᠣᠭᠤᠰᠣ ᠪᠣᠯᠣᠨ ᠦᠮᠡᠬᠡᠢ ᠦᠨᠦᠷ ᠤᠨ ᠪᠣᠬᠢᠷᠳᠤᠯ᠂ ᠰᠢᠲᠠᠭᠠᠭᠰᠠᠨ ᠡᠰᠢ ᠰᠦᠷᠡᠯ ᠤᠨᠠᠭᠰᠠᠨ ᠨᠠᠪᠴᠢ ᠵᠡᠷᠭᠡ ᠤᠳᠤᠭ᠎ᠠ ᠲᠣᠭᠤᠰᠣᠨ ᠤ ᠪᠣᠬᠢᠷᠳᠤᠯ᠂ ᠬᠤᠸᠠᠷ ᠫᠤᠤᠵᠢᠩ ᠲᠠᠯᠪᠢᠭᠰᠠᠨ ᠪᠣᠬᠢᠷᠳᠤᠯ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠬᠢᠭᠡᠳ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠢ ᠦᠨᠡᠮᠯᠡᠯ ᠦᠭᠡᠢ ᠪᠠᠷ ᠡᠵᠡᠩᠨᠡᠬᠦ᠂ ᠭᠡᠷ ᠤᠨ ᠭᠠᠳᠠᠨᠠᠬᠢ ᠵᠠᠷ ᠮᠡᠳᠡᠭᠡ ᠶᠢ ᠲᠣᠭᠲᠠᠭᠠᠯ ᠠᠴᠠ ᠵᠥᠷᠢᠴᠡᠨ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠵᠢᠴᠢ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠦᠷ ᠢ ᠦᠨᠡᠮᠯᠡᠯ ᠦᠭᠡᠢ ᠪᠠᠷ ᠡᠵᠡᠩᠨᠡᠬᠦ ᠵᠢᠴᠢ ᠬᠠᠤᠯᠢ ᠠᠴᠠ ᠵᠥᠷᠢᠴᠡᠨ ᠡᠮ ᠤᠨ ᠵᠦᠢᠯ ᠢ ᠬᠤᠷᠢᠶᠠᠨ ᠠᠪᠴᠤ ᠫᠠᠨᠽᠠᠯᠠᠭᠰᠠᠨ ᠤ ᠵᠠᠰᠠᠭ ᠵᠠᠬᠢᠷᠭᠠᠨ ᠤ ᠰᠢᠳᠬᠡᠯ ᠤᠨ ᠡᠷᠬᠡ ᠵᠢᠴᠢ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠳᠠᠭᠠᠤ ᠶᠢᠨ ᠵᠠᠮ ᠤᠨ ᠬᠠᠵᠠᠭᠤ ᠶᠢᠨ ᠲᠠᠶᠢᠰᠠ ᠠᠴᠠ ᠳᠡᠭᠡᠭᠰᠢᠬᠢ ᠬᠡᠰᠡᠭ ᠲᠤ ᠬᠠᠤᠯᠢ ᠶᠢ ᠵᠥᠷᠢᠴᠡᠨ ᠲᠡᠷᠭᠡ ᠬᠥᠰᠬᠡ ᠶᠢ ᠵᠣᠭᠰᠣᠭᠠᠭᠰᠠᠨ ᠵᠠᠰᠠᠭ ᠵᠠᠬᠢᠷᠭᠠᠨ ᠤ ᠰᠢᠳᠬᠡᠯ ᠤᠨ ᠡᠷᠬᠡ ᠵᠢᠴᠢ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠭᠤᠣᠯ ᠤᠨ ᠵᠠᠮ ᠳᠤ ᠬᠠᠶᠠᠭᠳᠠᠮᠠᠯ ᠪᠣᠳᠠᠰ ᠪᠠ ᠬᠤᠭ ᠨᠣᠪᠰᠢ ᠴᠢᠳᠬᠤᠬᠤ ᠵᠢᠴᠢ ᠲᠣᠭᠲᠠᠭᠠᠯ  ᠠᠴᠠ ᠵᠥᠷᠢᠴᠡᠨ ᠰᠢᠷᠣᠢ ᠠᠪᠬᠤ᠂ ᠬᠤᠲᠠ ᠶᠢᠨ ᠭᠤᠣᠯ ᠤᠨ ᠵᠠᠮ ᠤᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠵᠢᠴᠢ ᠵᠣᠬᠢᠴᠠᠩᠭᠤᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ᠎ᠠ᠃      ︵ ᠠᠷᠪᠠᠨ ᠳᠠᠪᠤ︶ ᠬᠤᠲᠠ ᠶᠢᠨ ᠬᠠᠮᠢᠶᠠᠷᠤᠯᠲᠠ ᠶᠢᠨ ᠲᠣᠭᠠᠴᠠᠯᠠᠭᠰᠠᠨ᠂ ᠤᠶᠤᠨᠴᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠬᠤᠰᠢᠭᠤ ᠱᠠᠲᠤᠨ ᠤ ᠣᠶᠤᠨᠲᠤ ᠬᠤᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠵᠢᠯᠤᠭᠤᠳᠬᠤ ᠲᠠᠪᠴᠠᠩ ᠤᠨ ᠪᠠᠶᠢᠭᠤᠯᠤᠯᠲᠠ᠂ ᠡᠷᠬᠢᠯᠲᠡ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠤᠨ᠎ᠠ᠃      ︵ ᠠᠷᠪᠠᠨ ᠵᠢᠷᠭᠤᠭ᠎ᠠ︶ ᠪᠥᠬᠦ ᠬᠤᠰᠢᠭᠤᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠵᠢᠴᠢ ᠳᠡᠭᠡᠳᠦ ᠱᠠᠲᠤᠨ ᠤ ᠲᠤᠰᠢᠶᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠠᠮᠵᠢᠯᠴᠠᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠠᠬᠢᠭᠤᠯᠵᠤ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠭᠡᠨᠡᠳᠲᠡ ᠶᠢᠨ ᠴᠢᠨᠠᠷᠲᠠᠢ ᠪᠠ ᠲᠦᠷ ᠴᠠᠭ ᠤᠨ ᠴᠢᠨᠠᠷᠲᠠᠢ ᠡᠭᠦᠷᠭᠡ ᠶᠢ ᠪᠡᠶᠡᠯᠡᠭᠦᠯᠦᠨ᠎ᠡ᠃      ︵ ᠠᠷᠪᠠᠨ ᠳᠤᠯᠤᠭ᠎ᠠ︶ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠲᠤᠰᠬᠠᠢ ᠮᠡᠷᠭᠡᠵᠢᠯ ᠤᠨ ᠡᠩᠨᠡᠭᠡ ᠪᠣᠯᠣᠨ ᠮᠡᠷᠭᠡᠵᠢᠯ ᠤᠨ ᠠᠵᠢᠯᠲᠠᠨ ᠤ ᠪᠣᠯᠪᠠᠰᠤᠷᠠᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠠᠵᠢᠯ ᠲᠥᠷᠥᠯ ᠤᠨ ᠬᠥᠮᠦᠵᠢᠯ ᠪᠣᠯᠪᠠᠰᠤᠷᠠᠯ ᠤᠨ ᠲᠥᠯᠦᠪᠵᠢᠭᠦᠯᠭᠡ ᠪᠣᠯᠣᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠠᠵᠢᠯ ᠲᠥᠷᠥᠯ ᠤᠨ ᠠᠵᠢᠯ ᠡᠷᠭᠢᠯᠡᠬᠦ ᠬᠢᠷᠢ ᠬᠡᠮ ᠵᠢᠴᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠰᠢᠯᠭᠠᠯᠲᠠ᠂ ᠬᠢᠨᠠᠨ ᠲᠣᠭᠲᠠᠭᠠᠯᠲᠠ ᠪᠠ ᠠᠵᠢᠯ ᠤᠨ ᠪᠠᠶᠢᠷᠢ ᠶᠢᠨ ᠬᠢᠷᠢ ᠬᠡᠮ ᠤᠨ ᠦᠨᠡᠮᠯᠡᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠷᠭᠦᠯᠵᠢᠯᠡᠯ ᠰᠤᠷᠭᠠᠨ ᠬᠥᠮᠥᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃      ︵ ᠠᠷᠪᠠᠨ ᠨᠠᠢᠮᠠ︶ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠬᠢᠨᠠᠯᠲᠠ ᠲᠠᠯᠪᠢᠵᠤ ᠬᠠᠮᠢᠶᠠᠷᠬᠤ ᠪᠠ ᠬᠢᠨᠠᠨ ᠰᠢᠯᠭᠠᠵᠤ ᠦᠨᠡᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠪᠠ ᠠᠵᠢᠯ ᠲᠥᠷᠥᠯ ᠤᠨ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠲᠥᠷᠥᠯ ᠤᠨ ᠬᠠᠮᠢᠶᠠᠷᠤᠯᠲᠠ ᠶᠢᠨ ᠵᠢᠷᠤᠮᠵᠢᠯ ᠪᠠ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢᠨ ᠵᠢᠷᠤᠮᠵᠢᠯ ᠢ ᠲᠣᠭᠲᠠᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ ᠠᠷᠪᠠ ᠶᠢᠰᠦ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ᠂ ᠵᠡᠪᠰᠡᠭᠲᠦ ᠬᠦᠴᠦᠨ ᠤ ᠬᠡᠯᠲᠡᠰ ᠵᠢᠴᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ      ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠰᠤᠭ      ︵ᠭᠤᠷᠪᠠ︶ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ ︵ᠴᠡᠴᠡᠷᠯᠢᠭᠵᠢᠬᠦᠯᠦᠯᠲᠡ ᠬᠢᠭᠡᠳ ᠬᠤᠳᠠ ᠶᠢᠨ ᠬᠠᠮᠢᠶᠠᠷᠤᠯᠲᠠ ᠶᠢᠨ ᠲᠠᠰᠤᠭ︶      ︵ᠳᠥᠷᠪᠡ︶ ᠪᠠᠷᠢᠯᠭ᠎ᠠ ᠶᠢᠨ ᠬᠢᠨᠠᠯᠲᠠ ᠪᠠ ᠬᠠᠮᠢᠶᠠᠷᠤᠯᠲᠠ ᠶᠢᠨ ᠲᠠᠰᠤᠭ      ︵ᠲᠠᠪᠤ︶ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠲᠠᠲᠠᠪᠤᠷᠢᠯᠠᠬᠤ ᠳᠠᠰᠤᠭ ︵ᠲᠦᠷᠦᠯ ᠵᠦᠢᠯ ᠤᠨ ᠬᠠᠮᠢᠶᠠᠷᠤᠯᠲᠠ︶      ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠲᠥᠪ ︵ᠳᠠᠰᠤᠭ ᠤᠨ ᠲᠡᠰ ᠤᠨ ᠠᠵᠢᠯ ᠦᠢᠯᠡᠰ ᠤᠨ ᠨᠢᠭᠡᠴᠢ︶      ︵ᠲᠤᠯᠤᠭ᠎ᠠ︶ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠦᠢᠯᠡᠴᠢᠯᠡᠭᠡᠨ ᠤ ᠲᠥᠪ ︵ᠳᠠᠰᠤᠭ ᠤᠨ ᠲᠡᠰ ᠤᠨ ᠠᠵᠢᠯ ᠦᠢᠯᠡᠰ ᠤᠨ ᠨᠢᠭᠡᠴᠢ︶      ᠲᠠᠪᠤᠳᠤᠭᠠᠷ ᠵᠦᠢᠯ   ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 9 ᠨᠡᠷ᠎ᠡ᠃ ᠲᠣᠪᠴᠢᠶᠠᠨ ᠳᠠᠷᠤᠭ᠎ᠠ 1 ᠨᠡᠷ᠎ᠡ ︵ᠦᠦᠰᠢᠨ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ ᠲᠣᠪᠴᠢᠶᠠᠨ ᠳᠡᠳ᠋ ᠳᠠᠷᠤᠭ᠎ᠠ 3 ᠨᠡᠷ᠎ᠡ᠃      ᠵᠢᠷᠭᠤᠳᠤᠭᠠᠷ ᠵᠦᠢᠯ   ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠤᠴᠢᠷ ᠶᠠᠪᠤᠳᠠᠯ ᠢ ᠠᠰ ᠲᠤᠨᠢ ᠲᠣᠭᠲᠠᠭᠠᠨ᠎ᠠ᠃      ᠳᠣᠯᠣᠳᠤᠭᠠᠷ ᠵᠦᠢᠯ   ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠦᠢᠴᠡᠳᠬᠡᠨ᠎ᠡ᠃      ᠨᠠᠢᠮᠠᠳᠤᠭᠠᠷ ᠵᠦᠢᠯ   ᠲᠣᠰ ᠲᠣᠭᠲᠠᠭᠠᠯ ᠢ 2019 ᠣᠨ ᠤ 11 ᠰᠠᠷ᠎ᠠ ᠶᠢᠨ 17 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠭᠤᠷᠪᠠ᠂ ᠠᠯᠪᠠᠯᠠᠬᠤ ᠭᠠᠵᠠᠷ ᠵᠢᠴᠢ ᠬᠠᠷᠢᠯᠴᠠᠬᠤ ᠤᠲᠠᠰᠤ      ᠠᠯᠪᠠᠯᠠᠬᠤ ᠭᠠᠵᠠᠷ᠄ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠷᠠᠳ ᠤᠨ ᠵᠠᠮ ᠳᠤ ᠪᠠᠶᠢᠭ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ      ᠠᠯᠪᠠᠯᠠᠬᠤ ᠤᠲᠠᠰᠤ᠄ 0477 ︱ 7220350      ᠰᠢᠤᠳᠠᠨ ᠳ᠋ᠤᠭᠠᠷ᠄ 017300      ᠠᠵᠢᠯᠯᠠᠬᠤ ᠴᠠᠭ᠄ 8᠄ 30 ︱ 12᠄ 00  14᠄ 30 ︱ 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶  
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ