ᠥᠪᠥᠷ ᠮᠣᠩᠭᠤᠯ ᠤᠨ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠬᠠᠪᠤᠷ ᠤᠨ ᠠᠵᠢᠯ ᠢᠶᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2024/3/6
      ᠴᠢᠬᠤᠯᠠ ᠶᠡᠭᠡ ᠲᠦᠷᠦᠯ ᠵᠦᠢᠯ ᠪᠣᠯ ᠪᠡᠯᠡ ᠣᠷᠣᠭᠤᠯᠤᠯᠲᠠ ᠶᠢ ᠦᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠴᠢᠬᠤᠯᠠ ᠭᠠᠷᠳᠠᠴᠠ ᠮᠥᠨ᠃ ᠴᠠᠭᠠᠨ ᠰᠠᠷ᠎ᠠ ᠠᠴᠠ ᠨᠠᠰᠢ ᠮᠠᠨ ᠤ ᠬᠤᠰᠢᠭᠤᠨ ᠤ ᠡᠯ᠎ᠡ ᠲᠥᠷᠥᠯ ᠵᠦᠢᠯ ᠵᠠᠯᠭᠠᠭ᠎ᠠ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ ᠥᠪᠥᠷ ᠮᠣᠩᠭᠤᠯ ᠤᠨ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠨᠢ ᠴᠤ ᠬᠠᠪᠤᠷ ᠤᠨ ᠡᠬᠢᠨ ᠢ ᠠᠮᠵᠢᠵᠤ ᠠᠵᠢᠯ ᠢᠶᠠᠨ ᠡᠭᠢᠯᠡᠭᠦᠯᠥᠭᠰᠠᠨ ᠢᠶᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠰᠥᠯᠵᠢᠯᠳᠤᠵᠦ ᠠᠵᠢᠯᠲᠠᠳ ᠶᠠᠭᠠᠷᠠᠯᠲᠠᠢ ᠠᠵᠢᠯᠯᠠᠵᠤ ᠪᠠᠶᠢᠯ᠎ᠠ᠃
1.jpg
2.png
3.png
       ᠥᠪᠥᠷ ᠮᠣᠩᠭᠤᠯ ᠤᠨ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠨᠢ ᠰᠣᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠷᠢᠠᠭᠤᠤᠯ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 255 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠪᠠᠷ ᠲᠥᠯᠥᠪᠯᠡᠵᠤ᠂ ᠤᠤᠯ ᠤᠨ ᠵᠢᠯ ᠤᠨ ᠭᠠᠷᠤᠯᠳᠠ ᠨᠢ 120 ᠲᠦᠮᠡᠨ ᠲᠣᠨ ᠤ ᠮᠧᠲ᠋ᠢᠯ ᠠᠯᠺᠣᠣᠯ ᠪᠠ 100 ᠲᠦᠮᠡᠨ ᠲᠣᠨ ᠤ ᠼᠤᠤ ᠬᠦᠴᠢᠯ ᠦᠢᠯᠡᠳᠪᠤᠷᠢᠯᠡᠬᠦ ᠲᠥᠷᠥᠯ ᠵᠦᠢᠯ ᠤᠨ ᠰᠠᠭᠤᠷᠢᠨ ᠳᠡᠭᠡᠷ᠎ᠡ᠂ ᠨᠠᠭᠦᠷᠠᠰᠤ ᠶᠢ ᠴᠢᠨᠠᠷ ᠲᠠᠰ ᠬᠤᠪᠢᠶᠠᠨ ᠥᠨᠳᠥᠷ ᠪᠦᠲᠦᠮᠵᠢᠲᠡᠶ ᠴᠡᠪᠡᠷᠰᠢᠬᠦᠯᠦᠨ ᠠᠰᠢᠭᠯᠠᠬᠤ ᠪᠠ ᠮᠧᠲ᠋ᠢᠯ ᠠᠯᠺᠣᠣᠯ᠂ ᠼᠤᠤ ᠬᠦᠴᠢᠯ ᠤᠨ ᠬᠡᠯᠬᠢᠶᠡᠵᠢᠯ ᠢ ᠤᠷᠳᠤᠳᠬᠠᠨ ᠬᠡᠯᠬᠢᠶᠡᠵᠢᠯ ᠢ ᠨᠥᠭᠦᠪᠤᠷᠢᠯᠠᠵᠤ ᠪᠥᠳᠥᠭᠡᠭᠳᠡᠭᠦᠨ ᠢ ᠥᠨᠳᠤᠷ ᠥᠷᠳᠡᠭᠵᠢᠭᠦᠯᠭᠦ ᠮᠠᠷᠭᠡᠵᠢᠯ ᠲᠠᠢ ᠤᠶᠠᠯᠳᠤᠭᠤᠯᠤᠨ ᠼᠤᠤ ᠬᠦᠴᠢᠯ᠂ ᠡᠲ᠋ᠢᠯ ᠠᠯᠺᠤᠤᠯ᠂ ᠡᠲ᠋ᠢᠯ ᠠᠯᠺᠣᠤᠯ ᠬᠦᠴᠢᠯ ᠵᠡᠷᠭᠡ 30 ᠭᠠᠷᠤᠢ ᠵᠦᠢᠯ ᠤᠨ ᠭᠤᠣᠯ ᠳᠡᠳ᠋ ᠪᠦᠲᠦᠭᠡᠭᠳᠡᠬᠦᠨ ᠢ ᠦᠢᠯᠡᠳᠪᠦᠷᠢᠯᠡᠬᠦ ᠪᠠᠷ ᠲᠥᠯᠥᠪᠵᠢᠭᠦᠯᠵᠦ᠂ ᠵᠢᠯ ᠳᠤ 117 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ 2026 ᠣᠨ ᠤ 10 ᠰᠠᠷ᠎ᠠ ᠳᠤ ᠠᠰᠢᠭᠯᠠᠯᠲᠠ ᠳᠤ ᠤᠷᠤᠭᠤᠯᠵᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠡᠷᠭᠡᠪᠡᠷ ᠡᠬᠢᠯᠡᠭᠦᠯᠬᠦ ᠪᠠᠷ ᠲᠥᠯᠥᠪᠯᠡᠵᠦ ᠪᠤᠢ᠃ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠡᠵᠡᠯᠡᠬᠦ ᠶᠡᠷᠦᠩᠬᠡᠶ ᠲᠠᠯᠠᠪᠠᠢ ᠨᠢ ᠪᠠᠷᠤᠭ 7800 ᠮᠥ ᠪᠠᠶᠢᠵᠤ᠂ 590 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠤ ᠪᠠᠷ ᠵᠢᠱᠢᠵᠦ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠴᠢᠭᠯᠡᠯ ᠢᠶᠠᠷ ᠭᠤᠤᠯᠯᠠᠭᠤᠯᠤᠨ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ ᠢ ᠥᠢᠯᠡᠳᠪᠤᠷᠢᠯᠠᠭᠦ  ᠪᠤᠯᠤᠨ᠎ᠠ᠃                                ᠰᠣᠷᠪᠤᠯᠵᠢᠯᠠᠭᠴᠢ᠄ ᠠᠯᠤᠰ᠂ ᠢᠦᠢ ᠵᠢᠶᠧ ᠮᠧᠩ᠂ ᠬᠤᠤ ᠶᠢᠩ ᠵᠢᠶᠧ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ