ᠮᠠᠨ ᠤ ᠬᠤᠰᠢᠭᠤ ᠴᠢᠬᠤᠯᠠ ᠲᠤᠮᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/1
      ᠮᠠᠨ ᠤ ᠬᠤᠰᠢᠭᠤ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠤᠯᠳᠠᠯᠭᠠᠲᠤ ᠣᠷᠣᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠡᠷᠡᠯᠭᠡᠭᠯᠡᠨ ᠤᠷᠤᠭᠰᠢᠯᠠᠵᠤ ᠭᠠᠪᠰᠢᠭᠠᠶᠢᠯᠠᠨ ᠠᠵᠢᠯᠯᠠᠵᠤ ᠴᠢᠬᠤᠯᠠ ᠲᠤᠮᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠵᠤ ᠪᠠᠶᠢᠨ᠎ᠠ᠃      ᠥᠪᠥᠷ ᠮᠣᠩᠭᠤᠯ ᠤᠨ ᠪᠦᠦ ᠹᠧᠩ ᠪᠦᠯᠦᠭᠯᠡᠯ ᠤᠨ ᠨᠠᠭᠦᠷᠠᠰᠤ ᠪᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠠᠵᠢᠯᠲᠠᠳ ᠴᠠᠭ ᠢ ᠠᠮᠵᠢᠨ ᠶᠠᠭᠠᠷᠠᠯᠲᠠᠢ ᠠᠵᠢᠯᠯᠠᠵᠤ ᠪᠠᠶᠢᠯ᠎ᠠ᠃ ᠲᠤᠰ ᠺᠤᠮᠫᠠᠨᠢ ᠨᠢ ᠭᠡᠪᠴᠢᠶ᠎ᠠ ᠪᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠪᠤᠯᠤᠭᠰᠠᠨ ᠤ ᠬᠤᠪᠢ ᠳᠤ ᠴᠠᠭ ᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠪᠥᠳᠥᠭᠡᠨ ᠪᠠᠶᠢᠭᠤᠯᠤᠯᠳᠠ ᠭᠢᠵᠤ᠂ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠲᠤᠷᠰᠢᠨ ᠠᠵᠢᠯᠯᠠᠵᠤ᠂ 10 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠤᠷᠤᠭᠤᠯᠬᠤ ᠪᠠᠷ ᠲᠥᠯᠥᠪᠯᠠᠨ᠂ ᠮᠠᠨ ᠤ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠳᠤ ᠭᠥᠴᠤᠨ ᠨᠠᠮᠠᠷᠢᠯᠠᠭᠦ ᠪᠤᠯᠤᠨ᠎ᠠ᠃      ᠤᠶᠢᠯᠠᠭᠠᠭᠰᠠᠨ ᠢᠶᠠᠷ᠂ ᠤᠳᠤ ᠶᠠᠭ 12 ᠭᠤᠣᠯ ᠪᠣᠯᠬᠤ ᠪᠠᠷᠢᠯᠭ᠎ᠠ ᠶᠢᠨ ᠨᠢᠭᠡᠴᠢ ᠶᠢᠨ ᠬᠤᠶᠠᠷ ᠲᠦᠮᠡ ᠭᠠᠷᠤᠢ ᠠᠵᠢᠯᠲᠠᠳ ᠲᠤᠬᠠᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ ᠤᠷᠤᠯᠴᠠᠨ ᠶᠠᠭᠠᠷᠠᠯᠳᠠᠢ ᠠᠵᠢᠯᠯᠠᠵᠤ ᠬᠠᠪᠤᠷ ᠤᠨ ᠤᠯᠠᠷᠢᠯ ᠤᠨ ᠪᠠᠷᠢᠯᠭ᠎ᠠ ᠶᠢᠨ ᠠᠵᠢᠯ ᠢᠳᠠ ᠭᠥᠭ ᠲᠠᠢ ᠶᠠᠪᠤᠭᠳᠠᠵᠤ ᠪᠠᠶᠢᠨ᠎ᠠ᠃ ᠣᠳᠣᠬᠠᠨ ᠳᠤ᠂ ᠰᠢᠪᠠᠷ ᠰᠢᠷᠤᠢ ᠶᠢᠨ ᠪᠠᠷᠢᠯᠭ᠎ᠠ ᠶᠢᠨ ᠭᠤᠣᠯ ᠴᠣᠭᠴᠠ᠂ ᠵᠢᠷᠤᠭ ᠲᠥᠯᠥᠪᠯᠡᠭᠡ ᠶᠢᠨ ᠠᠵᠢᠯ ᠨᠢᠭᠡᠨᠲᠡ ᠰᠢᠪᠲᠤᠷᠠᠭᠠᠨ ᠳᠠᠭᠠᠨ ᠣᠷᠣᠵᠣ᠂ ᠪᠠᠷᠢᠯᠭ᠎ᠠ ᠶᠢᠨ ᠲᠥᠷᠥᠯ ᠵᠦᠢᠯ ᠤᠨ ᠲᠣᠨᠤᠭ ᠲᠥᠬᠦᠭᠡᠷᠦᠮᠵᠢ 11470 ᠰᠠᠭᠤᠷᠢ ᠳᠤ ᠬᠦᠷᠴᠤ᠂ ᠪᠠᠰᠠ 6303 ᠰᠠᠭᠤᠷᠢ ᠲᠤᠨᠤᠭ ᠲᠦᠬᠦᠭᠡᠷᠦᠮᠵᠢ ᠶᠢ ᠰᠢᠨ᠎ᠡ ᠪᠠᠷ ᠣᠷᠣᠭᠤᠯᠤᠨ ᠨᠢᠭᠡᠨᠲᠡ 3407 ᠰᠠᠭᠤᠷᠢ ᠶᠢ ᠨᠢ ᠤᠭᠰᠠᠷᠠᠨ᠂ ᠤᠭᠰᠠᠷᠠᠭᠰᠠᠨ ᠨᠣᠷᠮ᠎ᠠ ᠨᠢ 54% ᠳᠤ ᠬᠦᠷᠦᠭᠰᠡᠨ ᠪᠠᠶᠢᠨ᠎ᠠ᠃ ᠪᠣᠯᠣᠳ ᠪᠦᠲᠦᠴᠡ ᠶᠢᠨ ᠶᠡᠷᠦᠩᠬᠡᠶ ᠬᠡᠮᠵᠢᠶ᠎ᠡ 18.5 ᠲᠦᠮᠡᠨ ᠲᠣᠨ ᠪᠠᠶᠢᠵᠤ᠂ ᠢᠷᠡᠭᠰᠠᠨ ᠪᠠᠷᠠᠭ᠎ᠠ ᠨᠢ 17.6 ᠲᠦᠮᠡᠨ ᠲᠣᠨ ᠪᠠᠶᠢᠵᠤ᠂ 12.7 ᠲᠦᠮᠡᠨ ᠲᠣᠨ ᠢ  ᠨᠢ ᠤᠭᠰᠠᠷᠠᠨ᠂ ᠤᠭᠰᠷᠠᠭᠰᠠᠨ ᠨᠣᠷᠮ᠎ᠠ 72% ᠲᠤ ᠬᠦᠷᠴᠦ᠂ ᠬᠤᠭᠤᠯᠠᠶ ᠶᠢᠨ ᠤᠷᠢᠳᠴᠢᠯᠠᠨ ᠤᠭᠰᠠᠷᠠᠭᠰᠠᠨ ᠨᠣᠷᠮ᠎ᠠ 13% ᠳᠤ ᠬᠦᠷᠦᠨ᠂ ᠲᠤᠨᠤᠭ ᠲᠥᠬᠦᠭᠡᠷᠦᠮᠵᠢ ᠶᠢ ᠤᠭᠰᠷᠠᠬᠤ ᠠᠵᠢᠯ ᠱᠠᠳᠤᠴᠢ ᠴᠢᠨᠠᠷ ᠲᠠᠢ ᠠᠮᠵᠢᠯᠳᠠ ᠤᠯᠵᠤ ᠲᠥᠷᠤᠯ ᠵᠥᠢᠯ ᠤᠨ ᠡᠷᠳᠡᠭᠡᠨ ᠠᠰᠢᠭᠯᠠᠯᠳᠠ ᠳᠤ ᠤᠷᠤᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                               ᠰᠣᠷᠪᠤᠯᠵᠢᠯᠠᠭᠴᠢ᠄ ᠠᠯᠤᠰ᠂ ᠢᠦᠢ ᠵᠢᠶᠧ ᠮᠧᠩ᠂ ᠬᠤᠤ ᠶᠢᠩ ᠵᠢᠶᠧ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ