ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ | ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠪᠥᠭᠡᠳ ᠲᠦᠭ ᠲᠦᠮᠡᠨ ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ ᠬᠥᠳᠡᠭᠡᠨ ᠤ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ | ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ | ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠳᠤ ᠰᠠᠭᠤᠷᠢ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ | ᠳᠠᠭᠠᠳᠬᠠᠯ ᠳᠤ ᠣᠷᠣᠯᠴᠠᠬᠤ ᠳᠤ ᠭᠠᠷ ᠭᠦᠢᠴᠡᠳᠬᠡᠯ ᠣᠯᠠᠨ᠂ ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ | ᠤᠬᠠᠮᠰᠠᠷ ᠳᠣᠷᠣᠢ᠂ ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ | ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ | ᠨᠢᠭᠲᠠᠷᠠᠭᠤᠯᠵᠤ᠂ ᠰᠠᠯᠠᠭ᠎ᠠ ᠮᠥᠴᠢᠷ ᠤᠳ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠴᠢᠨᠠᠭᠰᠢᠳᠠ | ᠤᠯᠠᠮ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ | ᠲᠥᠯᠥᠭᠡ᠂ ᠪᠢᠳᠡ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ | ᠬᠤᠯᠪᠣᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ | ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ︽︿14·5﹀ ᠶᠢᠨ | ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠯᠡᠭᠡ︾ ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ | ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ ᠳᠡᠭᠡᠭᠰᠢᠬᠢ ᠨᠢᠷᠠᠢ ᠬᠡᠦᠬᠡᠳ ᠤᠳ ᠢ | ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠢ ᠳᠤᠷᠠᠳᠪᠠ᠃ ︽14·5︾ ᠶᠢᠨ ᠬᠤᠭᠤᠴᠠᠭᠠᠨ ᠤ ᠡᠴᠦᠰ | ᠪᠣᠯᠬᠤ ᠳᠤ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ ᠬᠤᠶᠠᠷ ᠲᠤ | ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ | ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ | ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ | ᠴᠢᠨᠠᠷᠲᠠᠢ ᠪᠠᠷ ᠠᠵᠢᠯ ᠤᠨ ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ︽ᠮᠡᠳᠡᠭᠳᠡᠯ︾ ᠨᠢ | ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠶᠢᠨ | ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ ᠵᠣᠷᠢᠭᠵᠢᠭᠤᠯᠤᠨ᠎ᠠ᠃ | ︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ | ᠴᠤᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ | ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠶᠢ | ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ | ᠳᠠᠶᠢᠴᠢᠯᠠᠯᠲᠠ ᠶᠢ ᠡᠷᠴᠢᠮᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ | ᠣᠷᠣᠯᠴᠠᠬᠤ ᠴᠤᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ ᠶᠠᠪᠤᠳᠠᠯ ᠤᠳ ᠢ ᠨᠢᠭᠡ ᠯᠠ ᠠᠵᠢᠯ ᠶᠠᠪᠤᠳᠠᠯ | ᠪᠣᠯᠭᠠᠨ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ ᠤᠨ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ | ᠬᠡᠦᠬᠡᠳ ᠢ ᠳᠠᠭᠠᠳᠬᠠᠯ ᠳᠤ ᠣᠷᠣᠭᠤᠯᠬᠤ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ | ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ ᠤ ᠡᠷᠦᠬᠡ ᠠᠮᠠ ᠲᠠᠢ ᠬᠡᠦᠬᠡᠳ ᠤᠨ ᠪᠠᠶᠢᠩᠭᠤ | ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠰᠠᠯᠠᠭᠠᠨ ᠤ | ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ | ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ | ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ | ᠲᠤᠬᠠᠢ ᠳᠤ ᠨᠢ ᠣᠨᠣᠪᠴᠢᠲᠠᠶ ᠡᠵᠡᠮᠰᠢᠵᠦ᠂ ᠳᠠᠭᠠᠳᠬᠠᠭᠤᠯᠬᠤ ᠶᠣᠰᠣᠲᠠᠢ ᠶᠢ ᠨᠢ ᠴᠥᠮ ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ | ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ | ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ ᠲᠣᠬᠢᠷᠠᠭᠤᠯᠬᠤ ᠪᠠ ᠰᠢᠮᠳᠠᠭᠤᠯᠬᠤ ᠶᠢ ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ | ᠦᠨᠡᠨ ᠬᠦ ᠳᠡᠭᠡᠭᠰᠢᠯᠡᠭᠦᠯᠦᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ | |