ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠶᠢᠭᠤᠯᠵᠤ ᠬᠤᠲᠠ ᠬᠥᠳᠡᠭᠡ ᠶᠢ ᠬᠠᠮᠳᠣᠪᠠᠷ ᠬᠥᠭᠵᠢᠭᠦᠯᠵᠦ ᠬᠠᠮᠳᠤᠪᠠᠷ ᠴᠡᠴᠡᠭᠯᠡᠬᠦᠯᠬᠦ ᠶᠢ ᠪᠠᠶᠠᠯᠠᠭᠦᠯᠦᠶ᠎ᠡ
ᠨᠡᠶᠢᠲᠡᠯᠡᠭᠰᠡᠨ ᠴᠠᠭ᠄
2024/4/12
61261413f5c16681e92f5380d3b2517.png
      ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠪᠴᠢᠶᠠᠨ ᠳᠠᠷᠤᠭ᠎ᠠ ᠬᠤᠷᠢᠶᠠᠯᠲᠤ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠪᠣᠯ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠲᠤᠰᠬᠠᠢ ᠰᠣᠷᠪᠤᠯᠵᠢᠯᠠᠭ᠎ᠠ︾ ᠪᠣᠯᠣᠩ ᠪᠣᠯᠣᠨ᠎ᠠ᠃ ᠥᠨᠥᠳᠥᠷ ᠪᠢᠳᠡ ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠪᠴᠢᠶᠠᠨ ᠳᠠᠷᠤᠭ᠎ᠠ ᠬᠤᠷᠢᠶᠠᠯᠲᠤ ᠶᠢ ᠤᠷᠢᠵᠤ ᠮᠠᠨ ᠤ ᠰᠤᠷᠪᠤᠯᠵᠢᠯᠠᠭ᠎ᠠ ᠳᠤ ᠣᠷᠣᠯᠴᠠᠭᠤᠯᠵᠤ ︽ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠶᠢᠭᠤᠯᠵᠤ᠂ ᠬᠤᠲᠠ ᠬᠥᠳᠡᠭᠡ ᠶᠢ ᠬᠠᠮᠳᠣᠪᠠᠷ ᠬᠥᠭᠵᠢᠭᠦᠯᠵᠦ ᠬᠠᠮᠳᠤᠪᠠᠷ ᠴᠡᠴᠡᠭᠯᠡᠬᠦᠯᠬᠦ ᠶᠢ ᠪᠠᠶᠠᠯᠡᠭᠦᠯᠬᠦ︾ ᠶᠢᠨ ᠲᠤᠬᠠᠢ ᠰᠦᠯᠵᠢᠶᠡᠨ ᠤ ᠨᠠᠶᠢᠵᠠ ᠨᠠᠷ ᠲᠠᠢ ᠪᠠᠨ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠯ᠎ᠠ᠃ ᠶᠠᠭᠤᠨ ᠤ ᠡᠮᠦᠨ᠎ᠡ ᠲᠣᠪᠴᠢᠶᠠᠨ ᠳᠠᠷᠤᠭ᠎ᠠ ᠬᠤᠷᠢᠶᠠᠯᠲᠤ ᠠᠴᠠ ᠰᠦᠯᠵᠢᠶᠡᠨ ᠤ ᠨᠠᠶᠢᠵᠠ ᠨᠠᠷ ᠲᠠᠢ ᠮᠡᠨᠳᠦᠯᠴᠢᠯᠡᠶ᠎ᠡ︕       ᠬᠤᠷᠢᠶᠠᠯᠲᠤ᠄ ᠬᠥᠲᠥᠯᠥᠭᠴᠢ ᠲᠠ ᠰᠠᠶᠢᠨ ᠦᠦ︕ ᠳᠠᠶᠠᠭᠠᠷ ᠢᠶᠠᠨ ᠰᠠᠶᠢᠨ ᠪᠠᠶᠢᠵᠠᠭᠠᠨ᠎ᠠ ᠦᠦ︕ ︽ᠰᠦᠯᠵᠢᠶᠡᠨ ᠳᠡᠭᠡᠷᠡᠬᠢ ᠲᠤᠰᠬᠠᠢ ᠰᠣᠷᠪᠤᠯᠵᠢᠯᠠᠭ᠎ᠠ︾ ᠪᠠᠷ ᠳᠠᠮᠵᠢᠭᠤᠯᠤᠨ ᠲᠠᠨᠠᠷ ᠲᠠᠢ ︽ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠶᠢᠭᠤᠯᠵᠤ᠂ ᠬᠤᠳᠠ ᠬᠥᠳᠡᠭᠡ ᠶᠢ ᠬᠠᠮᠳᠣᠪᠠᠷ ᠬᠥᠭᠵᠢᠭᠦᠯᠵᠦ ᠬᠠᠮᠳᠤᠪᠠᠷ ᠴᠡᠴᠡᠭᠯᠡᠬᠦᠯᠬᠦ ᠶᠢ ᠪᠡᠶᠡᠯᠡᠭᠦᠯᠬᠦ︾ ᠠᠵᠢᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠠᠰᠠᠭᠤᠳᠠᠯ ᠢ ᠬᠠᠷᠢᠯᠴᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ ᠪᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠲᠥᠯᠥᠭᠡᠯᠡᠵᠦ ᠳᠠᠶᠠᠭᠠᠷ ᠢᠶᠠᠨ ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠠᠵᠢᠯ ᠢ ᠠᠩᠬᠠᠷᠤᠨ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠡᠭᠦᠨ ᠤ ᠬᠠᠮᠲᠤ ᠤᠯᠠᠨ ᠢᠶᠠᠷ ᠢᠶᠠᠨ ᠪᠠᠰᠠ ᠮᠠᠨ ᠤ ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠦᠭᠤᠯᠵᠤ ᠬᠤᠳᠠ ᠬᠥᠳᠡᠭᠡ ᠶᠢ ᠬᠠᠮᠳᠣᠪᠠᠷ ᠬᠥᠭᠵᠢᠭᠦᠯᠵᠦ ᠬᠠᠮᠳᠤᠪᠠᠷ ᠴᠡᠴᠡᠭᠯᠡᠬᠦᠯᠬᠦ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ᠃       ᠬᠥᠲᠥᠯᠥᠭᠴᠢ᠄ ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠲᠠᠯ᠎ᠠ ᠶᠢᠨ ᠠᠵᠢᠯ ᠤᠨ ᠣᠳᠣᠬᠢ ᠪᠠᠶᠢᠳᠠᠯ ᠶᠠᠮᠠᠷ ᠰᠢᠤᠬᠠᠨ ᠪᠠᠶᠢᠭ᠎ᠠ ᠪᠣᠯ︖      ᠬᠤᠷᠢᠶᠠᠯᠲᠤ᠄ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠠᠯ᠎ᠠ ᠪᠠᠷ᠂ ᠪᠥᠬᠦ ᠬᠤᠰᠢᠭᠤᠨ ᠳᠤ 1 ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠭᠤᠷᠪᠠᠳᠤᠭᠠᠷ ᠳᠡᠰ ᠠᠴᠠ ᠳᠡᠭᠡᠭᠰᠢᠬᠢ 1 ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ 197 ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠲᠠᠢ ᠪᠠᠶᠢᠵᠤ᠂ ᠬᠤᠰᠢᠭᠤᠨ ᠤ ᠳᠣᠲᠣᠷ᠎ᠠ ᠠᠶᠠᠨᠴᠢᠳ ᠤᠨ ᠲᠡᠷᠭᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢᠶᠠᠷ ᠥᠩᠭᠡᠷᠡᠬᠦ ᠮᠥᠷᠲᠡᠭᠡᠨ ᠵᠣᠭᠰᠣᠬᠤ ᠥᠷᠲᠡᠭᠡ ᠴᠡᠭ ᠨᠢ ᠲᠣᠰᠬᠤᠨ ᠤ ᠠᠷᠠᠳ ᠤᠨ ᠵᠥᠪᠯᠡᠯ ᠠᠴᠠ 2 ᠺᠢᠯᠣᠮᠧᠲᠷ ᠠᠴᠠ ᠬᠡᠲᠦᠷᠡᠬᠦ ᠦᠭᠡᠢ᠂ ᠶᠠᠪᠠᠭᠠᠨ ᠠᠯᠬᠤᠬᠤ ᠴᠠᠭ 20 ᠮᠢᠨᠦ᠋ᠲ ᠠᠴᠠ ᠬᠡᠲᠦᠷᠡᠬᠦ ᠦᠭᠡᠢ᠃ ᠪᠠᠷᠠᠭᠠᠨ ᠲᠡᠭᠡᠭᠡᠪᠦᠷᠢ ᠶᠢᠨ ᠲᠠᠯ᠎ᠠ ᠪᠠᠷ᠂ ᠪᠥᠬᠦ ᠬᠤᠰᠢᠭᠤᠨ ᠳᠤ 1 ᠪᠠᠷᠠᠭᠠᠨ ᠲᠡᠭᠡᠭᠡᠪᠦᠷᠢ ᠶᠢᠨ ᠥᠷᠲᠡᠭᠡ᠂ 15 ᠪᠠᠷᠠᠭᠠᠨ ᠲᠡᠭᠡᠭᠡᠪᠦᠷᠢ ᠶᠢᠨ ᠠᠵᠤ ᠠᠬᠤᠶᠢᠯᠠᠯ᠂ 41 ᠪᠠᠷᠠᠭᠠᠨ ᠲᠡᠷᠭᠡ ᠲᠠᠢ᠃ ᠣᠲᠣ ᠪᠣᠯᠲᠠᠯ᠎ᠠ᠂ ᠪᠥᠬᠦ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1.18 ᠲᠦᠮᠡᠨ ᠬᠥᠮᠥᠨ ᠤᠳᠠᠭ᠎ᠠ ᠬᠦᠷᠴᠦ᠂ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 146.55 ᠲᠦᠮᠡᠨ ᠬᠥᠮᠥᠨ ᠤᠳᠠᠭ᠎ᠠ ᠬᠦᠷᠴᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1401.9 ᠲᠦᠮᠡᠨ ᠲᠣᠨ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠺᠢᠯᠣᠮᠧᠲᠷ ᠪᠦᠷᠢ ᠳᠤ 126171 ᠲᠦᠮᠡᠨ ᠲᠣᠨ ᠲᠤ ᠬᠦᠷᠴᠡᠢ᠃ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠥᠬᠦ ᠬᠤᠰᠢᠭᠤᠨ ᠳᠤ 1 ᠬᠤᠲᠠ ᠶᠢᠨ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ 22 ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ᠂ 60 ᠲᠡᠷᠭᠡ ᠬᠦᠯᠢᠶᠡᠬᠦ ᠭᠠᠵᠠᠷ᠂ 10 ᠴᠠᠬᠢᠯᠭᠠᠨ ᠴᠡᠨᠡᠭᠯᠡᠬᠦ ᠪᠠᠭᠠᠨ᠎ᠠ ᠲᠠᠢ ᠪᠠᠶᠢᠵᠤ᠂ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠡᠷᠬᠢᠨ ᠲᠣᠭᠤᠷᠢᠨ  ᠳᠤ 2 ᠺᠢᠯᠣᠮᠧᠲᠷ ᠤᠨ ᠬᠡᠪᠴᠢᠶᠡᠨ ᠳᠠᠬᠢ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠬᠠᠷᠠᠯᠲᠠ ᠶᠢ ᠨᠢᠭᠡᠨᠲᠡ ᠪᠡᠶᠡᠯᠡᠭᠦᠯᠪᠡ᠃ 2022 ᠣᠨ ᠳᠤ᠂ ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ 5800 ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ 36 ᠬᠤᠳᠠᠯᠳᠤᠨ ᠠᠪᠤᠪᠠ᠃ ᠮᠡᠳᠡᠭᠡ ᠵᠠᠩᠬᠢᠴᠢᠯᠠᠯᠲᠠ᠂ ᠣᠶᠤᠨᠴᠢᠯᠠᠯᠲᠠ ᠶᠢᠨ ᠪᠥᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠢᠯᠢ ᠶᠢᠨ ᠳᠣᠲᠣᠷᠠᠬᠢ ᠪᠣᠶ ᠪᠦᠬᠦᠢ ᠵᠠᠮ ᠲᠡᠭᠡᠭᠡᠪᠦᠷᠢ ᠪᠠ ᠲᠦᠷᠢᠶᠡᠰᠦᠨ ᠮᠠᠰᠢᠨ ᠲᠡᠷᠭᠡ ᠶᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠳᠤ ︽ᠲᠢᠶᠠᠨ ᠵᠢᠶᠣᠣ ᠲᠦᠩ︾ ᠭᠠᠷ ᠤᠲᠠᠰᠤᠨ ᠤ APP ᠶᠢᠨ ᠲᠤᠬᠠᠢ ᠳᠤ ᠴᠠᠭ ᠤᠨ ᠵᠠᠮ ᠱᠤᠭᠤᠮ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠴᠢᠳᠠᠮᠵᠢ ᠶᠢ ᠨᠠᠭᠡᠭᠡᠵᠦ᠂ ᠨᠡᠶᠢᠲᠡ ᠶᠢᠨ ᠵᠠᠮ ᠬᠠᠷᠢᠯᠴᠠᠭᠠᠨ ᠤ ᠰᠢᠯᠵᠢᠮᠡᠯ  ᠲᠣᠭᠠᠴᠢᠯᠲᠠ᠂ ᠪᠠᠩᠬᠢ ᠶᠢᠨ ᠬᠤᠯᠪᠣᠭᠠᠨ ᠤ ᠲᠣᠭᠠᠴᠢᠯᠲᠠ ᠶᠢ ᠨᠢᠭᠡᠨᠲᠡ ᠨᠡᠶᠢᠳᠡᠮ ᠪᠦᠷᠬᠦᠭᠦᠯᠪᠡ᠃ ᠪᠠᠷᠠᠭᠠᠨ ᠭᠦᠢᠯᠭᠡᠭᠡᠨ ᠤ ᠲᠣᠣᠷ ᠰᠦᠯᠵᠢᠶ᠎ᠡ ᠶᠢᠨ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠲᠣ ᠪᠣᠯᠲᠠᠯ᠎ᠠ᠂ ᠬᠤᠰᠢᠭᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠲᠥᠪ ᠢ 1 ᠪᠠᠶᠢᠭᠤᠯᠵᠤ᠂ 5 ᠰᠤᠮᠤ ᠪᠠᠯᠭᠠᠰᠤ ᠶᠢᠨ ᠡᠯᠧᠺᠲᠷᠣᠨ ᠬᠤᠳᠠᠯᠳᠤᠭᠠᠨ ᠤ ᠲᠥᠪ ᠥᠷᠲᠡᠭᠡ᠂ 15 ᠭᠠᠴᠠᠭ᠎ᠠ ᠲᠣᠰᠬᠤᠨ ᠤ ᠲᠠᠰ ᠤᠨ ᠦᠢᠯᠡᠴᠢᠯᠡᠭᠡᠨ ᠤ ᠲᠣᠣᠷ ᠴᠡᠭ᠂ 2 ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠣᠷ ᠴᠡᠭ ᠶᠢ ᠪᠠᠶᠢᠭᠤᠯᠬᠤ ᠪᠠᠷ ᠲᠥᠰᠥᠪᠯᠠᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠠᠵᠤ ᠠᠬᠤᠶᠢᠯᠠᠯ 30 ᠭᠠᠷᠤᠢ ᠪᠣᠯᠪᠠ᠃ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠶᠢᠨ ᠪᠠᠶᠢᠭᠤᠯᠤᠯᠲᠠ ᠶᠢᠨ ᠲᠠᠯ᠎ᠠ ᠪᠠᠷ᠂ 1  ᠬᠤᠰᠢᠭᠤ ᠲᠠᠰ ᠤᠨ ᠪᠠᠷᠠᠭᠠᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠤᠨ ᠥᠭᠡᠷᠡᠴᠢᠯᠡᠵᠦ᠂ ᠦᠦᠰᠢᠨ ᠬᠤᠰᠢᠭᠤᠨ ᠤ ᠪᠠᠷᠠᠭᠠᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢᠶᠠᠷ ᠠᠴᠢᠶᠠᠯᠠᠪᠤᠷᠢ ᠪᠣᠯᠭᠠᠭᠰᠠᠨ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ ᠣᠷᠣᠵᠤ ᠰᠠᠭᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠪᠠᠷᠠᠭᠠᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠰᠢᠰᠲ᠋ᠧᠮ ᠶᠢ ᠪᠠᠶᠢᠭᠤᠯᠤᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠳᠤ ᠨᠡᠶᠢᠲᠡ 46 ᠢᠯᠡᠭᠡᠵᠦ ᠬᠦᠷᠭᠡᠬᠦ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠪᠠᠶᠢᠵᠤ᠂ ︽ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ︾ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠭᠦᠢᠯᠭᠡᠭᠡᠨ ᠤ ᠲᠣᠣᠷ ᠰᠦᠯᠵᠢᠶ᠎ᠡ ᠶᠢ ᠦᠨᠳᠦᠰᠦᠨ ᠳᠡᠭᠡᠨ ᠪᠠᠶᠢᠭᠤᠯᠪᠠ᠃      ᠬᠥᠲᠥᠯᠥᠭᠴᠢ᠄ ᠲᠤᠤᠷ᠎ᠠ ᠲᠣᠪᠴᠢᠶᠠᠨ ᠳᠠᠷᠤᠭ᠎ᠠ ᠪᠢᠳᠠᠨ ᠳᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠶᠢᠭᠤᠯᠬᠤ᠂ ᠬᠤᠲᠠ ᠬᠥᠳᠡᠭᠡ ᠶᠢ ᠬᠠᠮᠳᠤᠪᠠᠷ ᠬᠥᠭᠵᠢᠭᠦᠯᠵᠦ ᠬᠠᠮᠲᠤᠪᠠᠷ ᠴᠡᠴᠡᠭᠯᠡᠬᠦᠯᠬᠦ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠠᠮᠵᠢᠯᠲᠠ ᠪᠦᠲᠦᠮᠵᠢ ᠣᠯᠣᠭᠰᠠᠨ ᠢ ᠲᠠᠨᠢᠯᠴᠠᠭᠤᠯᠤᠨ᠎ᠠ ᠦᠦ︖       ᠬᠤᠷᠢᠶᠠᠯᠲᠤ᠄ ᠦᠦᠰᠢᠨ ᠬᠤᠰᠢᠭᠤᠨ ᠤ ᠵᠠᠮ ᠬᠠᠷᠢᠯᠴᠠᠭᠠᠨ ᠤ ᠳᠠᠪᠠᠭᠤᠯᠢᠭ ᠢᠯᠡᠷᠭᠡᠢ᠂ ᠬᠢᠯᠢ ᠶᠢᠨ ᠳᠣᠲᠣᠷᠠᠬᠢ ᠵᠠᠰᠠᠮᠠᠯ ᠵᠠᠮ ᠤᠨ ᠤᠷᠳᠤ 4200 ᠺᠢᠯᠤᠮᠥᠲᠷ ᠲᠤ ᠬᠦᠷᠴᠦ᠂ ᠰᠤᠮᠤ ᠪᠠᠯᠭᠠᠰᠤ ᠬᠦᠷᠢᠶᠡᠯᠡᠩ ᠲᠣᠭᠤᠷᠢᠭ ᠢ ᠪᠦᠷᠬᠦᠭᠰᠡᠨ ᠵᠠᠰᠠᠮᠠᠯ ᠵᠠᠮ ᠤᠨ ︽ᠬᠠᠭᠠᠰ ᠴᠠᠭ ᠤᠨ ᠵᠠᠮ ᠬᠠᠷᠢᠯᠴᠠᠭᠠᠨ ᠤ ᠴᠠᠭᠠᠷᠢᠭ︾ ᠪᠣᠯᠣᠨ ᠤᠮᠠᠷᠠᠰᠢ ᠷᠦᠡᠭᠴᠸᠡᠭ ᠠᠴᠠ ᠦᠬᠠᠢ ᠬᠦᠷᠬᠦ ᠦᠨᠳᠦᠷ ᠬᠤᠷᠳᠤᠴᠠᠲᠦ ᠵᠠᠰᠠᠮᠠᠯ ᠵᠠᠮ ᠲᠠᠢ ᠵᠠᠯᠭᠠᠯᠳᠤᠬᠤ᠂ ᠵᠡᠭᠦᠨᠰᠢ ᠪᠣᠭᠤᠲᠣ ᠠᠴᠠ ᠮᠣᠣᠮᠢᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠲᠠᠢ ᠵᠠᠯᠭᠠᠯᠳᠤᠬᠤ᠂ ᠡᠮᠦᠨᠡᠰᠢ ᠴᠢᠩᠳᠣᠣ ᠠᠴᠠ  ᠢᠷᠭᠠᠢ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠲᠠᠢ ᠵᠠᠯᠭᠠᠯᠳᠤᠬᠤ᠂ ᠪᠠᠷᠠᠭᠤᠨᠰᠢ ᠪᠡᠭᠡᠵᠢᠩ ᠠᠴᠠ ᠯᠾᠠᠰᠠ ᠬᠦᠷᠬᠦ ᠦᠨᠳᠦᠷ ᠬᠤᠷᠳᠤᠴᠠᠲᠦ ᠵᠠᠰᠠᠮᠠᠯ ᠵᠠᠮ ᠲᠠᠢ ᠵᠠᠯᠭᠠᠯᠳᠤᠬᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠢ ᠦᠨᠳᠦᠰᠦᠨ ᠳᠡᠭᠡᠨ ᠪᠠᠶᠢᠭᠤᠯᠪᠠ᠃ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠣᠷᠳᠣ ᠨᠢ 490 ᠺᠢᠯᠣᠮᠧᠲᠷ ᠲᠤ ᠬᠦᠷᠴᠦ᠂ ᠭᠤᠯᠲᠣ ᠪᠠᠷ ᠡᠮᠦᠨ᠎ᠡ ᠤᠮᠠᠷᠠᠰᠢ ᠢᠶᠠᠨ 7 ᠮᠤᠵᠢ᠂ 16 ᠬᠤᠲᠠ᠂ 55 ᠰᠢᠶᠠᠨ ᠢ ᠨᠡᠪᠲᠡᠷᠡᠭᠰᠡᠨ ᠤᠯᠤᠰ ᠤᠨ ᠳᠣᠲᠣᠭᠠᠳᠤ ᠶᠢᠨ ᠨᠡᠭᠦᠷᠡᠰᠦ ᠲᠡᠭᠡᠭᠡᠪᠦᠷᠢᠯᠡᠬᠦ ᠬᠠᠮᠤᠭ ᠤᠨ ᠣᠷᠳᠣ ᠲᠤᠰᠬᠠᠢ ᠱᠤᠭᠤᠮ  ᠬᠤᠯᠪᠤᠭᠠᠯᠵᠢ ᠠᠴᠠ ᠵᠢᠢ ᠠᠨ ᠬᠦᠷᠬᠦ ᠲᠡᠮᠦᠷ ᠵᠠᠮ ᠠᠳᠡ ᠠᠴᠠ ᠡᠬᠢᠯᠡᠵᠦ᠂ ᠳ᠋ᠦᠡᠭᠱᠸᠡᠭ ᠠᠴᠠ ᠦᠬᠠᠢ ᠬᠦᠷᠬᠦ ᠲᠡᠮᠦᠷ ᠵᠠᠮ᠂ ᠰᠢᠨ᠎ᠡ ᠵᠡᠭᠡᠯᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠲᠠᠢ ᠬᠠᠮᠲᠤ ᠪᠠᠷ ︽ᠬᠤᠶᠠᠷ ᠬᠥᠨᠳᠡᠯᠡᠨ ᠨᠢᠭᠡ ᠭᠤᠯᠳᠤ︾ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠰᠢᠰᠲ᠋ᠧᠮ ᠢ ᠪᠦᠷᠢᠯᠳᠦᠭᠦᠯᠪᠡ︔ ᠡᠷᠬᠢᠨ ᠲᠣᠭᠤᠷᠢᠨ ᠤ 200 ᠺᠢᠯᠣᠮᠧᠲᠷ ᠤᠨ ᠳᠣᠲᠣᠷ᠎ᠠ ᠣᠷᠳᠣᠰ᠂ ᠢᠷᠭᠠᠢ᠂ ᠲᠡᠮᠡᠭᠡᠲᠦ   ᠶᠢᠨ ᠨᠢᠰᠬᠡᠯ ᠤᠨ ᠪᠠᠭᠤᠳᠠᠯ ᠲᠠᠢ ᠪᠠᠶᠢᠵᠤ᠂ ᠦᠦᠰᠢᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠨᠢᠭᠡᠨᠲᠡ ᠪᠠᠶᠢᠭᠤᠯᠵᠤ ᠳᠠᠭᠤᠰᠬᠠᠭᠠᠳ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ 2019 ᠣᠨ ᠤ 10 ᠰᠠᠷ᠎ᠠ ᠳᠤ᠂ ᠦᠦᠰᠢᠨ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠠᠮᠵᠢᠯᠲᠠ ᠲᠠᠢ ᠦᠨᠡᠯᠡᠭᠳᠡᠪᠡ︔ 2020 ᠣᠨ ᠤ 10 ᠰᠠᠷ᠎ᠠ ᠳᠤ᠂ ᠦᠦᠰᠢᠨ ᠬᠤᠰᠢᠭᠤ ᠶᠢ ᠵᠠᠮ ᠲᠡᠭᠡᠭᠡᠪᠦᠷᠢ ᠶᠢᠨ ᠶᠠᠮᠤᠨ ᠠᠴᠠ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠪᠠ︔ 2022 ᠣᠨ ᠤ 1 ᠰᠠᠷ᠎ᠠ ᠳᠤ᠂ ᠦᠦᠰᠢᠨ ᠬᠤᠰᠢᠭᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ︔ 2023 ᠣᠨ ᠤ 7 ᠰᠠᠷ᠎ᠠ ᠳᠤ᠂ ᠦᠦᠰᠢᠨ ᠬᠤᠰᠢᠭᠤ ᠶᠢ ᠪᠦᠬᠦ ᠤᠯᠤᠰ ᠤᠨ︽ᠬᠤᠳᠠ ᠬᠥᠳᠡᠭᠡ ᠶᠢᠨ ᠵᠠᠮ ᠲᠡᠭᠡᠭᠡᠪᠦᠷᠢ ᠶᠢ ᠨᠢᠭᠡ ᠴᠣᠭᠴᠠᠵᠢᠭᠤᠯᠬᠤ︾ ᠵᠢᠱᠢᠶ᠎ᠡ ᠦᠵᠡᠭᠦᠯᠬᠦ ᠰᠢᠶᠠᠨ ᠢᠶᠠᠷ ᠲᠣᠭᠲᠠᠭᠠᠪᠠ︔ 2023 ᠣᠨ ᠤ 12 ᠰᠠᠷ᠎ᠠ ᠳᠤ᠂ ᠮᠠᠨ ᠤ ᠲᠣᠪᠴᠢᠶ᠎ᠠ ᠪᠦᠬᠦ ᠤᠯᠤᠰ ᠤᠨ ᠭᠤᠷᠪᠠᠳᠤᠭᠠᠷ ᠪᠦᠯᠦᠭ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ︾ ᠪᠠᠷ ᠦᠨᠡᠯᠡᠭᠳᠡᠪᠡ᠃ 2022 ᠣᠨ ᠳᠤ᠂ ᠮᠠᠨ ᠤ ᠲᠣᠪᠴᠢᠶ᠎ᠠ ᠪᠦᠭᠦ ᠬᠤᠰᠢᠭᠤᠨ ᠤ ᠪᠣᠳᠠᠲᠤ ᠪᠦᠲᠦᠮᠵᠢ ᠶᠢ ᠬᠢᠨᠠᠨ ᠰᠢᠯᠭᠠᠬᠤ ᠰᠢᠯᠢᠳᠡᠭ ᠰᠠᠯᠠᠭ᠎ᠠ ᠮᠥᠴᠢᠷ ᠢᠶᠠᠷ ᠲᠣᠭᠲᠠᠭᠠᠭᠳᠠᠪᠠ᠃      ᠬᠥᠲᠥᠯᠥᠭᠴᠢ᠄ ᠲᠤᠤᠷ᠎ᠠ ᠲᠣᠪᠴᠢᠶᠠᠨ ᠳᠠᠷᠤᠭ᠎ᠠ ᠪᠢᠳᠠᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠡᠭᠦᠳᠦᠨ ᠪᠠᠶᠢᠭᠤᠯᠵᠤ᠂ ᠬᠤᠲᠠ ᠬᠥᠳᠡᠭᠡ ᠶᠢ ᠬᠠᠮᠳᠤᠪᠠᠷ ᠬᠥᠭᠵᠢᠭᠦᠯᠵᠦ ᠬᠠᠮᠳᠤᠪᠠᠷ ᠴᠡᠴᠡᠭᠯᠡᠬᠦᠯᠬᠦ ᠶᠢ ᠪᠡᠶᠡᠯᠡᠭᠦᠯᠬᠦ ᠶᠢᠨ ᠬᠠᠷᠠᠯᠲᠠ ᠪᠠ ᠪᠣᠳᠠᠲᠠᠢ ᠡᠭᠦᠷᠭᠡ ᠨᠢ ᠶᠠᠭᠤ ᠪᠣᠯᠬᠤ ᠶᠢ ᠲᠠᠨᠢᠯᠴᠠᠭᠤᠯᠤᠨ᠎ᠠ ᠦᠦ︖       ᠬᠤᠷᠢᠶᠠᠯᠲᠤ᠄ ᠦᠦᠰᠢᠨ ᠬᠤᠰᠢᠭᠤ ︽ᠲᠦᠷᠪᠡᠨ ᠲᠠᠯ᠎ᠠ᠂ ᠠᠷᠪᠠᠨ ᠲᠦᠷᠪᠡᠨ ᠵᠦᠢᠯ ᠤᠨ ᠡᠭᠦᠷᠭᠡ︾ ᠪᠠᠷ ᠭᠠᠷᠳᠠᠴᠠ ᠪᠣᠯᠭᠠᠵᠤ  ᠡᠭᠦᠳᠦᠨ ᠪᠠᠶᠢᠭᠤᠯᠬᠤ ᠦᠶᠡᠯᠡᠯ ᠤᠨ ᠬᠤᠭᠤᠴᠠᠭᠠᠨ ᠳᠤ ︽ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠷᠪᠢᠴᠢ︾ ᠬᠤᠳᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ 2025 ᠣᠨ ᠪᠣᠯᠬᠤ ᠳᠤ᠂ ︽1144︾ ᠶᠢ ᠡᠭᠦᠳᠦᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ︽1 ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ︾ ᠳᠠᠷᠦᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ︽1 ᠭᠤᠣᠯ ᠰᠡᠳᠦᠪ ᠢ ᠴᠣᠭᠴᠠᠯᠠᠬᠤ︾ ᠳᠠᠷᠤᠢ ︽ᠠᠶᠠᠨᠴᠢᠳ ᠪᠠᠷᠠᠭ᠎ᠠ ᠰᠢᠤᠳᠠᠨ + ᠲᠡᠭᠡᠭᠡᠪᠦᠷᠢ ᠵᠤᠭᠠᠴᠠᠯ︾  ᠢ ᠠᠭᠤᠰᠤᠯᠴᠠᠭᠤᠯᠤᠨ ᠬᠥᠭᠵᠢᠭᠦᠯᠬᠦ ᠭᠤᠣᠯ ᠰᠡᠳᠦᠪ ᠢ ᠴᠣᠭᠴᠠᠯᠠᠬᠤ ᠶᠢ ᠬᠡᠯᠡᠵᠦ ᠪᠠᠶᠢᠨ᠎ᠠ︔ ︽4 ᠵᠦᠢᠯ ᠤᠨ ᠭᠤᠣᠯᠳᠠᠯᠭ᠎ᠠ ᠲᠠᠢ ᠡᠭᠦᠷᠭᠡ︾ ᠳᠠᠷᠦᠢ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠪᠠᠷᠠᠭᠠᠨ ᠲᠡᠭᠡᠭᠡᠪᠦᠷᠢ ᠪᠠᠷᠠᠭᠠᠨ ᠭᠦᠢᠯᠭᠡᠭᠡᠨ ᠤ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠣᠷᠴᠢᠨ ᠲᠣᠭᠤᠷᠢᠨ ᠤ ᠪᠥᠳᠦᠭᠡᠨ ᠪᠠᠶᠢᠭᠤᠯᠤᠯᠲᠠ ᠶᠢ ᠠᠬᠢᠭᠤᠯᠤᠨ᠎ᠡ᠃ ︽4 ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ︾ ᠳᠠᠷᠦᠢ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠪᠠᠷᠠᠭᠠᠨ ᠲᠡᠭᠡᠭᠡᠪᠦᠷᠢ ᠪᠠᠷᠠᠭᠠᠨ ᠭᠦᠢᠯᠭᠡᠭᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠥᠲᠥᠯᠥᠭᠴᠢ᠄ ᠲᠤᠤᠷ᠎ᠠ ᠲᠣᠪᠴᠢᠶᠠᠨ ᠳᠠᠷᠤᠭ᠎ᠠ ᠬᠤᠷᠢᠶᠠᠯᠲᠤ ᠠᠴᠠ ᠬᠤᠶᠢᠰᠢᠳᠠ ᠶᠢᠨ ᠠᠵᠢᠯ ᠤᠨ ᠲᠥᠯᠥᠪᠯᠡᠭᠡ ᠪᠠᠨ ᠲᠠᠨᠢᠯᠴᠠᠭᠤᠯᠤᠨ᠎ᠠ ᠦᠦ︖       ᠬᠤᠷᠢᠶᠠᠯᠲᠤ᠄ 2024 ᠣᠨ ᠳᠤ᠂ ᠪᠢᠳᠡ ᠵᠠᠯᠠᠭᠠᠭᠠᠳ ᠲᠤᠭ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠦᠦᠰᠢᠨᠵᠤᠤ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠷᠭᠦᠯᠵᠢᠯᠡᠨ ᠠᠬᠢᠭᠤᠯᠤᠨ᠎ᠠ︔ ᠪᠥᠬᠦ ᠬᠤᠰᠢᠭᠤᠨ ᠤ ᠰᠤᠮᠤ ᠪᠠᠯᠭᠠᠰᠤ᠂ ᠭᠠᠴᠠᠭ᠎ᠠ ᠲᠣᠰᠬᠤᠨ ᠤ ᠱᠠᠲᠤᠨ ᠤ ︽ᠠᠶᠠᠨᠴᠢᠨ ᠪᠠᠷᠠᠭ᠎ᠠ ᠰᠢᠤᠳᠠᠨ ᠤ ᠶᠡᠷᠦᠩᠬᠡᠶᠢᠯᠡᠭᠰᠡᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ︾ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠯᠬᠤᠮ ᠱᠠᠲᠤ ᠬᠤᠪᠢᠶᠠᠨ ᠪᠡᠶᠡᠯᠡᠭᠦᠯᠦᠨ᠎ᠡ᠃ ᠪᠥᠬᠦ ᠬᠤᠰᠢᠭᠤᠨ ᠤ ᠬᠥᠳᠡᠭᠡ ᠲᠣᠰᠬᠤᠨ ᠤ ᠪᠠᠷᠠᠭᠠᠨ ᠭᠦᠢᠯᠭᠡᠭᠡᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠢᠷ ᠪᠡᠷᠬᠡ ᠶᠢ ᠢᠯᠡᠨ ᠳᠠᠪᠠᠵᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ︽ᠭᠤᠣᠯ ᠰᠤᠳᠠᠰᠤ︾ ᠶᠢ ᠨᠠᠪᠲᠠᠷᠡᠭᠦᠯᠤᠨ ︽ᠨᠢᠭᠡ ᠴᠡᠭ ᠣᠯᠠᠨ ᠴᠢᠳᠠᠪᠤᠷᠢ ᠲᠠᠢ᠂ ᠨᠢᠭᠡ ᠲᠣᠣᠷ ᠣᠯᠠᠨ ᠬᠡᠷᠡᠭᠴᠡᠭᠡ ᠲᠠᠢ᠂ ᠭᠦᠨ ᠠᠭᠤᠰᠤᠯᠴᠠᠭᠰᠠᠨ︾ ᠬᠤᠰᠢᠭᠤ ᠰᠤᠮᠤ ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠲᠤᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠣᠶ ᠪᠣᠯᠭᠠᠵᠤ ᠬᠥᠳᠡᠭᠡ ᠲᠣᠰᠬᠤᠨ ᠤ ᠪᠠᠷᠠᠭᠠᠨ ᠭᠦᠢᠯᠭᠡᠭᠡᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠬᠥᠳᠡᠭᠡ ᠲᠣᠰᠬᠤᠨ ᠤ ᠪᠠᠷᠠᠭᠠᠨ ᠭᠦᠢᠯᠭᠡᠭᠡᠨ ᠤ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠨ ᠲᠦᠷᠭᠡᠨ ᠬᠦᠷᠭᠡᠯᠲᠡ ᠶᠢᠨ ᠲᠣᠰᠬᠤᠨ ᠳᠤ ᠣᠷᠣᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠠᠯᠬᠤᠮ ᠠᠯᠬᠤᠮ ᠢᠶᠠᠷ ᠨᠡᠪᠲᠡᠷᠡᠭᠦᠯᠦᠨ᠎ᠡ᠃      ᠬᠥᠲᠥᠯᠥᠭᠴᠢ᠄ ᠲᠣᠪᠴᠢᠶᠠᠨ ᠳᠠᠷᠤᠭ᠎ᠠ ᠬᠤᠷᠢᠶᠠᠯᠲᠤ ᠠᠴᠠ ᠪᠢᠳᠡᠨ ᠳᠤ ᠵᠠᠮ ᠲᠡᠭᠡᠭᠡᠪᠦᠷᠢ ᠶᠢᠨ ᠠᠵᠢᠯ ᠢ ᠲᠠᠨᠢᠯᠴᠠᠭᠤᠯᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠰᠤᠷᠪᠤᠯᠵᠢᠯᠠᠭ᠎ᠠ ᠳᠤ ᠲᠠᠬᠢᠨᠲᠠ ᠵᠣᠯᠭᠠᠶ᠎ᠠ᠃ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ