ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠳᠠ ᠶᠢᠨ ᠲᠤᠬᠠᠢ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/12
                                     ᠦᠦᠰᠢᠨ ᠵᠠᠰᠠᠭ ᠠᠯᠪᠠᠨ ᠲᠠᠷᠬᠠᠭᠠᠬᠤ〔2024〕1 ᠳ᠋ᠤᠭᠡᠷ ᠲᠣᠭᠠᠲᠤ     ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠠᠵᠢᠯ ᠤᠨ ᠬᠡᠷᠡᠭᠴᠡᠭᠡ ᠠᠴᠠ ᠪᠣᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠪᠠᠷ ᠳᠡᠮᠵᠢᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠣᠬᠢᠷᠠᠭᠤᠯᠬᠤ ᠪᠠᠷ ᠲᠣᠭᠲᠠᠪᠠ᠃      ᠰᠢᠨ᠎ᠡ     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ       ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠤᠰᠢᠭᠤ ᠬᠢᠨᠠᠨ ᠪᠤᠳᠤᠬᠤ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃       ᠮᠠ ᠶᠠ ᠳ᠋ᠦᠩ     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ       ᠬᠤᠰᠢᠭᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠤᠴᠢᠷ ᠶᠠᠪᠤᠳᠠᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ ᠦᠵᠡᠯ ᠤᠬᠠᠮᠰᠠᠷ ᠤᠨ ᠬᠡᠯᠪᠡᠷᠢ᠂ ᠬᠥᠭᠵᠢᠭᠦᠯᠦᠯᠲᠡ ᠥᠭᠡᠷᠡᠴᠢᠯᠡᠯᠲᠡ᠂ ᠶᠡᠷᠦᠩᠬᠡᠶᠢᠯᠡᠭᠰᠡᠨ ᠠᠵᠤ ᠠᠬᠤᠢ ᠶᠢᠨ ᠬᠠᠮᠢᠶᠠᠷᠤᠯᠲᠠ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠮᠤ ᠪᠤᠳᠠᠭ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠡᠳ᠋ ᠤᠨ ᠵᠠᠰᠠᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︶᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠬᠤᠪᠢᠶᠠᠷᠢᠯᠠᠨ ᠬᠠᠮᠢᠶᠠᠷᠤᠨ᠎ᠠ᠃ ᠬᠤᠰᠢᠭᠤ ᠳᠠᠷᠤᠭ᠎ᠠ ᠶᠢ ᠬᠠᠪᠰᠤᠷᠤᠨ ᠬᠤᠰᠢᠭᠤ ᠬᠢᠨᠠᠨ ᠪᠤᠳᠤᠬᠤ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃       ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠦᠦᠰᠢᠨ ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠦᠰᠢᠨ ᠬᠤᠰᠢᠭᠤᠨ ᠤ ᠬᠤᠷᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠦᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠲᠠᠮᠠᠬᠢᠨ ᠤ ᠲᠤᠰᠬᠠᠢ ᠬᠤᠳᠠᠯᠳᠤᠭᠠᠨ ᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠦᠰᠢᠨ ᠬᠤᠰᠢᠭᠤᠨ ᠤ ᠰᠠᠯᠪᠤᠷᠢ ᠪᠠᠩᠬᠢ᠂ ᠣᠷᠳᠣᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶᠠᠨ ᠤ ᠦᠦᠰᠢᠨ ᠳᠠᠬᠢ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠪᠠ ᠦᠦᠰᠢᠨ ᠬᠤᠰᠢᠭᠤᠨ ᠳᠤ ᠪᠠᠶᠢᠭ᠎ᠠ ᠮᠥᠩᠭᠦᠨ ᠭᠦᠢᠯᠭᠡᠭᠡ᠂ ᠳᠠᠭᠠᠳᠬᠠᠯ ᠤᠨ ᠠᠵᠤ ᠠᠬᠤᠶᠢᠯᠠᠯ ᠵᠡᠷᠭᠡ ᠲᠠᠢ ᠬᠠᠷᠢᠯᠴᠠᠨ᠎ᠠ᠃      ᠠᠯᠲᠠᠨᠴᠢᠯᠠᠭᠤ     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠡᠷᠬᠢᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃       ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ︵ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠭᠦᠯᠦᠯᠲᠡ ᠶᠢᠨ ᠲᠥᠪ︶᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠲᠦᠯᠦᠪᠵᠢᠬᠦᠯᠦᠨ ᠬᠦᠭᠵᠢᠬᠦᠯᠬᠦ ᠲᠦᠪ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠮᠤᠤᠠᠤᠰᠤ ᠶᠢᠨ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠰᠢᠷᠠᠤ᠋ᠰᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ︶᠂ ᠰᠢᠷᠬᠤᠰᠣᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠬᠥᠭᠵᠢᠭᠦᠯᠬᠦ ᠲᠥᠪ᠂ ᠥᠪᠥᠷ ᠮᠣᠩᠭᠤᠯ ᠤᠨ ᠰᠢᠷᠬᠤᠰᠣ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠷ ᠲᠣᠭᠲᠠᠭᠠᠭᠰᠠᠨ ᠨᠡᠷ᠎ᠡ︶ ᠢ ᠬᠤᠪᠢᠶᠠᠷᠢᠯᠠᠨ ᠬᠠᠮᠢᠶᠠᠷᠤᠨ᠎ᠠ᠃       ᠣᠷᠳᠣᠰ ᠤᠨ ᠴᠠᠬᠢᠯᠭᠠᠨ ᠬᠠᠩᠭᠠᠬᠤ ᠺᠤᠮᠫᠠᠨᠢ ᠶᠢᠨ ᠦᠦᠰᠢᠨ ᠬᠤᠪᠢᠶᠠᠷᠢ ᠺᠤᠮᠫᠠᠨᠢ᠂ ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃      ᠴᠢᠯᠠᠭᠤ     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠰᠠᠳ      ᠬᠤᠰᠢᠭᠤ ᠳᠡᠳ᠋ ᠳᠠᠷᠤᠭ᠎ᠠ ᠮᠠ ᠶᠠ ᠳ᠋ᠦᠩ ᠤᠨ ᠠᠵᠢᠯ ᠢ ᠬᠠᠪᠰᠤᠷᠤᠨ᠎ᠠ᠃      ᠶᠤᠸᠠᠢ ᠵᠧᠨ ᠷᠦᠩ     ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠶᠠᠷᠢᠯᠠᠨ ᠬᠠᠮᠢᠶᠠᠷᠤᠨ᠎ᠠ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠦᠦᠰᠢᠨ ᠬᠤᠰᠢᠭᠤᠨ ᠤ ᠬᠤᠪᠢᠶᠠᠷᠢ ᠲᠥᠪ᠂ ᠬᠤᠲᠠ ᠶᠢᠨ ᠵᠠᠮ ᠬᠠᠷᠢᠯᠴᠠᠭᠠᠨ ᠤ ᠠᠷᠠᠴᠢᠯᠠᠨ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠪ ᠤᠨ ᠦᠦᠰᠢᠨ ᠬᠤᠰᠢᠭᠤᠨ ᠤ ᠵᠠᠰᠠᠮᠠᠯ ᠵᠠᠮ ᠤᠨ ᠠᠵᠢᠯ ᠤᠨ ᠲᠣᠭᠤᠷᠢᠭ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠬᠤᠪᠢᠶᠠᠷᠢ ᠺᠣᠮᠫᠠᠨᠢ ᠵᠢᠴᠢ ᠬᠤᠰᠢᠭᠤᠨ ᠳᠤ ᠰᠠᠭᠤᠭ᠎ᠠ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠲᠠᠢ ᠬᠠᠷᠢᠯᠴᠠᠨ᠎ᠠ᠃      ᠺᠠᠩ ᠷᠦᠢ     ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠡᠨᠧᠷᠭᠢ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢᠴᠢᠯᠠᠯᠲᠠ ᠵᠡᠷᠭᠡ ᠠᠵᠢᠯ ᠢ ᠬᠠᠷᠢᠭᠤᠴᠠᠨ᠎ᠠ᠃       ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠨᠧᠷᠭᠢ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ︶᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠲᠥᠪ ᠢ ᠬᠤᠪᠢᠶᠠᠷᠢᠯᠠᠨ ᠬᠠᠮᠢᠶᠠᠷᠤᠨ᠎ᠠ᠃      ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠦᠦᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠣᠨ ᠬᠤᠰᠢᠭᠤᠨ ᠳᠤ ᠰᠠᠭᠤᠭ᠎ᠠ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠢᠮᠡᠭᠡ ᠬᠤᠯᠪᠣᠭ᠎ᠠ ᠶᠢᠨ ᠠᠵᠤ ᠠᠬᠤᠶᠢᠯᠠᠯ ᠲᠠᠢ ᠬᠠᠷᠢᠯᠴᠠᠨ᠎ᠠ᠃      ᠴᠠᠩ ᠢᠦᠢ ᠵᠢᠶᠦ᠋ᠨ     ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃      ᠬᠤᠰᠢᠭᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ ᠲᠠᠢ ᠬᠠᠷᠢᠯᠴᠠᠨ᠎ᠠ᠃      ᠹᠠᠨ ᠴᠦᠨ ᠬᠤᠢ     ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠰᠣᠶᠣᠯ ᠪᠠ ᠵᠢᠭᠤᠯᠴᠢᠯᠠᠯ᠂ ᠰᠤᠷᠭᠠᠨ ᠬᠥᠮᠦᠵᠢᠯ ᠪᠡᠶ᠎ᠡ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠵᠢᠭᠤᠯᠴᠢᠯᠠᠯ ᠤᠨ ᠠᠵᠢᠯ ᠦᠢᠯᠡᠰ ᠤᠨ ᠬᠥᠭᠵᠢᠬᠦᠯᠦᠯᠲᠡ ᠶᠢᠨ ᠲᠥᠪ︶᠂ ᠰᠢᠷᠬᠤᠰᠣ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠷᠬᠤᠰᠣ ᠶᠢᠨ ᠪᠣᠷᠣᠳᠣᠬᠤᠢ ᠬᠥᠮᠥᠨ ᠤ ᠰᠣᠶᠣᠯ ᠤᠨ ᠰᠤᠳᠤᠯᠭᠠᠨ ᠤ ᠲᠥᠪ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠪᠡᠶ᠎ᠡ ᠲᠠᠮᠢᠷ ᠤᠨ ᠠᠵᠢᠯ ᠦᠢᠯᠡᠰ ᠤᠨ ᠬᠥᠭᠵᠢᠬᠦᠯᠦᠯᠳᠡ ᠶᠢᠨ ᠲᠥᠪ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠷ ᠲᠣᠭᠲᠠᠭᠠᠭᠰᠠᠨ ᠨᠡᠷ᠎ᠡ︶ ᠶᠢ ᠬᠤᠪᠢᠶᠠᠷᠢᠯᠠᠨ ᠬᠠᠮᠢᠶᠠᠷᠤᠨ᠎ᠠ᠃      ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠷᠠᠳᠢᠣ᠋ ᠲᠧᠯᠸᠢᠰ ᠤᠨ ᠰᠦᠯᠵᠢᠶ᠎ᠡ ᠶᠢᠨ ᠺᠣᠮᠫᠠᠨᠢ᠂ ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠤᠨ ᠦᠦᠰᠢᠨ 854 ᠰᠠᠴᠤᠷᠠᠭᠤᠯᠬᠤ ᠲᠠᠪᠴᠠᠩ ᠵᠡᠷᠭᠡ ᠲᠠᠢ ᠬᠠᠷᠢᠯᠴᠠᠨ᠎ᠠ᠃      ᠱᠠ ᠵᠢᠶᠠᠨ     ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠲᠥᠯᠦᠪᠵᠢᠭᠦᠯᠭᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠤᠯᠢ ᠬᠡᠷᠡᠭᠵᠢᠭᠦᠯᠦᠯᠲᠡ᠂ ᠭᠡᠷ ᠪᠠᠶᠢᠰᠢᠩ ᠲᠠᠲᠠᠪᠤᠷᠢᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠢᠯᠡᠴᠢᠯᠡᠭᠡᠨ ᠤ ᠲᠥᠪ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠦᠢᠯᠡᠴᠢᠯᠡᠭᠡᠨ ᠤ ᠲᠥᠪ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠥᠮᠴᠢᠯᠡᠯᠲᠦ ᠢᠨᠵᠧᠨᠧᠷᠢᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠬᠤᠪᠢᠶᠠᠷᠢᠯᠠᠨ ᠬᠠᠮᠢᠶᠠᠷᠤᠨ᠎ᠠ᠃      ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠦᠦᠰᠢᠨ ᠬᠤᠰᠢᠭᠤᠨ ᠤ ᠬᠤᠪᠢᠶᠠᠷᠢ ᠲᠥᠪ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠦᠦᠰᠢᠨ ᠬᠤᠰᠢᠭᠤᠨ ᠤ ᠦᠢᠯᠡᠴᠢᠯᠡᠭᠡᠨ ᠤ ᠬᠡᠯᠲᠡᠰ ᠲᠠᠢ ᠬᠠᠷᠢᠯᠴᠠᠨ᠎ᠠ᠃      ᠸᠠᠩ ᠮᠧᠩ    ᠬᠤᠰᠢᠭᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠰᠠᠳ      ᠬᠤᠰᠢᠭᠤ ᠳᠡᠳ᠋ ᠳᠠᠷᠤᠭ᠎ᠠ ᠺᠠᠩ ᠷᠦᠢ ᠶᠢᠨ ᠠᠵᠢᠯ ᠢ ᠬᠠᠪᠰᠤᠷᠤᠨ᠎ᠠ᠃                               ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                        2024 ᠣᠨ ᠤ 1 ᠰᠠᠷ᠎ᠠ ᠶᠢᠨ 12 ᠤᠨ ᠡᠳᠤᠷ          
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ