︽ᠲᠡᠮᠦᠷ ᠬᠡᠤᠬᠡᠨᠴᠤᠳ︾ ᠤᠨ ᠨᠣᠭᠤᠭᠠᠨ ᠮᠥᠷᠦᠭᠡᠳᠦᠯ
ᠨᠡᠶᠢᠲᠡᠯᠡᠭᠰᠡᠨ ᠴᠠᠭ᠄
2024/4/16
       ᠳᠡᠭᠡᠷ᠎ᠡ ᠵᠠᠭᠤᠨ ᠤ ᠵᠢᠷᠠ ᠲᠠᠯᠠᠭᠠᠳ ᠣᠨ ᠳᠤ ᠮᠠᠨ ᠤ ᠬᠤᠰᠢᠭᠤᠨ ᠤ ᠰᠦᠯᠲᠡ ᠰᠤᠮᠤ ᠶᠢᠨ ᠨᠢᠭᠡ ᠪᠦᠯᠦᠭ ᠬᠤᠰᠢᠭᠤᠴᠢ ᠬᠦᠮᠦᠰ ᠨᠣᠳᠤᠭ ᠤᠰᠤ  ᠪᠠᠨ ᠨᠢᠳᠤᠨ ᠴᠡᠴᠡᠭᠡᠢ ᠰᠢᠭ ᠢᠶᠠᠨ ᠬᠠᠶᠢᠷᠠᠯᠠᠵᠤ᠂ ᠤᠶᠢᠵᠢᠭᠤᠯᠤᠯᠲᠠ ᠶᠢᠨ ᠤᠶᠢᠯᠡᠰ ᠲᠤ ᠴᠤᠴᠠᠰᠢ ᠦᠭᠡᠢ ᠵᠢᠳᠭᠦᠭᠰᠡᠭᠡᠷ ᠢᠷᠡᠭᠰᠡᠨ ᠪᠠᠶᠢᠳᠠᠭ᠃ ᠡᠳᠦᠭᠡ ᠳᠡᠳᠡᠭᠡᠷ ᠤᠨ ᠣᠶᠢᠵᠢᠭᠤᠯᠵᠤ ᠲᠠᠷᠢᠭᠰᠠᠨ ᠮᠣᠳᠣᠳ ᠨᠢ ᠰᠦᠭᠯᠡᠶᠢᠨ ᠤᠷᠭᠤᠵᠤ᠂ ᠬᠦᠳᠡᠯᠮᠦᠷᠢᠴᠢ ᠵᠣᠷᠢᠭ ᠰᠠᠨᠠᠭ᠎ᠠ ᠨᠢ ᠦᠶ᠎ᠡ ᠶᠢᠨ ᠦᠶ᠎ᠡ ᠳᠤ ᠤᠯᠠᠮᠵᠢᠯᠠᠭᠳᠠᠵᠦ ᠪᠠᠶᠢᠨ᠎ᠠ᠃      ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠰᠦᠯᠲᠡ ᠰᠤᠮᠤᠨ ᠤ ᠲᠠᠯ᠎ᠠ ᠶᠢᠨ ᠣᠰᠣ ᠭᠠᠴᠠᠭᠠᠨ ᠤ ᠠᠷᠪᠠ ᠭᠠᠷᠦᠢ ︽ᠲᠡᠮᠦᠷ ᠬᠡᠤᠬᠡᠨᠴᠤᠳ︾ ᠮᠠᠯᠴᠢᠨ ᠳᠡᠯᠭᠡᠷᠮ᠎ᠡ ᠶᠢᠨ ᠳᠤ ᠴᠤᠭᠯᠠᠷᠠᠵᠤ ᠡᠯᠡᠰᠦ ᠮᠠᠩᠬ᠎ᠠ ᠪᠠᠨ ᠨᠣᠭᠤᠭᠠᠷᠠᠭᠤᠯᠬᠤ ᠣᠶᠢᠵᠢᠭᠤᠯᠤᠯᠲᠠ ᠶᠢᠨ ᠠᠵᠢᠯᠠᠯᠭ᠎ᠠ ᠥᠷᠨᠢᠭᠦᠯᠵᠦ᠂ ᠨᠡᠶᠢᠲᠡ 3000 ᠭᠠᠷᠦᠢ ᠲᠣᠷᠯᠤᠭ ᠪᠣᠯᠣᠨ ᠬᠠᠷᠭᠠᠨ᠎ᠠ ᠶᠢᠨ ᠰᠣᠶᠤᠭ᠎ᠠ ᠶᠢ ᠲᠠᠷᠢᠵᠦ ᠣᠷᠴᠢᠨ ᠠᠬᠤᠢ ᠪᠠᠨ ᠨᠣᠭᠤᠭᠠᠷᠠᠭᠤᠯᠬᠤ ᠶᠢᠨ ᠲᠠᠭᠠᠣ ᠵᠠᠯᠠᠭᠤ ᠨᠢᠭᠡᠨ ᠦᠶ᠎ᠡ ᠶᠢᠨ ᠬᠢᠨ  ᠳᠤ ︽ᠲᠡᠮᠦᠷ ᠬᠡᠤᠬᠡᠨᠴᠤᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠭᠰᠠᠨ ᠪᠠᠶᠢᠨ᠎ᠠ᠃      ᠰᠦᠯᠲᠡ ᠰᠤᠮᠤᠨ ᠤ ᠲᠠᠯ᠎ᠠ  ᠣᠰᠣ ᠭᠠᠴᠠᠭᠠᠨ ᠤ ︽ᠲᠡᠮᠦᠷ ᠬᠡᠤᠬᠡᠨᠴᠤᠳ︾ ᠤᠨ ᠲᠤᠭᠤᠶᠢᠯᠠᠩ ᠨᠢ 1971 ᠣᠨ ᠳᠤ ᠠᠩᠬ᠎ᠠ ᠪᠠᠶᠢᠭᠤᠯᠤᠭᠳᠠᠵᠤ ᠨᠡᠶᠢᠳᠡ 22 ᠬᠡᠰᠢᠭᠦᠨ ᠲᠠᠢ ᠪᠠᠶᠢᠵᠡᠢ᠂ ᠲᠤᠬᠠᠢ ᠶᠢᠨ ᠦᠶ᠎ᠡ ᠶᠢᠨ ᠶᠡᠭᠡ ᠪᠠᠷᠢᠭᠠᠲᠠ ᠶᠢᠨ ᠨᠡᠶᠢᠲᠡ ᠶᠢᠨ ᠬᠥᠳᠡᠯᠮᠦᠷᠢ ᠳᠤ ᠭᠠᠪᠰᠢᠭᠠᠶᠢᠯᠠᠨ ᠠᠵᠢᠯᠯᠠᠵᠤ᠂ ᠣᠯᠠᠨ ᠲᠥᠮᠡᠨ ᠤ ᠲᠠᠭᠤᠷᠢᠶᠠᠯ ᠪᠣᠯᠵᠤ ᠶᠠᠪᠤᠭᠰᠠᠨ ᠢᠷᠠᠭᠤ ᠠᠯᠳᠠᠷᠳᠤ ᠲᠡᠦᠬᠡ ᠲᠠᠢ ᠪᠠᠶᠢᠭ᠎ᠠ ᠶᠤᠮ᠃
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ