ᠦᠦᠰᠢᠨ ᠵᠠᠰᠠᠭ ᠳᠠᠷᠬᠠᠭᠠᠬᠤ〔2024〕6 ᠳ᠋ᠤᠭᠠᠷ ᠲᠣᠭᠠᠲᠤ | | | ᠭᠠᠯᠠᠭᠤᠲᠤ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ | ᠲᠦᠷᠭᠡᠳᠬᠡᠨ ᠠᠬᠢᠭᠤᠯᠵᠤ ᠬᠤᠲᠠ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠤ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠳᠠᠲᠠᠪᠦᠷᠢᠯᠠᠭᠳᠠᠬᠤ ᠭᠡᠷ ᠪᠠᠶᠢᠰᠢᠩ ᠤᠨ ᠡᠷᠬᠡᠲᠦ | ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ ᠶᠢᠨ ᠲᠦᠯᠦᠭᠡ᠂ ︽ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠪᠠ ᠨᠥᠬᠦᠪᠦᠷᠢ ᠥᠭᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 590 ᠳ᠋ᠤᠭᠡᠷ ᠲᠣᠭᠠᠲᠤ ᠵᠠᠷᠯᠢᠭ︶᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢ ᠥᠭᠬᠦ ᠳᠦᠷᠢᠮ︾ | ᠵᠡᠷᠭᠡ ᠳᠥᠷᠢᠮ ᠲᠣᠭᠲᠠᠭᠠᠯ ᠢ ᠦᠨᠳᠦᠰᠦᠯᠡᠵᠤ᠂ ᠰᠤᠳᠤᠯᠬᠤ ᠪᠠᠷ ᠳᠡᠮᠵᠢᠭᠠᠳ᠂ ᠬᠤᠰᠢᠭᠤ ᠠᠷᠠᠳ ᠤᠨ ᠵᠠᠰᠠᠭ ᠤᠨ ᠣᠷᠳᠣᠨ ᠦᠦᠰᠢᠨ ᠬᠤᠰᠢᠭᠤᠨ ᠤ | ᠭᠠᠯᠠᠭᠤᠲᠤ ᠪᠠᠯᠭᠠᠰᠤᠨ ᠤ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢᠨ 258 ᠢᠵᠢ ᠭᠡᠷ ᠪᠠᠶᠢᠰᠢᠩ ᠢ ᠲᠠᠲᠠᠪᠤᠷᠢᠯᠠᠬᠤ ᠪᠠᠷ ᠲᠣᠭᠲᠠᠪᠠ᠃ ᠭᠡᠷ | ᠪᠠᠶᠢᠰᠢᠩ ᠢ ᠬᠠᠤᠯᠢ ᠶᠣᠰᠣᠭᠠᠷ ᠲᠠᠲᠠᠪᠤᠷᠢᠯᠠᠭᠰᠠᠨ ᠪᠠᠶᠢᠪᠠᠯ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠮᠲᠤ ᠳᠤᠨᠢ ᠬᠤᠷᠢᠶᠠᠨ | ᠠᠪᠤᠨ᠎ᠠ᠃ | ᠨᠢᠭᠡ᠂ ᠲᠥᠷᠥᠯ ᠵᠦᠢᠯ ᠤᠨ ᠨᠡᠷᠡᠶᠢᠳᠦᠯ᠄ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢᠨ | 258 ᠢᠵᠢ ᠲᠥᠷᠥᠯ ᠵᠦᠢᠯ᠃ | ᠬᠤᠶᠠᠷ᠂ ᠲᠠᠲᠠᠪᠤᠷᠢᠯᠠᠬᠤ ᠬᠡᠪᠴᠢᠶ᠎ᠡ᠄ ᠬᠤᠶᠢᠰᠢ ᠪᠠᠨ ᠲᠠᠪᠴᠠᠭ ᠵᠠᠮ᠂ ᠵᠡᠭᠦᠨᠰᠢ ᠪᠠᠨ ᠰᠢᠨᠬᠤᠸᠠ ᠨᠣᠮ ᠤᠨ ᠳᠡᠯᠭᠡᠭᠦᠷ᠂ ᠪᠠᠷᠠᠭᠤᠨᠰᠢ ᠪᠠᠨ ᠦᠦᠰᠢᠨ | ᠵᠡᠭᠡᠯᠢ ︵ᠤᠤᠯ ᠤᠨ ᠵᠠᠰᠠᠭ ᠤᠨ ᠣᠷᠳᠣᠨ ᠤ ᠵᠡᠭᠦᠨ᠂ ᠡᠮᠦᠨ᠎ᠡ ᠬᠤᠶᠢᠨ᠎ᠠ ᠵᠠᠮ︶᠂ ᠡᠮᠦᠨᠡᠰᠢ ᠪᠠᠨ ᠢᠳᠡᠭᠡᠨ ᠤ ᠺᠤᠮᠫᠠᠨᠢ ᠶᠢᠨ ᠬᠤᠶᠢᠲᠤ ᠡᠭᠦᠳᠡ ᠬᠦᠷᠦᠨ᠎ᠡ᠃ | ᠭᠤᠷᠪᠠ᠂ ᠲᠠᠲᠠᠪᠤᠷᠢᠯᠠᠨ ᠬᠤᠷᠢᠶᠠᠬᠤ ᠰᠠᠯᠠᠭ᠎ᠠ ᠮᠥᠴᠢᠷ᠄ ᠦᠦᠰᠢᠨ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ᠃ | ᠳᠥᠷᠪᠡ᠂ ᠲᠠᠲᠠᠪᠤᠷᠢᠯᠠᠬᠤ ᠬᠤᠭᠤᠴᠠᠭ᠎ᠠ᠄ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢᠨ ᠣᠳᠣᠬᠢ ᠪᠠᠶᠢᠳᠠᠯ ᠢ ᠦᠨᠳᠦᠰᠦᠯᠡᠨ ᠭᠡᠰᠡᠭ | ᠬᠤᠪᠢᠶᠠᠨ ᠲᠠᠲᠠᠪᠤᠷᠢᠯᠠᠨ᠎ᠠ᠂ ᠲᠠᠲᠠᠪᠤᠷᠢᠯᠠᠬᠤ ᠬᠤᠭᠤᠴᠠᠭ᠎ᠠ ᠨᠢ 2024 ᠣᠨ ᠤ 3 ᠰᠠᠷ᠎ᠠ ᠶᠢᠨ 1 ᠤ ᠡᠳᠦᠷ ᠠᠴᠠ 2025 ᠣᠨ ᠤ 3 ᠰᠠᠷ᠎ᠠ ᠶᠢᠨ 1 ᠤ | ᠡᠳᠦᠷ ᠪᠣᠯᠲᠠᠯ᠎ᠠ᠃ | ᠲᠠᠪᠤ᠂ ᠲᠠᠲᠠᠪᠤᠷᠢᠯᠠᠨ ᠲᠥᠪᠬᠢᠨᠡᠭᠦᠯᠬᠦ ᠪᠠᠷᠢᠮᠵᠢᠶ᠎ᠠ᠄ ︽ᠭᠠᠯᠠᠭᠤᠲᠤ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠪᠣᠷᠣ ᠭᠡᠷᠲᠤ | ᠲᠣᠭᠤᠷᠢᠭ ᠤᠨ ᠥᠭᠡᠷᠡᠴᠢᠯᠡᠯᠲᠠ ᠶᠢᠨ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠦᠰᠢᠨ ᠵᠠᠰᠠᠭ ᠲᠠᠷᠬᠠᠭᠠᠬᠤ ﹇2016﹈ 32 ᠳ᠋ᠤᠭᠠᠷ ᠲᠣᠭᠠᠲᠤ︶ ᠵᠢᠴᠢ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠲᠣᠪᠴᠢ ︵ᠬᠤᠷᠠᠯ ᠤᠨ | ᠲᠣᠪᠴᠢ ﹇2023﹈ 30 ᠳ᠋ᠤᠭᠠᠷ ᠲᠣᠭᠠᠲᠤ︶ ᠶᠢᠨ ᠬᠤᠷᠢᠳᠤᠭᠠᠷ ᠵᠣᠷᠪᠣᠰ ︽ᠭᠠᠯᠠᠭᠤᠲᠤ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ | ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠡ ᠶᠢᠨ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ︾ ᠤᠨ ᠵᠠᠰᠠᠪᠤᠷᠢ | ᠣᠷᠣᠭᠤᠯᠤᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠦᠨᠳᠦᠰᠦᠯᠡᠨ ᠬᠡᠷᠡᠭᠵᠢᠭᠦᠯᠵᠦ᠂ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠦᠨ᠎ᠡ ᠶᠢ ᠬᠠᠮᠤᠭ | ᠰᠡᠭᠦᠯ ᠳᠤ ᠵᠣᠬᠢᠬᠤ ᠬᠢᠷᠢ ᠬᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠲᠣᠭᠲᠠᠭᠠᠨ᠎ᠠ᠃ | ᠵᠢᠷᠭᠤᠭ᠎ᠠ᠂ ᠲᠠᠲᠠᠪᠤᠷᠢᠯᠠᠬᠤ ᠶᠢ ᠬᠡᠷᠡᠭᠵᠢᠭᠦᠯᠬᠦ ᠬᠤᠭᠤᠴᠠᠭᠠᠨ ᠳᠤ ᠭᠡᠷ ᠪᠠᠶᠢᠰᠢᠩ ᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠭᠡᠷ ᠪᠠᠶᠢᠰᠢᠩ ᠢ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠵᠠᠰᠠᠵᠤ ᠴᠢᠮᠡᠭᠯᠡᠬᠦ ᠪᠠ ᠭᠡᠷ ᠪᠠᠶᠢᠰᠢᠩ ᠤᠨ ᠬᠡᠷᠡᠭᠴᠡᠭᠡ ᠶᠢ | ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠂ ᠡᠰᠡ ᠲᠡᠭᠡᠪᠡᠯ ᠨᠦᠬᠦᠪᠦᠷᠢ ᠥᠭᠬᠦ ᠦᠭᠡᠢ᠃ | ᠲᠤᠯᠤᠭ᠎ᠠ᠂ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠡᠵᠡᠨ ᠨᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠲᠠᠭᠠᠵᠤ | ᠲᠠᠲᠠᠪᠤᠷᠢᠯᠠᠬᠤ ᠶᠢ ᠬᠡᠷᠡᠭᠵᠢᠭᠦᠯᠬᠦ ᠬᠤᠭᠤᠴᠠᠭᠠᠨ ᠳᠣᠲᠣᠷ᠎ᠠ ᠲᠠᠲᠠᠪᠤᠷᠢᠯᠠᠬᠤ ᠶᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠲᠠᠲᠠᠪᠤᠷᠢᠯᠠᠬᠤ ᠨᠥᠬᠦᠪᠦᠷᠢ ᠥᠭᠬᠦ | ᠵᠥᠪᠯᠡᠯᠴᠡᠭᠡᠷ ᠲᠣᠭᠲᠠᠵᠤ᠂ ᠭᠡᠷ ᠪᠠᠶᠢᠰᠢᠩ ᠢᠶᠠᠨ ᠬᠤᠭᠤᠰᠤᠯᠠᠵᠤ ᠨᠡᠭᠦᠨ᠎ᠡ᠃ | ᠨᠠᠢᠮᠠ᠂ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠡᠵᠡᠨ ᠨᠢ ᠲᠤᠰ ᠮᠡᠳᠡᠭᠳᠡᠯ ᠢ ᠵᠥᠪᠰᠢᠶᠡᠷᠡᠬᠦ ᠦᠭᠡᠢ ᠪᠣᠯ ᠲᠤᠰ ᠲᠣᠭᠲᠠᠭᠠᠯ ᠤᠨ ᠠᠯᠪᠠᠨ ᠵᠠᠷ ᠢ | ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ | ᠵᠥᠪᠯᠡᠬᠦ ᠶᠢ ᠭᠤᠶᠤᠴᠢᠯᠠᠵᠤ ᠪᠣᠯᠣᠨ᠎ᠠ᠂ 3 ᠰᠠᠷ᠎ᠠ ᠶᠢᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠣᠨ᠎ᠠ᠃ | ᠶᠢᠰᠦ᠂ ᠲᠤᠰ ᠲᠣᠭᠲᠠᠭᠠᠯ ᠢ 2024 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠣᠨᠴᠠᠭᠠᠶᠢᠯᠠᠨ ᠲᠣᠭᠲᠠᠭᠠᠪᠠ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 5 ᠤ ᠡᠳᠦᠷ | | |