ᠤᠯᠠᠭᠠᠨᠲᠤᠯᠤᠭᠠᠢ ᠪᠠᠯᠭᠠᠰᠣᠨ ᠤ ᠪᠠᠶᠠᠬᠤᠪᠤᠭ᠎ᠠ ᠭᠠᠴᠠᠭᠠᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠶᠢᠨ ᠬᠢᠨ ᠣᠶᠢᠷ᠎ᠠ ᠶᠢᠨ ᠡᠳᠦᠷ᠂ | ᠭᠠᠴᠠᠭᠠᠨ ᠤ ᠪᠠᠨ ᠮᠠᠯᠴᠢᠨ ᠲᠠᠷᠢᠶᠠᠴᠢᠳ ᠤᠨ ᠬᠢᠨ ᠳᠤ ᠬᠦᠷᠴᠦ ᠦᠨ᠎ᠡ ᠲᠥᠯᠥᠪᠦᠷᠢ ᠦᠭᠡᠢ ᠪᠠᠷ ᠲᠠᠷᠢᠶᠠᠨ ᠭᠠᠵᠠᠷ ᠢ ᠨᠢ ᠬᠠᠭᠠᠯᠪᠤᠷᠢᠯᠠᠵᠤ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠨᠢ ᠳᠡᠮᠵᠢᠯᠭᠡ ᠦᠵᠡᠭᠦᠯᠵᠤ ᠪᠠᠶᠢᠨ᠎ᠠ᠃ | ᠤᠯᠠᠭᠠᠨᠲᠤᠯᠤᠭᠠᠢ ᠪᠠᠯᠭᠠᠰᠣᠨ ᠤ ᠪᠠᠶᠠᠬᠤᠪᠤᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ᠪᠤᠯᠤᠳ᠄ ︽ᠮᠠᠨ ᠤ ᠪᠠᠶᠠᠬᠤᠪᠤᠭ᠎ᠠ ᠭᠠᠴᠠᠭᠠᠨ ᠤ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠨᠢ 18 ᠣᠨ ᠳᠤ ᠵᠢᠩᠬᠢᠨᠢ ᠪᠠᠷ ᠠᠰᠢᠭᠯᠠᠯᠲᠠ ᠳᠤ ᠤᠷᠤᠵᠤ᠂ ᠵᠢᠯ ᠤᠨ ᠡᠵᠡᠩᠨᠡᠯᠲᠡ ᠶᠢᠨ ᠤᠷᠤᠯᠭ᠎ᠠ | ᠤᠳᠤᠬᠠᠨ ᠳᠤ ᠨᠠᠶᠠᠨ ᠲᠦᠮᠡ ᠬᠦᠷᠴᠦ᠂ ᠴᠡᠪᠡᠷ ᠤᠷᠤᠯᠭ᠎ᠠ 15 ᠲᠦᠮᠡ ᠬᠦᠷᠴᠤ ᠪᠠᠶᠢᠨ᠎ᠠ᠃ ᠪᠢᠳᠠᠨ ᠤ ᠠᠵᠢᠯᠯᠠᠬᠤ ᠬᠡᠯᠪᠡᠷᠢ ᠭᠡᠪᠡᠯ ᠨᠤᠲᠤᠭ ᠲᠤ ᠪᠠᠨ | ᠦᠢᠯᠡᠴᠢᠯᠡᠭᠡᠨ ᠤ ᠠᠵᠢᠯ ᠬᠢᠬᠦ ᠶᠢᠨ ᠬᠠᠮᠲᠤ ᠱᠠᠨᠰᠢ ᠮᠤᠵᠢ ᠵᠡᠷᠭᠡ ᠭᠠᠳᠠᠨ᠎ᠠ ᠤᠷᠤᠨ ᠳᠤ ᠤᠴᠢᠵᠤ ᠦᠢᠯᠡᠴᠢᠯᠡᠳᠡᠭ᠃ ᠨᠤᠲᠤᠭ ᠲᠤ ᠪᠠᠨ ᠪᠣᠯ ᠶᠠᠳᠠᠭᠤ | ᠬᠦᠴᠢᠷᠳᠡᠯᠲᠡᠢ ᠠᠶᠢᠯ ᠳᠤ ᠬᠠᠭᠠᠰ ᠦᠨ᠎ᠡ ᠪᠠᠷ ᠬᠢᠬᠦ ᠪᠤᠶᠤ ᠥᠨ᠎ᠡ ᠲᠥᠯᠦᠪᠦᠷᠢ ᠦᠭᠡᠢ ᠪᠠᠷ ᠬᠢᠵᠦ᠂ ᠡᠩ ᠤᠨ ᠠᠶᠢᠯ ᠳᠤ ᠨᠡᠶᠢᠬᠡᠮ ᠤᠨ ᠦᠨ᠎ᠡ ᠠᠴᠠ | ᠳᠤᠤᠷ᠎ᠠ ᠪᠠᠷ ᠬᠢᠳᠡᠭ᠃ ᠡᠨᠡ ᠵᠤᠭᠤᠰ ᠢᠶᠠᠨ ᠬᠠᠮᠲᠤ ᠶᠢᠨ ᠠᠵᠤ ᠠᠬᠤᠢ ᠳᠤ ᠤᠷᠤᠭᠤᠯᠤᠭᠰᠠᠨ ᠤ ᠳᠠᠷᠠᠭ᠎ᠠ ᠶᠡᠭᠡ ᠰᠤᠷᠭᠠᠭᠤᠯᠢ ᠳᠤ ᠰᠢᠯᠭᠠᠭᠳᠠᠭᠰᠠᠨ | ᠰᠤᠷᠤᠭᠴᠢ᠂ ᠬᠦᠴᠢᠷᠳᠡᠯᠲᠡᠢ ᠠᠶᠢᠯ ᠡᠷᠦᠬᠡ ᠶᠢ ᠳᠡᠮᠵᠢᠳᠡᠭ︾ ᠬᠡᠵᠤ ᠪᠠᠶᠢᠯ᠎ᠠ᠃ | ᠤᠶᠢᠯᠠᠭᠠᠭᠰᠠᠨ ᠢᠶᠠᠷ᠂ ᠪᠠᠶᠠᠬᠤᠪᠤᠭ᠎ᠠ ᠭᠠᠴᠠᠭᠠᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠨᠢ 2015 ᠤᠨ ᠳᠤ ᠪᠠᠶᠢᠭᠤᠯᠤᠭᠳᠠᠵᠤ᠂ | 12 ᠮᠠᠯᠴᠢᠨ ᠲᠠᠷᠢᠶᠠᠴᠢᠨ ᠢᠶᠠᠷ ᠪᠦᠷᠢᠯᠳᠦᠵᠣ᠂ ᠨᠡᠶᠢᠲᠡ 300 ᠭᠠᠷᠤᠢ ᠲᠦᠮᠡᠨ ᠵᠤᠭᠤᠰ ᠤᠨ ᠪᠡᠯᠡ ᠣᠷᠣᠭᠤᠯᠣᠯᠳᠠ ᠪᠠᠷ ᠲᠠᠮᠵᠢᠨ ᠣᠳᠣᠬᠠᠨ ᠳᠤ ᠭᠠᠵᠠᠷ | ᠡᠷᠭᠢᠭᠦᠯᠳᠡᠭ ᠮᠠᠰᠢᠨ᠂ ᠬᠠᠳᠤᠵᠤ ᠬᠤᠷᠢᠶᠠᠳᠠᠭ ᠮᠠᠰᠢᠨ ᠵᠡᠷᠭᠡ ᠠᠷᠪᠠᠨ ᠲᠠᠪᠤ ᠵᠢᠷᠭᠤᠭᠠᠨ ᠵᠦᠢᠯ ᠤᠨ ᠲᠠᠷᠢᠶᠠᠯᠠᠩ ᠤᠨ ᠮᠠᠰᠢᠨ ᠲᠣᠨᠣᠭᠯᠠᠯ ᠢ ᠢᠵᠢ | ᠪᠦᠷᠢᠳᠦᠬᠦᠯᠵᠤ᠂ ᠦᠢᠯᠡᠴᠢᠯᠡᠭᠡᠨ ᠤ ᠠᠩᠭᠢ ᠨᠢ ᠨᠠᠮ ᠵᠠᠰᠠᠭ ᠤᠨ ᠬᠥᠲᠥᠯᠥᠨ ᠳᠠᠭᠠᠭᠤᠯᠭ᠎ᠠ ᠪᠠᠷ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠳᠠᠮᠵᠢ ᠶᠢ ᠬᠥᠭᠵᠢᠭᠡᠨ ᠲᠠᠷᠢᠶᠠᠯᠠᠩ ᠤᠨ ᠮᠠᠰᠢᠨ ᠤ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠪᠠᠨ ᠡᠷᠭᠦᠵᠤ ᠪᠠᠶᠢᠨ᠎ᠠ᠃ | | | | ᠰᠤᠷᠪᠤᠯᠵᠢᠯᠠᠭᠴᠢ᠄ ᠲᠠᠨ᠎ᠠ᠂ ᠷᠢᠸᠠᠳᠢ |