ᠦᠦᠰᠢᠨ ᠬᠤᠰᠢᠭᠤᠨ ᠤ 2024 ᠣᠨ ᠤ 1 ︱ 2 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2024/4/3
      1 ︱ 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄      ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ       1︱2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 438.2% ᠢᠶᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ ᠨᠢᠭᠡᠳᠦᠭᠡᠷ ᠲᠤ ᠣᠷᠣᠵᠤ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ  ᠢᠶᠠᠷ 434 ᠬᠤᠪᠢ ᠥᠨᠳᠥᠷ᠂ ᠪᠦᠭᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 406.4 ᠬᠤᠪᠢ ᠥᠨᠳᠥᠷ᠂ ᠪᠦᠭᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 395.9 ᠬᠤᠪᠢ ᠥᠨᠳᠥᠷ ᠪᠣᠯᠵᠠᠢ᠃       ᠠᠵᠤ ᠦᠢᠯᠡᠰ ᠢᠶᠠᠷ ᠨᠢ ᠬᠤᠪᠢᠶᠠᠵᠤ ᠦᠵᠡᠪᠡᠯ᠄ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 453.5% ᠪᠠᠷ ᠨᠡᠮᠡᠭᠳᠡᠪᠡ︔ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 419.4 ᠬᠤᠪᠢ ᠨᠡᠮᠡᠭᠳᠡᠭᠦᠯᠵᠦ᠂ ᠪᠥᠬᠦ ᠪᠡᠯᠡ ᠣᠷᠣᠭᠤᠯᠤᠯᠲᠠ ᠶᠢᠨ 95.1% ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 250.3% ᠪᠠᠷ ᠨᠡᠮᠡᠭᠳᠡᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 18.9 ᠬᠤᠪᠢ ᠨᠡᠮᠡᠭᠳᠡᠭᠦᠯᠵᠦ᠂ ᠪᠥᠬᠦ ᠪᠡᠯᠡ ᠣᠷᠣᠭᠤᠯᠤᠯᠲᠠ ᠶᠢᠨ 4.9% ᠶᠢ ᠡᠵᠡᠯᠡᠪᠡ᠃ ᠬᠦᠷᠢᠶ᠎ᠡ ᠬᠡᠪᠴᠢᠶ᠎ᠡ ᠪᠠᠷ ᠨᠢ ᠬᠤᠪᠢᠶᠠᠵᠤ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 849.4% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 631680.6% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 60.1% ᠪᠠᠷ ᠪᠠᠭᠤᠷᠠᠪᠠ᠃ ᠪᠤᠰᠤᠳ ᠭᠦᠢᠴᠡᠳᠬᠡᠯ ᠲᠤᠭ᠎ᠠ ᠪᠠᠷ ᠨᠢ ᠬᠤᠪᠢᠶᠠᠵᠤ ᠦᠵᠡᠪᠡᠯ᠄ ᠠᠷᠠᠳ ᠤᠨ ᠪᠡᠯᠡ ᠣᠷᠣᠭᠤᠯᠤᠯᠲᠠ 415.9% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 453.5% ᠪᠠᠷ ᠨᠡᠮᠡᠭᠳᠡᠪᠡ᠃       2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 102 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 41᠂ 500 ᠲᠦᠮᠡ ︱ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 27᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 34 ᠪᠣᠶ᠃ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 8 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 300% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ  ᠬᠢ ᠠᠴᠠ 479.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 99.47% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 2 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ 100% ᠪᠠᠷ ᠨᠡᠮᠡᠭᠳᠡᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 453% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 94.86% ᠶᠢ ᠡᠵᠡᠯᠡᠪᠡ᠃ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 30 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 12 ᠲᠥᠷᠥᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃       1 — 2  ᠳ᠋ᠤᠭᠠᠷ ᠰᠠᠷ᠎ᠠ ᠳᠤ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 7030ᠲᠡᠭᠰᠢ ᠳᠥᠷᠪᠡᠯᠵᠢᠨ ᠮᠧᠲᠷ ᠲᠤ ᠬᠦᠷᠴᠦ᠂ 39.3% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 2577 ᠲᠦᠮᠡᠨ ᠲᠥᠭᠦᠷᠢᠭ ᠲᠤ ᠬᠦᠷᠴᠦ᠂ 32.5% ᠪᠠᠷ ᠨᠡᠮᠡᠭᠳᠡᠪᠡ᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ       1 — 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠢᠶᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ ᠲᠠᠪᠤᠳᠤᠭᠠᠷ ᠲᠤ ᠣᠷᠣᠵᠤ᠂ ᠪᠦᠭᠦ ᠤᠯᠤᠰ ᠤᠨ  ᠬᠢ ᠠᠴᠠ ᠵᠠᠭᠤᠨ ᠤ ᠬᠠᠷᠢᠴᠠᠯ ᠢᠶᠠᠷ 1.2 ᠬᠤᠪᠢ ᠲᠤᠤᠷ᠎ᠠ᠂ ᠪᠦᠭᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 1.2 ᠬᠤᠪᠢ ᠲᠤᠤᠷ᠎ᠠ᠂ ᠪᠦᠭᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.4 ᠬᠤᠪᠢ ᠥᠨᠳᠥᠷ ᠪᠣᠯᠵᠠᠢ᠃      ᠬᠦᠨᠳᠦ ᠬᠥᠩᠭᠡᠨ ᠠᠵᠤ ᠦᠢᠯᠡᠳᠪᠦᠷᠢ ᠠᠴᠠ ᠦᠵᠡᠪᠡᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ  ᠬᠢ ᠠᠴᠠ 17.56% ᠪᠠᠷ ᠪᠠᠭᠤᠷᠠᠵᠤ᠂ ᠬᠥᠩᠭᠡᠨ ᠠᠵᠤ ᠦᠢᠯᠡᠳᠪᠦᠷᠢ ᠶᠢᠨ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ  ᠬᠢ ᠠᠴᠠ 18.15% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 1.88%  ᠢᠶᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 3.51% ᠪᠠᠷ ᠪᠠᠭᠤᠷᠠᠪᠠ᠃ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠄ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1.66% ᠪᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 9.74% ᠪᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 49.14% ᠪᠠᠷ ᠪᠠᠭᠤᠷᠠᠪᠠ︔ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.40% ᠢᠶᠠᠷ ᠨᠡᠮᠡᠭᠳᠡᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.67% ᠪᠠᠷ ᠪᠠᠭᠤᠷᠠᠪᠠ︔ ᠤᠯᠤᠰ ᠤᠨ ᠥᠮᠴᠢᠯᠡᠯᠲᠦ ᠪᠤᠰᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 29.13% ᠪᠠᠷ  ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 36.39% ᠪᠠᠷ ᠪᠠᠭᠤᠷᠠᠪᠠ︔ ᠲᠣᠮᠣ ᠳᠤᠮᠳᠠ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 0.35% ᠪᠠᠷ ᠨᠡᠮᠡᠭᠳᠡᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.15% ᠪᠠᠷ ᠪᠠᠭᠤᠷᠠᠪᠠ᠃ ᠠᠵᠢᠯ ᠲᠥᠷᠥᠯ ᠤᠨ ᠲᠥᠷᠥᠯ ᠢᠯᠭᠠᠯ ᠠᠴᠠ ᠦᠵᠡᠪᠡᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ︔ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.6% ᠪᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.6% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 11.7% ᠪᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.5% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 80.4% ᠪᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 80.4% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 2.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 41.2% ᠢᠶᠠᠷ ᠪᠠᠭᠤᠷᠠᠵᠤ᠂ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 26.8% ᠢᠶᠠᠷ ᠪᠠᠭᠤᠷᠠᠪᠠ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠄ 772.15 ᠲᠦᠮᠡᠨ ᠲᠣᠨ ᠲᠦᠬᠦᠬᠡᠢ ᠨᠡᠭᠦᠷᠡᠰᠦ ᠢ ᠨᠡᠭᠡᠭᠡᠨ ᠮᠠᠯᠲᠠᠵᠤ᠂ ᠠᠳᠠᠯᠢ ᠬᠤᠭᠤᠴᠠᠭᠠᠨ ᠤ ᠬᠢ ᠠᠴᠠ 21.62% ᠢᠶᠠᠷ ᠨᠡᠮᠡᠭᠳᠡᠪᠡ︔ 102.14 ᠲᠦᠮᠡᠨ ᠲᠣᠨ ᠨᠠᠷᠢᠯᠢᠭ ᠮᠧᠲ᠋ᠢᠯ ᠠᠯᠺᠤᠤᠯ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 5.85% ᠪᠠᠷ ᠪᠠᠭᠤᠷᠠᠪᠠ︔ 11.32 ᠲᠦᠮᠡᠨ ᠲᠣᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 14.61% ᠪᠠᠷ ᠪᠠᠭᠤᠷᠠᠪᠠ︔ 47.18 ᠲᠦᠮᠡᠨ ᠲᠣᠨ ᠰᠢᠭᠡᠰᠦᠯᠢᠭ ᠡᠳ᠋ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 7.01% ᠪᠠᠷ ᠪᠠᠭᠤᠷᠠᠪᠠ︔ 17.76 ᠲᠦᠮᠡᠨ ᠲᠣᠨ ᠪᠥᠭᠡᠭᠡᠨᠡᠷᠡᠯ ᠡᠲ᠋ᠧᠨ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 4.30% ᠢᠶᠠᠷ ᠨᠡᠮᠡᠭᠳᠡᠪᠡ︔ 18.43 ᠲᠦᠮᠡᠨ ᠲᠣᠨ ᠪᠥᠭᠡᠭᠡᠨᠡᠷᠡᠯ ᠫᠷᠦᠫᠧᠨ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 2.87% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 5.00 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.92% ᠨᠡᠮᠡᠭᠳᠡᠪᠡ︔ ᠡᠨᠧᠷᠭᠢ ᠶᠢᠨ ᠬᠤᠷᠣᠭᠳᠠᠯ ᠨᠡᠶᠢᠲᠡ 227.95 ᠲᠦᠮᠡᠨ ᠲᠣᠨ ᠪᠠᠷᠢᠮᠵᠢᠶᠠᠲᠤ ᠨᠡᠭᠦᠷᠡᠰᠦ  ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 2.75% ᠪᠠᠷ ᠪᠠᠭᠤᠷᠠᠪᠠ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ       1︱2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠶᠢ 5.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠦᠷᠪᠡᠳᠦᠬᠡᠷ ᠲᠤ ᠵᠢᠭᠰᠠᠭᠠᠭᠳᠠᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.0 ᠬᠤᠪᠢ  ᠲᠤᠤᠷ᠎ᠠ᠂ ᠪᠥᠬᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.0 ᠬᠤᠪᠢ ᠳᠣᠣᠷ᠎ᠠ ᠪᠤᠯᠵᠠᠢ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠄ ᠬᠤᠲᠠ ᠪᠠᠯᠭᠠᠰᠤᠨ ᠤ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ︔ ᠬᠥᠳᠡᠭᠡ ᠲᠣᠰᠬᠤᠨ ᠤ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 98.2% ᠢᠶᠠᠷ ᠪᠠᠭᠤᠷᠠᠪᠠ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠪᠡ︔ ᠬᠢᠵᠠᠭᠠᠷᠯᠠᠭᠰᠠᠨ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ  ᠬᠢ ᠠᠴᠠ 21.3% ᠪᠠᠷ ᠨᠡᠮᠡᠭᠳᠡᠪᠡ᠃                         ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠄ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ 30.5% ᠪᠠᠷ ᠨᠡᠮᠡᠭᠳᠡᠵᠦ᠂ 33.54% ᠶᠢ ᠡᠵᠡᠯᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ 19.7% ᠪᠠᠷ ᠨᠡᠮᠡᠭᠳᠡᠵᠦ᠂ 11.16% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ 0.5% ᠪᠠᠷ ᠪᠠᠭᠤᠷᠠᠵᠤ᠂ 4.64% ᠶᠢ ᠡᠵᠡᠯᠡᠪᠡ︔  ᠭᠡᠷ ᠤᠨ ᠡᠳ᠋ᠯᠡᠯ ᠬᠡᠷᠡᠭᠰᠡᠯ ᠤᠨ ᠲᠦᠷᠦᠯ 23.8% ᠪᠠᠷ ᠨᠡᠮᠡᠭᠳᠡᠵᠦ᠂ 1.73% ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 18.4% ᠪᠠᠷ ᠨᠡᠮᠡᠭᠳᠡᠵᠦ᠂ 8.86% ᠶᠢ ᠡᠵᠡᠯᠡᠪᠡ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 8.1% ᠪᠠᠷ ᠪᠠᠭᠤᠷᠠᠵᠤ᠂ 1.92% ᠢ ᠡᠵᠡᠯᠡᠪᠡ︔ ᠮᠠᠰᠢᠨ ᠲᠡᠷᠭᠡᠨ ᠤ ᠲᠥᠷᠥᠯ 0.4% ᠪᠠᠷ ᠪᠠᠭᠤᠷᠠᠵᠤ᠂ 36.43% ᠶᠢ ᠡᠵᠡᠯᠡᠪᠡ︔ ᠪᠤᠰᠤᠳ ᠲᠦᠷᠦᠯ ᠤᠨ ᠬᠢᠨ 41.8% ᠢᠶᠠᠷ ᠪᠠᠭᠤᠷᠠᠵᠤ 1.72% ᠢ ᠡᠵᠡᠯᠡᠪᠡ᠃                   ᠲᠦᠷᠪᠡ᠂ ᠡᠳ᠋ ᠤᠨ ᠵᠠᠰᠠᠭ ‍ᠤᠨ‌ᠣᠷᠣᠯᠭ᠎ᠠ ᠵᠠᠷᠤᠯᠭ᠎ᠠ        1︱2 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠨᠡᠶᠢᠲᠡ 73102 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33330 ᠲᠦᠮᠡᠨ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 31.3% ᠪᠠᠷ ᠪᠠᠭᠤᠷᠠᠪᠠ᠃ ᠡᠭᠦᠨ ᠳᠤ᠄ ᠭᠠᠶᠢᠯᠢ ᠶᠢᠨ ᠶᠠᠪᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 41.8% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ᠃ ᠭᠤᠣᠯ ᠪᠣᠯᠬᠤ ᠭᠠᠶᠢᠯᠢ ᠲᠠᠲᠠᠪᠤᠷᠢ ᠶᠢᠨ ᠳᠣᠲᠣᠷ᠎ᠠ᠂ ᠥᠷᠲᠡᠭ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 11.4% ᠪᠠᠷ ᠪᠠᠭᠤᠷᠠᠪᠠ︔ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ 57.2% ᠢᠶᠠᠷ ᠪᠠᠭᠤᠷᠠᠪᠠ︔ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ︔ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 939.5%  ᠪᠠᠷ ᠨᠡᠮᠡᠭᠳᠡᠪᠡ᠃      1︱2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 67419 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25405 ᠲᠦᠮᠡᠨ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 27.4%  ᠪᠠᠷ ᠪᠠᠭᠤᠷᠠᠪᠠ᠃   
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ