ᠬᠤᠰᠢᠭᠤ ᠲᠤᠷᠰᠢᠯᠲᠠ ᠶᠢᠨ ᠪᠠᠭ᠎ᠠ ᠰᠤᠷᠭᠠᠭᠤᠯᠢ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠶᠢ ᠥᠷᠨᠢᠭᠦᠯᠦᠯ᠎ᠡ
ᠨᠡᠶᠢᠲᠡᠯᠡᠭᠰᠡᠨ ᠴᠠᠭ᠄
2024/4/9
      ᠬᠠᠩᠰᠢ ᠶᠢᠨ ᠡᠳᠦᠷ ᠬᠦᠷᠴᠣ ᠢᠷᠡᠬᠦ ᠲᠠᠰᠢᠷᠠᠮ ᠢᠶᠠᠷ᠂ ᠬᠤᠰᠢᠭᠤ ᠲᠣᠷᠰᠢᠯᠳᠠ ᠶᠢᠨ ᠪᠠᠭ᠎ᠠ ᠰᠣᠷᠭᠠᠭᠤᠯᠢ ᠶᠢᠨ ᠬᠢᠨ ᠰᠣᠷᠣᠭᠴᠢᠳ ᠢᠶᠠᠨ ᠵᠣᠬᠢᠶᠠᠨ ᠪᠠᠶᠢᠭᠤᠯᠵᠣ ᠭᠠᠯᠠᠭᠤᠲᠣ ᠪᠠᠯᠭᠠᠰᠣᠨ ᠳᠤ ᠪᠠᠶᠢᠭ᠎ᠠ ᠥᠷᠡᠭᠳᠡᠭᠰᠠᠨ ᠪᠠᠭᠠᠲᠣᠷᠴᠣᠳ ᠤᠨ ᠳᠣᠷᠠᠰᠬᠠᠯ ᠤᠨ ᠰᠣᠪᠣᠷᠭᠠᠨ ᠳᠤ ᠣᠴᠢᠵᠣ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠥᠷᠨᠢᠭᠦᠯᠦᠯ᠎ᠡ᠃                                                     ᠲᠤᠰ ᠤᠳᠠᠭᠠᠨ ᠤ ᠠᠵᠢᠯᠯᠠᠭ᠎ᠠ ᠪᠠᠷ ᠬᠤᠰᠢᠭᠤ ᠲᠣᠷᠰᠢᠯᠲᠠ ᠶᠢᠨ ᠪᠠᠭ᠎ᠠ ᠰᠣᠷᠭᠠᠭᠤᠯᠢ ᠶᠢᠨ 60 ᠰᠣᠷᠣᠭᠴᠢ 4 ᠪᠠᠭᠰᠢ ᠠᠵᠢᠯᠲᠠᠨ ᠠᠴᠠ ᠬᠤᠪᠢᠰᠬᠠᠯᠳᠤ ᠦᠷᠡᠭᠳᠡᠭᠰᠡᠨ ᠪᠠᠭᠠᠲᠣᠷᠴᠣᠳ ᠲᠤ ᠴᠡᠴᠡᠭ ᠬᠤᠸᠠᠷ ᠬᠦᠷᠭᠡᠨ ᠲᠠᠳᠠᠨ ᠤ ᠪᠠᠯᠠᠷᠠᠰᠢ ᠥᠭᠡᠢ ᠭᠠᠪᠢᠶ᠎ᠠ ᠵᠢᠳᠭᠦᠯ ᠢ ᠲᠤᠷᠠᠰᠤᠨ ᠰᠠᠨᠠᠭᠠᠯᠵᠠᠵᠤ ᠡᠷᠭᠢᠮ ᠲᠡᠭᠡᠳᠤ ᠬᠦᠨᠳᠣᠳᠬᠡᠯ ᠳᠡᠪᠰᠢᠭᠦᠯᠦᠯ᠎ᠡ᠃ ᠡᠭᠦᠨ ᠤ ᠬᠠᠮᠳᠤ ᠰᠣᠷᠭᠠᠭᠤᠯᠢ ᠶᠢᠨ ᠬᠦᠷᠢᠶᠠᠨ ᠤ ᠰᠣᠷᠣᠭᠴᠢᠳ ᠤᠨ ᠷᠠᠳᠢᠣ᠋ ᠨᠡᠪᠲᠡᠷᠡᠬᠦᠯᠬᠡ ᠪᠠᠷ ᠦᠷᠡᠭᠳᠡᠭᠰᠡᠨ ᠪᠠᠭᠠᠲᠣᠷᠴᠣᠳ ᠤᠨ ᠠᠴᠢ ᠭᠠᠪᠢᠶ᠎ᠠ ᠶᠢ ᠲᠣᠷᠠᠰᠣᠨ ᠰᠣᠷᠣᠯᠴᠠᠬᠤ ᠲᠣᠰᠬᠠᠢ ᠨᠡᠪᠳᠡᠷᠡᠭᠦᠯᠭᠡ ᠬᠢᠭᠰᠡᠨ ᠪᠠᠶᠢᠨ᠎ᠠ᠃       ᠲᠤᠰ ᠠᠵᠢᠯᠯᠠᠭ᠎ᠠ ᠪᠠᠷ ᠲᠠᠮᠵᠢᠨ ᠬᠡᠦᠬᠡᠳ ᠪᠠᠭᠠᠴᠣᠳ ᠥᠷᠡᠭᠳᠡᠭᠰᠠᠨ ᠪᠠᠭᠠᠲᠣᠷᠴᠣᠳ ᠤᠨ ᠠᠴᠢ ᠭᠠᠪᠢᠶ᠎ᠠ ᠶᠢ ᠨᠡᠩ ᠭᠥᠨᠵᠡᠭᠡᠢ ᠤᠶᠢᠯᠠᠭᠠᠨ ᠡᠷᠬᠢᠮ ᠳᠡᠭᠡᠳᠦ ᠥᠵᠠᠯ ᠰᠠᠨᠠᠭ᠎ᠠ ᠠᠴᠠ ᠨᠢ ᠲᠠᠭᠠᠨ ᠰᠣᠷᠣᠯᠴᠠᠵᠣ ᠬᠤᠪᠢᠰᠬᠠᠯ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠣᠯᠣᠰ ᠢᠶᠠᠨ ᠬᠠᠶᠢᠷᠠᠯᠠᠬᠤ ᠬᠠᠶᠢᠷ᠎ᠠ ᠰᠠᠳᠭᠢᠯᠭᠡ ᠶᠢ ᠵᠤᠵᠠᠭᠠᠳᠬᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃                                                        ᠰᠣᠷᠪᠣᠯᠵᠢᠯᠠᠭᠴᠢ᠄ ᠲᠠᠨ᠎ᠠ᠂ ᠷᠢᠸᠠᠳᠢ   
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ