ᠮᠠᠯᠴᠢᠨ ᠰᠡᠴᠡᠨᠳᠤᠶᠠᠭ᠎ᠠ ᠢᠰᠡᠭᠡᠢ ᠤᠷᠠᠯᠠᠯ ᠢ ᠤᠯᠠᠮᠵᠢᠯᠠᠨ ᠰᠢᠨᠡᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2024/5/10
      ᠮᠠᠯᠴᠢᠨ ᠬᠦᠮᠦᠨ ᠮᠢᠩᠭᠠᠨ ᠮᠡᠷᠭᠡᠵᠢᠯ ᠲᠠᠢ ᠭᠡᠳᠡᠭ᠃ ᠮᠠᠯ ᠢᠶᠠᠨ ᠥᠨᠢᠷ ᠥᠰᠭᠡᠵᠦ ᠠᠮᠢᠳᠣᠷᠠᠯ ᠢᠶᠠᠨ ᠥᠭᠡᠳᠡ ᠪᠠᠨ ᠲᠠᠳᠠᠬᠤ ᠪᠣᠳᠣᠯᠭ᠎ᠠ ᠮᠠᠯᠴᠢᠨ ᠬᠦᠮᠦᠨ ᠳᠤ ᠮᠣᠩᠳᠠᠬᠤ ᠦᠭᠡᠢ᠃ ᠭᠡᠬᠦ ᠳᠤ ᠦᠨᠳᠦᠰᠦᠳᠡᠨ ᠤ ᠪᠠᠨ ᠥᠪ ᠰᠣᠶᠣᠯ᠂ ᠵᠠᠩ ᠤᠶᠢᠯᠡ ᠶᠢ ᠬᠠᠮᠲᠤ ᠳᠤ ᠨᠢ ᠠᠴᠢᠶᠠᠯᠠᠵᠦ ᠶᠠᠪᠤᠨ᠎ᠠ ᠭᠡᠳᠡᠭ ᠪᠠᠰᠠ ᠴᠣ᠋ ᠬᠢᠯᠪᠡᠷ ᠶᠠᠪᠤᠳᠠᠯ ᠪᠢᠰᠢ ᠠᠵᠠᠢ᠃ 
1.jpg
2.jpg
       ᠮᠣᠩᠭᠤᠯᠴᠤᠳ ᠮᠠᠨᠢ ᠠᠯᠢ ᠡᠷᠳᠡᠨ ᠠᠴᠠ ᠲᠠᠪᠤᠨ ᠬᠤᠰᠢᠭᠤ ᠮᠠᠯ ᠤᠨ ᠢᠶᠠᠨ ᠠᠰᠢᠭ ᠰᠢᠮ᠎ᠡ ᠪᠠᠷ ᠠᠵᠤ ᠠᠮᠢᠳᠤᠷᠠᠯ ᠢᠶᠠᠨ ᠴᠣᠭᠴᠠᠯᠠᠵᠤ ᠢᠷᠡᠭᠰᠡᠨ ᠲᠡᠦᠬᠡ ᠲᠠᠢ ᠪᠢᠯᠡ᠃ ᠴᠠᠭ ᠦᠶ᠎ᠡ ᠨᠡᠶᠢᠬᠡᠮ ᠤᠨ ᠬᠥᠭᠵᠢᠯᠲᠡ ᠠᠴᠠ ᠪᠣᠯᠵᠤ ᠡᠨᠡᠬᠦ ᠰᠣᠶᠣᠯ ᠢᠷᠭᠡᠨᠰᠢᠯ᠂ ᠵᠠᠩ ᠵᠠᠩᠰᠢᠯ ᠨᠢ ᠪᠠᠯᠠᠷᠬᠠᠶᠢᠰᠢᠵᠦ ᠪᠠᠶᠢᠭ᠎ᠠ ᠰᠢᠨ᠎ᠡ ᠡᠷᠡᠨ ᠳᠤ᠂ ᠰᠡᠴᠡᠨᠳᠤᠶᠠᠭ᠎ᠠ ᠬᠠᠳᠬᠤᠮᠠᠯ ᠤᠷᠠᠯᠠᠯ ᠬᠢᠵᠦ ᠪᠠᠶᠢᠭᠰᠠᠨ ᠢᠶᠠᠨ ᠤᠯᠠᠮᠵᠢᠯᠠᠯᠲᠤ ᠢᠰᠡᠭᠡᠢ ᠬᠢᠬᠦ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ ᠥᠪ ᠰᠣᠶᠣᠯ ᠢᠶᠠᠨ ᠠᠴᠢᠶᠠᠯᠠᠵᠤ ᠶᠠᠪᠤᠨ᠎ᠠ᠃
3.jpg
4.jpg
5.jpg
      ᠰᠠᠴᠡᠨᠳᠣᠶᠠᠭ᠎ᠠ᠂ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠢᠰᠡᠭᠡᠢ ᠬᠢᠭᠦ ᠣᠷ᠎ᠠ ᠮᠠᠷᠬᠡᠵᠢᠯ ᠢ ᠪᠠᠭ᠋ᠠᠷᠬᠠᠨ ᠦᠵᠡᠵᠣ ᠪᠠᠶᠢᠵᠠᠢ᠃ 2013 ᠣᠨ ᠳᠤ ᠲᠡᠷᠡ ᠢᠰᠡᠭᠡᠢ ᠬᠢᠭᠦ ᠤᠷ᠎ᠠ ᠮᠡᠷᠭᠡᠵᠢᠯ ᠢ ᠵᠠᠯᠭᠠᠮᠵᠢᠯᠠᠨ ᠭᠦᠭᠵᠢᠬᠦᠯᠬᠦ ᠪᠠᠷ ᠵᠣᠷᠢᠭ ᠰᠢᠭᠤᠳᠴᠤ᠂ ᠦᠪᠡᠷ ᠤᠨ ᠡᠵᠡᠮᠰᠢᠭᠰᠡᠨ ᠣᠷ᠎ᠠ ᠮᠡᠷᠬᠡᠵᠢᠯ ᠤᠨ ᠰᠠᠭᠤᠷᠢᠨ ᠳᠠᠭᠡᠷ᠎ᠡ ᠤᠷᠢᠳ ᠬᠤᠵᠢᠳ ᠰᠢᠯᠢ ᠶᠢᠨ ᠭᠤᠣᠯ᠂ ᠬᠦᠯᠥᠨ ᠪᠦᠢᠷ ᠵᠡᠷᠭᠡ ᠠᠶᠢᠮᠠᠭ ᠬᠤᠳᠠ ᠳᠤ ᠬᠦᠷᠴᠣ ᠢᠰᠡᠬᠡᠢ ᠣᠷᠠᠯᠠᠯ ᠤᠨ ᠳᠣᠰᠬᠠᠢ ᠪᠠᠭᠰᠢ ᠳᠤ ᠱᠠᠪᠢᠯᠡᠨ ᠢᠰᠡᠭᠡᠢ ᠭᠢᠭᠦ ᠣᠯᠠᠮᠵᠢᠯᠠᠯᠳᠣ ᠠᠷᠭ᠎ᠠ ᠰᠣᠷᠴᠣ ᠮᠡᠷᠭᠡᠵᠢᠯ ᠢᠶᠠᠨ ᠲᠡᠭᠡᠭᠰᠢᠯᠡᠭᠦᠯᠵᠡᠢ᠃      ᠰᠡᠴᠡᠨᠳᠤᠶᠠᠭ᠎ᠠ ᠤᠯᠠᠮᠵᠢᠯᠠᠯᠳᠤ ᠢᠰᠡᠭᠡᠢ ᠬᠢᠭᠦ ᠮᠡᠷᠭᠡᠵᠢᠯ ᠢ ᠰᠢᠨᠡᠴᠢᠯᠡᠯᠳᠡ ᠲᠠᠢ ᠪᠠᠷ ᠤᠯᠠᠮᠵᠢᠯᠠᠨ ᠲᠡᠯᠭᠡᠷᠡᠭᠦᠯᠵᠦ᠂ ᠵᠠᠬ᠎ᠠ ᠲᠡᠯᠭᠡᠭᠦᠷ ᠤᠨ ᠬᠦᠭᠵᠢᠯᠳᠡ  ᠳᠤ ᠵᠣᠬᠢᠴᠠᠨ ᠬᠦᠮᠦᠰ ᠤᠨ ᠭᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠠᠮᠢᠳᠣᠷᠠᠯ ᠤᠨ ᠬᠡᠷᠡᠭᠰᠡᠯ᠂ ᠦᠨᠳᠣᠰᠣᠳᠡᠨ ᠤ ᠰᠣᠶᠣᠯ ᠳᠡᠣᠬᠡ᠂ ᠤᠷᠤᠨ ᠨᠣᠳᠤᠭ ᠤᠨ ᠢᠳᠡᠭᠡᠨ ᠤᠮᠳᠠᠭᠠᠨ  ᠵᠡᠷᠭᠡ ᠶᠢ ᠳᠣᠰᠬᠠᠭᠰᠠᠨ ᠢᠰᠡᠬᠡᠢ ᠭᠠᠷ ᠣᠷᠡᠯᠡᠯ ᠤᠨ ᠪᠦᠳᠣᠭᠡᠭᠳᠡᠬᠦᠨ ᠢ ᠤᠷᠠᠯᠠᠨ ᠬᠢᠵᠣ᠂ ᠣᠷᠣᠨ ᠨᠣᠳᠤᠭ ᠤᠨ ᠢᠳᠡᠭᠡᠨ ᠤᠮᠳᠠᠭᠠᠨ ᠢ ᠨᠡᠩ ᠣᠯᠠᠨ ᠬᠦᠮᠦᠨ ᠳᠤ ᠤᠬᠠᠭᠤᠯᠵᠤ ᠪᠠᠶᠢᠬᠤ ᠪᠠᠷ ᠪᠠᠷᠠᠬᠤ ᠦᠭᠡᠢ ᠵᠠᠬ᠎ᠠ ᠳᠡᠯᠬᠡᠭᠦᠷ ᠲᠤ ᠪᠤᠷᠤᠯᠠᠭᠤᠯᠤᠭᠠᠳ ᠠᠵᠤ ᠠᠬᠤᠢ ᠶᠢᠨ ᠤᠷᠤᠯᠭ᠎ᠠ  ᠪᠠᠨ ᠨᠡᠮᠡᠭᠳᠡᠭᠦᠯᠵᠦ ᠪᠠᠶᠢᠨ᠎ᠠ᠃                                                       ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ