ᠨᠢᠭᠡ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠲᠠᠯ᠎ᠠ ᠪᠠᠷ | GDP ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠦᠭᠦ ᠬᠤᠰᠢᠭᠤᠨ ᠤ ᠣᠷᠣᠨ ᠨᠣᠳᠤᠭ | ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 113.8 ᠳ᠋ᠦᠩᠰᠢᠭᠤᠷ ᠲᠥᠭᠦᠷᠢᠭ ᠲᠤ ᠬᠦᠷᠴᠦ᠂ ᠦᠯᠦ ᠬᠤᠪᠢᠷᠠᠬᠤ ᠦᠨ᠎ᠡ ᠪᠠᠷ ᠪᠤᠳᠣᠪᠠᠯ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0. | 6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 87.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠢᠶᠠᠷ ᠨᠡᠮᠡᠭᠳᠡᠪᠡ᠂ ᠡᠭᠦᠨ ᠳᠤ᠄ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 86.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠢᠶᠠᠷ ᠨᠡᠮᠡᠭᠳᠡᠪᠡ︔ | ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 0.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.3% ᠪᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 2.8% ᠢᠶᠠᠷ ᠨᠡᠮᠡᠭᠳᠡᠪᠡ᠃ | | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠯ᠎ᠠ ᠪᠠᠷ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 289.9% | ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠳᠤ ᠨᠢᠭᠡᠳᠦᠭᠡᠷ ᠲᠤ ᠣᠷᠣᠵᠦ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ | 285.4 ᠬᠤᠪᠢ ᠥᠨᠳᠥᠷ᠂ ᠪᠦᠭᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 243.5 ᠬᠤᠪᠢ ᠦᠨᠳᠦᠷ ᠪᠣᠯᠵᠠᠢ᠃ | ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 561.3% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 82.5% ᠪᠠᠷ | ᠪᠠᠭᠤᠷᠠᠪᠠ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 81.7% ᠪᠠᠷ ᠪᠠᠭᠤᠷᠠᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51117. | 1% ᠪᠠᠷ ᠨᠡᠮᠡᠭᠳᠡᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.4% ᠪᠠᠷ | ᠪᠠᠭᠤᠷᠠᠪᠠ᠃ ᠪᠤᠰᠤᠳ ᠵᠢᠭᠠᠯᠲᠠ ᠲᠤᠭ᠎ᠠ ᠠᠴᠠ ᠦᠵᠡᠪᠡᠯ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 290.5% ᠪᠠᠷ | ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 561.3% ᠪᠠᠷ ᠨᠡᠮᠡᠭᠳᠡᠪᠠ᠃ | 3 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠬᠤᠰᠢᠭᠤᠨ ᠤ ᠬᠥᠮᠥᠷᠭᠡ ᠳᠤ ᠣᠷᠤᠭᠤᠯᠤᠭᠰᠠᠨ ᠪᠡᠯᠡ ᠣᠷᠣᠭᠤᠯᠣᠯᠲᠠ ᠶᠢᠨ ᠲᠥᠷᠥᠯ ᠵᠦᠢᠯ 68 | ᠲᠥᠷᠥᠯ ᠪᠤᠢ᠃ ᠡᠭᠦᠨ ᠳᠤ᠄ 500 ᠲᠦᠮᠨ ︱ 5000 ᠲᠦᠮᠡ ᠶᠢᠨ ᠪᠠᠯᠠ ᠣᠷᠣᠭᠤᠯᠤᠯᠲᠠ ᠲᠠᠢ ᠲᠥᠷᠥᠯ ᠵᠦᠢᠯ 27᠂ 5000 ᠲᠦᠮᠡ ᠠᠴᠠ | ᠳᠡᠭᠡᠭᠰᠢᠬᠢ ᠪᠠᠯᠠ ᠣᠷᠣᠭᠤᠯᠤᠯᠲᠠ ᠲᠠᠢ ᠲᠥᠷᠥᠯ ᠵᠦᠢᠯ 41 ᠪᠤᠢ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 6 | ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 314.9% ᠪᠠᠷ ᠨᠡᠮᠡᠭᠳᠡᠵᠦ᠂ ᠪᠦᠭᠦ ᠪᠡᠯᠡ ᠣᠷᠣᠭᠤᠯᠤᠯᠲᠠ ᠶᠢᠨ | 98.8% ᠶᠢ ᠡᠵᠡᠯᠡᠪᠡ᠃ ᠬᠤᠲᠠ ᠶᠢᠨ ᠱᠠᠳᠤᠨ ᠠᠴᠠ ᠲᠣᠬᠢᠷᠠᠭᠤᠯᠵᠦ ᠪᠠᠶᠢᠭ᠎ᠠ 30 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 12 | ᠲᠥᠷᠥᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 28.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 34 ᠪᠠᠶᠢᠵᠤ᠂ ᠲᠠᠸᠠᠷ ᠤᠨ | ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠢ 17939 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.3% | ᠪᠠᠷ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 6894 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ | 20.9% ᠪᠠᠷ ᠪᠠᠭᠤᠷᠠᠪᠠ᠃ | | ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠠᠯ᠎ᠠ ᠪᠠᠷ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 2.6% ᠪᠠᠶᠢᠵᠦ᠂ | 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ( ᠪᠠᠶᠢᠭᠠᠯᠢ ᠶᠢᠨ ᠰᠢᠲᠠᠮᠠᠬᠠᠢ ᠬᠡᠢ ᠶᠢ ᠪᠠᠭᠲᠠᠭᠠᠨ᠎ᠠ︶ ᠶᠢᠨ ᠶᠡᠷᠦᠩᠬᠡᠢ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 4.33% ᠪᠠᠷ ᠪᠠᠭᠤᠷᠠᠪᠠ︔ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ 193.47 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.55% ᠪᠠᠷ ᠪᠠᠭᠤᠷᠠᠪᠠ᠂ ᠦᠢᠯᠡᠳᠪᠦᠷᠢᠯᠡᠯ ᠪᠣᠷᠣᠯᠠᠭᠤᠯᠤᠯᠲᠠ ᠶᠢᠨ ᠨᠣᠷᠮ᠎ᠠ | 97.2% ᠳᠤ ᠬᠤᠪᠢ ᠬᠦᠷᠪᠠ᠃ | ᠠᠵᠢᠯ ᠲᠥᠷᠥᠯ ᠤᠨ ᠲᠥᠷᠥᠯ ᠢᠯᠭᠠᠯ ᠠᠴᠠ ᠦᠵᠡᠪᠡᠯ᠂ ᠪᠦᠭᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠤᠶᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ | ᠬᠢ ᠠᠴᠠ 14.7% ᠪᠠᠷ ᠪᠠᠭᠤᠷᠠᠵᠤ᠂ ᠪᠣᠷᠣᠯᠠᠭᠤᠯᠣᠯᠲᠠ ᠶᠢᠨ ᠦᠢᠯᠡᠳᠬᠦᠨ ᠤ ᠥᠷᠲᠡᠭ ᠢ 39.1 ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠠᠳᠠᠯᠢ | ᠬᠤᠭᠤᠴᠠᠭᠠᠨ ᠤ ᠬᠢ ᠠᠴᠠ 14.6% ᠪᠠᠷ ᠪᠠᠭᠤᠷᠠᠪᠠ︔ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠤᠶᠢᠯᠡᠰ ᠤᠨ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠲᠠᠢ ᠲᠡᠩᠴᠡᠵᠦ᠂ ᠪᠣᠷᠤᠯᠠᠭᠤᠯᠤᠯᠲᠠ ᠶᠢᠨ ᠦᠢᠯᠡᠳᠬᠦᠨ ᠤ ᠥᠷᠲᠡᠭ ᠢ 51.5 | ᠳ᠋ᠦᠩᠰᠢᠭᠤᠷ ᠲᠥᠭᠦᠷᠢᠭ ᠪᠡᠶᠡᠯᠡᠭᠦᠯᠵᠦ ᠠᠳᠠᠯᠢ ᠬᠤᠭᠤᠴᠠᠭᠠᠨ ᠤ ᠬᠢ ᠲᠠᠢ ᠲᠡᠩᠴᠡᠪᠡ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ | ᠪᠣᠯᠪᠠᠰᠤᠷᠠᠭᠤᠯᠬᠤ ᠤᠶᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 17.0% ᠢᠶᠠᠷ ᠪᠠᠭᠤᠷᠠᠵᠤ᠂ | 10.3 ᠳ᠋ᠦᠩᠰᠢᠭᠤᠷ ᠲᠥᠭᠦᠷᠢᠭ ᠤᠨ ᠪᠣᠷᠤᠯᠠᠭᠤᠯᠤᠯᠲᠠ ᠶᠢᠨ ᠦᠢᠯᠡᠳᠬᠦᠨ ᠤ ᠥᠷᠲᠡᠭ ᠢ ᠪᠠᠶᠠᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.0% | ᠢᠶᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠤᠶᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠪᠣᠷᠤᠯᠠᠭᠤᠯᠤᠯᠲᠠ ᠶᠢᠨ ᠦᠢᠯᠡᠳᠬᠦᠨ ᠤ ᠥᠷᠲᠡᠭ ᠢ 86.9 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠪᠠᠭᠤᠷᠠᠪᠠ︔ ᠴᠠᠭᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠤᠶᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 84.2% ᠢᠶᠠᠷ ᠪᠠᠭᠤᠷᠠᠵᠤ᠂ | ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠢ 0.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 84.2% ᠢᠶᠠᠷ | ᠪᠠᠭᠤᠷᠠᠪᠠ᠃ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠣᠶᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 40.2% ᠢᠶᠠᠷ ᠪᠠᠭᠤᠷᠠᠵᠤ᠂ ᠪᠣᠷᠤᠯᠠᠭᠤᠯᠣᠯᠲᠠ ᠶᠢᠨ ᠦᠢᠯᠡᠳᠬᠦᠨ ᠤ ᠥᠷᠲᠡᠭ ᠢ 4.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 27.7% ᠪᠠᠷ ᠪᠠᠭᠤᠷᠠᠪᠠ᠃ | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ 1169.65 ᠲᠦᠮᠡᠨ ᠲᠤᠨ ᠨᠡᠭᠦᠷᠡᠰᠦ ᠶᠢ ᠨᠡᠭᠡᠭᠡᠨ | ᠮᠠᠯᠲᠠᠵᠤ᠂ ᠠᠳᠠᠯᠢ ᠬᠤᠭᠤᠴᠠᠭᠠᠨ ᠤ ᠬᠢ ᠠᠴᠠ 12.71% ᠪᠠᠷ ᠨᠡᠮᠡᠭᠳᠡᠪᠡ᠃ 153.08 ᠲᠦᠮᠡᠨ ᠲᠤᠨ ᠨᠠᠷᠢᠯᠢᠭ ᠮᠧᠲ᠋ᠢᠯ ᠠᠯᠺᠤᠣᠯ ᠢ ᠦᠢᠯᠡᠳᠪᠦᠷᠢᠯᠡᠵᠦ᠂ | ᠠᠳᠠᠯᠢ ᠬᠤᠭᠤᠴᠠᠭᠠᠨ ᠤ ᠬᠢ ᠠᠴᠠ 7.94% ᠪᠠᠷ ᠪᠠᠭᠤᠷᠠᠪᠠ᠃ 18.38 ᠲᠦᠮᠡᠨ ᠲᠤᠨ ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢ | ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠠᠴᠠ 14% ᠪᠠᠷ ᠪᠠᠭᠤᠷᠠᠪᠠ︔ 75.80 ᠲᠦᠮᠡᠨ ᠲᠤᠨ ᠰᠢᠭᠡᠰᠦᠯᠢᠭ ᠡᠳ᠋ ᠢ ᠦᠢᠯᠡᠳᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 4.45% ᠪᠠᠷ ᠨᠡᠮᠡᠭᠳᠡᠪᠡ︔ 26.71 ᠲᠦᠮᠡᠨ ᠲᠤᠨ ᠪᠥᠭᠡᠭᠡᠨᠡᠷᠡᠯ ᠡᠲ᠋ᠧᠨ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ | ᠬᠢ ᠠᠴᠠ 2.01% ᠪᠠᠷ ᠨᠡᠮᠡᠭᠳᠡᠪᠡ︔ 27.42 ᠲᠦᠮᠡᠨ ᠲᠤᠨ ᠪᠥᠭᠡᠭᠡᠨᠡᠷᠡᠯ ᠫᠷᠣᠫᠧᠨ ᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 1. | 13% ᠪᠠᠷ ᠨᠡᠮᠡᠭᠳᠡᠪᠡ︔ ᠴᠠᠭᠢᠯᠭᠠᠨ ᠭᠠᠷᠭᠠᠭᠰᠠᠨ ᠬᠡᠮᠵᠢᠶ᠎ᠡ 7.54 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2. | 53% ᠪᠠᠷ ᠨᠡᠮᠡᠭᠳᠡᠪᠡ᠃ | | ᠳᠥᠷᠪᠡ᠂ ᠨᠡᠶᠢᠭᠡᠮ ᠤᠨ ᠬᠡᠷᠡᠭᠯᠡᠭᠡᠨ ᠤ ᠲᠠᠯ᠎ᠠ ᠪᠠᠷ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 8.18 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ | ᠲᠠᠪᠤᠳᠤᠭᠠᠷ ᠲᠤ ᠵᠢᠭᠰᠠᠭᠠᠭᠳᠠᠪᠠ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ | ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ1.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠠᠴᠠ 4.6% ᠪᠠᠷ ᠨᠡᠮᠡᠭᠳᠡᠪᠠ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7. | 23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 0.95 | ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃ | ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠬᠡᠯᠪᠡᠷᠢ ᠠᠴᠠ ᠨᠢ ᠦᠵᠡᠪᠡᠯ᠂ ᠮᠠᠰᠢᠨ ᠲᠡᠷᠭᠡᠨ ᠤ ᠲᠥᠷᠥᠯ ᠨᠢ | ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠵᠦ᠂ ᠪᠣᠷᠣᠯᠠᠭᠤᠯᠤᠯᠲᠠ ᠶᠢᠨ ᠲᠤᠭ᠎ᠠ ᠨᠢ ᠬᠢᠵᠠᠭᠠᠷᠯᠠᠭᠰᠠᠨ ᠨᠢᠭᠡᠴᠢ ᠶᠢᠨ 37.4% ᠶᠢ ᠡᠵᠡᠯᠡᠪᠡ᠂ | ᠡᠭᠦᠨ ᠳᠤ᠄ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 33.9% ᠪᠠᠷ ᠨᠡᠮᠡᠭᠳᠡᠪᠡ᠃ | ᠠᠮᠤ ᠪᠤᠳᠠᠭ᠎ᠠ ᠢᠳᠡᠰᠢᠨ ᠲᠤᠰᠤ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 4.9% ᠪᠠᠷ ᠪᠠᠭᠤᠷᠠᠵᠤ᠂ ᠪᠣᠷᠤᠯᠠᠭᠤᠯᠤᠯᠲᠠ ᠶᠢᠨ ᠬᠡᠮᠵᠢᠶ᠎ᠡ ᠨᠢ | ᠬᠢᠵᠠᠭᠠᠷᠯᠠᠭᠰᠠᠨ ᠨᠢᠭᠡᠴᠢ ᠶᠢᠨ 32.3% ᠶᠢ ᠡᠵᠡᠯᠡᠪᠡ︔ ᠭᠡᠷ ᠤᠨ ᠴᠠᠭᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ | ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ᠃ ᠬᠢᠲᠠᠳ ᠡᠸᠦ᠋ᠷᠦᠫᠡ ᠡᠮ ᠤᠨ ᠲᠥᠷᠥᠯ ᠨᠢ ᠠᠳᠠᠯᠢ ᠬᠤᠭᠤᠴᠠᠭᠠᠨ ᠤ ᠬᠢ ᠠᠴᠠ 12. | 5% ᠪᠠᠷ ᠪᠠᠭᠤᠷᠠᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ︔ ᠭᠡᠷ ᠤᠨ | ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 23.8% ᠪᠠᠷ ᠨᠡᠮᠡᠭᠳᠡᠪᠡ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠠᠳᠠᠯᠢ | ᠬᠤᠭᠤᠴᠠᠭᠠᠨ ᠤ ᠬᠢ ᠠᠴᠠ 27.6% ᠪᠠᠷ ᠪᠠᠭᠤᠷᠠᠵᠤ᠂ ᠪᠤᠰᠤᠳ ᠲᠥᠷᠥᠯ ᠨᠢ ᠠᠳᠠᠯᠢ ᠬᠤᠭᠤᠴᠠᠭᠠᠨ ᠤ ᠬᠢ ᠠᠴᠠ 43.1% ᠪᠠᠷ ᠪᠠᠭᠤᠷᠠᠪᠡ᠃ | | ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠠᠯ᠎ᠠ ᠪᠠᠷ | ᠨᠢᠭᠡᠳᠦᠭᠡᠷ ᠤᠯᠠᠷᠢᠯ ᠳᠤ᠂ ᠪᠦᠭᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 14737 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ ᠬᠤᠶᠠᠳᠤᠭᠠᠷ ᠲᠤ | ᠵᠢᠭᠰᠠᠭᠠᠭᠳᠠᠪᠠ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 15508 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠲᠤᠮᠳᠠᠴᠢ ᠡᠵᠡᠮᠳᠡᠵᠦ ᠪᠤᠯᠬᠤ ᠣᠷᠣᠯᠭ᠎ᠠ 8782 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ᠃ | ᠣᠷᠣᠯᠭ᠎ᠠ ᠶᠢᠨ ᠢᠷᠡᠯᠲᠡ ᠠᠴᠠ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ | 8958 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠵᠠᠭᠤᠨ ᠤ ᠬᠠᠷᠢᠴᠠᠯ ᠢᠶᠠᠷ 3.6 ᠬᠤᠪᠢ ᠦᠨᠳᠦᠷ ᠪᠣᠯᠪᠠ᠃ ᠡᠵᠡᠩᠨᠡᠯᠲᠡ ᠶᠢᠨ ᠴᠡᠪᠡᠷ ᠣᠷᠣᠯᠭ᠎ᠠ 4248 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 4.3 ᠬᠤᠪᠢ ᠦᠨᠳᠦᠷ | ᠪᠣᠯᠪᠠ᠃ ᠡᠳ᠋ ᠬᠥᠷᠥᠩᠭᠡ ᠶᠢᠨ ᠴᠡᠪᠡᠷ ᠣᠷᠣᠯᠭ᠎ᠠ 425 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 3.7% ᠪᠠᠷ ᠨᠡᠮᠡᠭᠳᠡᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠬᠤᠪᠢ ᠦᠨᠳᠦᠷ ᠪᠣᠯᠪᠠ᠃ ᠰᠢᠯᠵᠢᠭᠦᠯᠦᠨ ᠥᠭᠭᠦᠭᠰᠡᠨ ᠴᠡᠪᠡᠷ ᠣᠷᠣᠯᠭ᠎ᠠ 1877 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 4. | 3 ᠬᠤᠪᠢ ᠦᠨᠳᠦᠷ ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ 575 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ | ᠬᠠᠷᠢᠴᠠᠯ ᠢᠶᠠᠷ 1.9 ᠬᠤᠪᠢ ᠦᠨᠳᠦᠷ ᠪᠣᠯᠪᠠ᠃ ᠡᠵᠡᠩᠨᠡᠯᠲᠡ ᠶᠢᠨ ᠴᠡᠪᠡᠷ ᠣᠷᠣᠯᠭ᠎ᠠ 6395 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 9.1% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠠᠴᠠ ᠵᠠᠭᠤᠨ ᠤ ᠬᠠᠷᠢᠴᠠᠯ ᠢᠶᠠᠷ 0.7 ᠬᠤᠪᠢ ᠦᠨᠳᠦᠷ ᠪᠣᠯᠪᠠ᠃ ᠡᠳ᠋ | ᠬᠥᠷᠥᠩᠭᠡ ᠶᠢᠨ ᠴᠡᠪᠡᠷ ᠣᠷᠣᠯᠭ᠎ᠠ 360 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.9 ᠬᠤᠪᠢ ᠦᠨᠳᠦᠷ ᠪᠣᠯᠪᠠ᠃ ᠰᠢᠯᠵᠢᠭᠦᠯᠦᠭᠰᠡᠨ ᠴᠡᠪᠡᠷ ᠣᠷᠣᠯᠭ᠎ᠠ 1451 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ | | ᠵᠢᠷᠭᠤᠭ᠎ᠠ᠂ ᠡᠷᠬᠢᠯᠲᠡ ᠶᠢᠨ ᠣᠷᠴᠢᠨ ᠤ ᠲᠠᠯ᠎ᠠ ᠪᠠᠷ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 9.59 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.95 ᠳ᠋ᠦᠩᠰᠢᠭᠤᠷ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 29. | 2% ᠢᠶᠠᠷ ᠪᠠᠭᠤᠷᠠᠪᠠ᠃ ᠡᠭᠦᠨ ᠳᠤ᠄ ᠭᠠᠶᠢᠯᠢ ᠶᠢᠨ ᠶᠠᠪᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 37.5% ᠪᠠᠷ ᠪᠠᠭᠤᠷᠠᠵᠤ᠂ | ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠪᠡ᠃ ᠭᠤᠣᠯ ᠪᠤᠯᠬᠤ ᠭᠠᠶᠢᠯᠢ ᠲᠠᠲᠠᠪᠤᠷᠢ ᠶᠢᠨ ᠳᠣᠲᠣᠷ᠎ᠠ᠂ | ᠥᠷᠲᠡᠭ ᠤᠨ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠠᠴᠠ 20.2% ᠢᠶᠠᠷ ᠪᠠᠭᠤᠷᠠᠪᠠ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ | ᠠᠳᠠᠯᠢ ᠬᠤᠭᠤᠴᠠᠭᠠᠨ ᠤ ᠬᠢ ᠠᠴᠠ 37.9% ᠪᠠᠷ ᠪᠠᠭᠤᠷᠠᠪᠠ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ | 4.2% ᠢᠶᠠᠷ ᠪᠠᠭᠤᠷᠠᠪᠠ᠂ ᠭᠠᠵᠠᠷ ᠰᠢᠷᠣᠢ ᠶᠢᠨ ᠥᠷᠲᠡᠭ ᠤᠨ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 116.5% ᠪᠠᠷ ᠨᠡᠮᠡᠭᠳᠡᠪᠡ᠃ | ᠪᠦᠭᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 11.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.09 ᠳ᠋ᠦᠩᠰᠢᠭᠤᠷ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 37.8% ᠪᠠᠷ ᠪᠠᠭᠤᠷᠠᠪᠠ᠃ | 3 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ | ᠦᠯᠡᠳᠡᠪᠦᠷᠢ 182.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.02% ᠢᠶᠠᠷ ᠨᠡᠮᠡᠭᠳᠡᠪᠡ᠃ ᠡᠭᠦᠨ ᠳᠤ᠄ | ᠰᠠᠭᠤᠭᠠᠯᠢ ᠡᠷᠦᠭᠡ ᠶᠢᠨ ᠬᠠᠳᠠᠭᠠᠯᠠᠮᠵᠢ ᠶᠢᠨ ᠦᠯᠡᠳᠡᠪᠦᠷᠢ 118.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 24% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 40.99 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.32% ᠢᠶᠠᠷ ᠨᠡᠮᠡᠭᠳᠡᠪᠡ᠃ ᠪᠦᠭᠦ ᠬᠤᠰᠢᠭᠤᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 166.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.03% ᠪᠠᠷ ᠨᠡᠮᠡᠭᠳᠡᠪᠡ᠃ ᠡᠭᠦᠨ ᠳᠤ᠄ ᠣᠬᠤᠷ ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 33.06% ᠪᠠᠷ ᠨᠡᠮᠡᠭᠳᠡᠵᠦ᠂ | ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠪᠠ᠃ | ᠨᠢᠭᠡᠳᠦᠭᠡᠷ ᠤᠯᠠᠷᠢᠯ ᠳᠤ᠂ ᠪᠦᠭᠦ ᠬᠤᠰᠢᠭᠤᠨ ᠤ ᠰᠢᠨ᠎ᠡ ᠪᠠᠷ ᠲᠠᠩᠰᠠᠯᠠᠭᠤᠯᠤᠭᠰᠠᠨ ᠵᠠᠬ᠎ᠠ ᠲᠡᠯᠭᠡᠭᠦᠷ ᠤᠨ ᠭᠤᠣᠯ ᠴᠣᠭᠴᠠ 896 ᠪᠤᠢ᠃ ᠡᠭᠦᠨ ᠳᠤ᠂ | ᠡᠯ᠎ᠡ ᠲᠥᠷᠥᠯ ᠤᠨ ᠠᠵᠤ ᠠᠬᠤᠶᠢᠯᠠᠯ 175᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 682᠂ ᠲᠠᠷᠢᠶᠠᠴᠢᠨ ᠤ ᠲᠤᠰᠬᠠᠢ ᠬᠤᠷᠰᠢᠶᠠᠵᠢᠯ 12 | ᠪᠤᠢ᠃ |