ᠮᠠᠨ ᠤ ᠬᠤᠰᠢᠭᠤᠨ ᠤ ᠭᠠᠯᠠᠭᠤᠲᠤ ᠪᠠᠯᠭᠠᠰᠤ ᠶᠢᠨ ᠪᠠᠶᠠᠬᠤᠢᠨᠳᠣᠷ ᠭᠠᠴᠠᠭ᠎ᠠ ᠪᠠᠷ ᠨᠣᠳᠤᠭ ᠲᠠᠢ ᠵᠠᠯᠠᠭᠤ ᠮᠠᠯᠴᠢᠨ ᠲᠠᠩᠬᠢᠰ 2016 ᠣᠨ ᠳᠤ ᠶᠡᠭᠡ | ᠰᠤᠷᠭᠠᠭᠤᠯᠢ ᠪᠠᠨ ᠲᠡᠭᠦᠰᠴᠦ᠂ 2019 ᠣᠨ ᠤ 7 ᠰᠠᠷ᠎ᠠ ᠳᠤ ᠨᠣᠳᠤᠭ ᠲᠠᠭᠠᠨ ᠪᠤᠴᠠᠨ ᠮᠠᠨ ᠤ ᠬᠤᠰᠢᠭᠤᠨ ᠤ ︽ᠥᠭᠡᠳᠡᠯᠡᠬᠦ︾ ᠲᠡᠵᠢᠭᠡᠨ ᠦᠷᠡᠵᠢᠭᠦᠯᠬᠦ | ᠬᠢᠵᠠᠭᠠᠷᠲᠦ ᠬᠠᠷᠢᠭᠤᠴᠠᠯᠭᠠᠲᠤ ᠺᠤᠮᠫᠠᠨᠢ ᠪᠠᠨ ᠡᠭᠦᠰᠭᠡᠨ ᠪᠠᠶᠢᠭᠤᠯᠵᠠᠢ᠃ ᠡᠨᠡ ᠬᠦ ᠲᠡᠵᠢᠭᠡᠨ ᠦᠷᠡᠵᠢᠭᠦᠯᠬᠦ ᠲᠠᠯᠠᠪᠡᠢ ᠨᠢ ᠨᠠᠶᠢᠳᠠ 15334 ᠳᠡᠭᠰᠢ | ᠲᠥᠷᠪᠡᠯᠵᠢᠨ ᠮᠧᠲᠷ ᠪᠠᠶᠢᠵᠦ᠂ ᠶᠡᠷᠦᠩᠭᠡᠢ ᠪᠡᠯᠡ ᠣᠷᠤᠭᠤᠯᠤᠯᠲᠠ ᠨᠢ 400 ᠭᠠᠷᠦᠢ ᠲᠥᠮᠡᠨ ᠲᠥᠭᠦᠷᠢᠭ ᠲᠤ ᠬᠦᠷᠴᠡᠢ᠃ ᠲᠤᠰ ᠺᠤᠮᠫᠠᠨᠢ ᠨᠢ ᠲᠡᠵᠢᠭᠡᠨ | ᠦᠷᠡᠵᠢᠭᠦᠯᠬᠦ ᠤᠶᠢᠯᠡᠰ ᠢᠶᠠᠷ ᠭᠤᠣᠯᠯᠠᠨ ᠠᠩᠭᠧᠰ ᠦᠭᠡᠷ ᠪᠣᠯᠣᠨ ᠣᠷᠣᠨ ᠨᠣᠳᠤᠭ ᠤᠨ ᠤᠯᠠᠭᠠᠨ ᠦᠭᠡᠷ ᠢᠶᠠᠷ ᠭᠤᠣᠯᠳᠠᠭᠤᠯᠵᠤ᠂ ︽ᠵᠢᠵᠢᠭ ᠠᠵᠤ | ᠠᠬᠤᠶᠢᠯᠠᠯ + ᠲᠠᠭᠠᠭᠤᠯᠣᠭᠴᠢ ᠠᠵᠦ ᠠᠬᠤᠶᠢᠯᠠᠯ︾ ᠤᠨ ᠲᠡᠵᠢᠭᠡᠨ ᠦᠷᠡᠵᠢᠯᠭᠦᠯᠬᠦ ᠬᠡᠯᠪᠡᠷᠢ ᠪᠠᠷ ᠲᠣᠮᠣ ᠠᠵᠦ ᠠᠬᠤᠶᠢᠯᠠᠯ ᠳᠤ ᠦᠷᠡᠵᠢᠭᠦᠯᠦᠨ | ᠪᠣᠶᠢᠵᠢᠭᠤᠯᠤᠭᠰᠠᠨ ᠲᠤᠭᠤᠯ ᠢᠶᠠᠨ ᠬᠤᠳᠠᠯᠳᠣᠨ ᠮᠠᠨ ᠤ ᠣᠷᠣᠨ ᠤ ᠡᠯ᠎ᠡ ᠠᠶᠢᠮᠠᠭ ᠬᠤᠲᠠ ᠪᠣᠯᠣᠨ ᠪᠡᠭᠡᠵᠢᠩ᠂ ᠱᠠᠩᠬᠠᠢ ᠵᠡᠷᠭᠡ ᠶᠡᠭᠡ ᠬᠤᠳᠠᠳ ᠢᠶᠠᠷ ᠦᠭᠡᠷ | ᠤᠨ ᠮᠢᠬ᠎ᠠ ᠪᠠᠨ ᠪᠣᠷᠣᠯᠠᠭᠤᠯᠵᠦ ᠪᠠᠶᠢᠨ᠎ᠡ᠃ | ᠦᠭᠡᠷ ᠲᠡᠵᠢᠭᠡᠨ ᠦᠷᠡᠵᠢᠭᠦᠯᠬᠦ ᠤᠶᠢᠯᠡᠰ ᠤᠨ ᠵᠠᠬ᠎ᠠ ᠲᠡᠯᠭᠡᠬᠦᠷ ᠤᠨ ᠪᠠᠶᠢᠳᠠᠯ ᠢ ᠠᠵᠢᠭᠯᠠᠨ ᠠᠩᠬᠠᠷᠴᠦ ᠶᠠᠪᠤᠭᠰᠠᠨ ᠲᠠᠩᠬᠢᠰ ᠦᠭᠡᠷ ᠤᠨ ᠦᠨ᠎ᠡ | ᠬᠠᠨᠭ᠍ᠰᠢ ᠲᠣᠭᠳᠠᠪᠤᠷᠢ ᠦᠭᠡᠢ ᠪᠠᠶᠢᠳᠠᠯ ᠲᠤᠤᠷ᠎ᠠ ᠦᠭᠡᠷ ᠤᠨ ᠲᠤᠭ᠎ᠠ ᠲᠣᠯᠣᠭᠠᠢ ᠶᠢ 200 ᠭᠠᠷᠦᠢ ᠪᠠᠷ ᠲᠣᠭᠳᠠᠪᠤᠷᠢᠵᠢᠭᠤᠯᠵᠤ᠂ ᠠᠩᠭᠧᠰ ᠦᠭᠡᠷ ᠪᠣᠯᠣᠨ | ᠡᠾᠧ ᠨᠢᠤ ᠦᠭᠡᠷ ᠢ ᠡᠷᠯᠢᠰᠵᠢᠭᠦᠯᠦᠨ ᠲᠤᠭᠤᠯ ᠢᠶᠠᠨ ᠪᠣᠷᠳᠤᠵᠤ ᠥᠰᠭᠡᠭᠡᠳ ᠲᠣᠮᠣ ᠠᠵᠦ ᠠᠬᠤᠶᠢᠯᠠᠯ ᠳᠤ ᠬᠦᠷᠭᠡᠨ ᠠᠰᠢᠭ ᠣᠷᠣᠯᠭ᠎ᠠ ᠪᠠᠳᠣᠯᠠᠳᠠᠭ ᠪᠠᠶᠢᠨ᠎ᠠ᠃ | ︽ᠠᠮᠢᠳᠤᠷᠠᠬᠤᠢ ᠶᠢᠨ ᠤᠬᠠᠭᠠᠨ ᠬᠤᠷᠴᠠ᠂ ᠠᠵᠢᠯ ᠬᠥᠳᠡᠯᠮᠦᠷᠢ ᠳᠤ ᠭᠠᠪᠰᠢᠭᠠᠢ ᠪᠠᠶᠢᠭᠰᠠᠨ ᠴᠠᠭ ᠲᠤ ᠠᠮᠢᠳᠤᠷᠠᠯ ᠬᠡᠵᠢᠶᠡᠳᠡ ᠪᠠᠨ ᠥᠭᠡᠳᠡ︾ ᠭᠡᠳᠡᠭ ᠢ | ᠲᠠᠩᠬᠢᠰ ᠢᠡᠭᠬᠢᠵᠦ ᠭᠡᠷᠡᠴᠢᠯᠡᠵᠦ ᠪᠠᠶᠢᠨ᠎ᠠ᠃ | | | | |