ᠡᠨᠡ ᠵᠢᠯ ᠠᠴᠠ ᠨᠠᠰᠢ᠂ ᠤᠯᠠᠭᠠᠨᠲᠣᠯᠤᠭᠠᠢ ᠪᠠᠯᠭᠠᠰᠤ ᠪᠣᠳᠠᠲᠠᠢ ᠳᠤ ᠰᠠᠭᠤᠷᠢᠯᠠᠨ ᠲᠥᠪᠯᠡᠷᠡᠭᠦᠯᠦᠨ ᠢᠯᠴᠢ ᠬᠠᠩᠭᠠᠬᠤ ᠪᠠᠷ ᠭᠤᠣᠯ ᠪᠣᠯᠭᠠᠭᠰᠠᠨ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠠᠨ ᠠᠮᠢᠳᠤ ᠪᠣᠳᠠᠰ ᠢᠶᠠᠷ ᠬᠠᠪᠰᠤᠷᠤᠮᠵᠢ ᠪᠣᠯᠭᠠᠭᠰᠠᠨ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠤᠭᠳᠠᠯᠴᠠᠭ᠎ᠠ ᠶᠢ | ᠪᠠᠶᠢᠭᠤᠯᠵᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠬᠡᠷᠡᠯ ᠴᠠᠬᠢᠯᠭᠠᠨ ᠢ ᠬᠠᠷᠢᠯᠴᠠᠨ ᠨᠥᠬᠦᠪᠦᠷᠢᠯᠡᠬᠦ︾ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ | ᠲᠥᠷᠥᠯ ᠵᠦᠢᠯ ᠢ ᠬᠡᠷᠡᠭᠵᠢᠭᠦᠯᠵᠦ ᠮᠠᠯᠴᠢᠨ ᠲᠠᠷᠢᠶᠠᠴᠢᠨ ᠤ ᠠᠰᠢᠭ ᠬᠦᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠳᠡᠭᠡᠭᠰᠢᠯᠡᠭᠦᠯᠦᠨ 1776 ᠮᠠᠯᠴᠢᠨ ᠲᠠᠷᠢᠶᠠᠴᠢᠨ ᠡᠷᠦᠬᠡ ᠳᠤ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ︾ | ᠠᠮᠢᠳᠤᠷᠠᠯ ᠢ ᠡᠳ᠋ᠯᠡᠬᠦᠯᠵᠦ ᠪᠠᠶᠢᠨ᠎ᠠ᠃ | | | | | ᠤᠶᠢᠷ᠎ᠠ ᠶᠢᠨ ᠡᠳᠤᠷ᠂ ᠰᠣᠷᠪᠤᠯᠵᠢᠯᠠᠭᠴᠢ ᠤᠯᠠᠭᠠᠨᠲᠣᠯᠤᠭᠠᠢ ᠪᠠᠯᠭᠠᠰᠤᠨ ᠳᠤ ᠬᠦᠷᠬᠦ ᠳᠤ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ | ᠪᠠᠷᠢᠯᠭ᠎ᠠ ᠶᠢᠨ ᠠᠵᠢᠯᠳᠠᠨ ᠮᠠᠯᠴᠢᠨ ᠲᠠᠷᠢᠶᠠᠴᠢᠨ ᠤ ᠭᠡᠷ ᠲᠤ ᠬᠦᠷᠴᠦ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠣᠭᠰᠠᠷᠠᠵᠤ ᠪᠠᠶᠢᠬᠤ ᠲᠠᠢ | ᠲᠠᠭᠠᠷᠠᠯᠳᠣᠯᠠ᠃ | ᠤᠯᠠᠭᠠᠨᠲᠣᠯᠤᠭᠠᠢ ᠪᠠᠯᠭᠠᠰᠤᠨ ᠤ ᠴᠡᠪᠡᠷ ᠡᠨᠧᠷᠭᠢ ᠶᠢᠨ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠶᠡᠷᠦᠩᠬᠡᠢ | ᠲᠠᠯᠠᠪᠠᠶ ᠨᠢ 221740 ᠲᠡᠭᠰᠢ ᠳᠦᠷᠪᠡᠯᠵᠢᠨ ᠮᠧᠲᠷ ᠪᠠᠶᠢᠵᠤ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ 1776 ᠪᠠᠶᠢᠩᠭᠤ ᠰᠠᠭᠤᠭ᠎ᠠ ᠡᠷᠦᠬᠡ᠂ 6 | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠢᠴᠢ 3 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠰᠠᠭᠤᠷᠢᠨ ᠭᠠᠵᠠᠷ | ᠪᠤᠯᠤᠨ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ ᠣᠶᠤᠨᠴᠢ ᠬᠠᠮᠢᠶᠠᠷᠤᠯᠲᠠ ᠶᠢᠨ ᠲᠠᠪᠴᠠᠩ 1 ᠶᠢ ᠪᠠᠭᠳᠠᠭᠠᠵᠤ ᠪᠤᠶ᠃ ᠲᠤᠰ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠡᠶᠢᠲᠡ 7800 ᠭᠠᠷᠤᠢ ᠲᠦᠮᠡᠨ ᠲᠥᠭᠦᠷᠢᠭ ᠲᠤ ᠬᠦᠷᠴᠦ᠂ ᠮᠠᠯᠴᠢᠨ ᠲᠠᠷᠢᠶᠠᠴᠢᠨ ᠥᠪᠡᠰᠦᠪᠡᠨ 37% ᠶᠢᠨ ᠵᠠᠷᠤᠳᠠᠯ ᠢ | ᠭᠠᠷᠭᠠᠵᠤ ᠦᠯᠡᠳᠡᠭᠰᠡᠨ ᠭᠡᠰᠡᠭ ᠢ ᠨᠢ ᠵᠠᠰᠠᠭ ᠤᠨ ᠣᠷᠳᠣᠨ ᠠᠴᠠ ᠨᠥᠬᠦᠪᠦᠷᠢ ᠥᠭᠴᠦ ᠭᠡᠷᠡᠭᠵᠢᠭᠦᠯᠵᠤ ᠪᠤᠢ᠃ | | | | | | ᠬᠤᠩ ᠴᠢ ᠲᠣᠰᠬᠤᠨ ᠤ ᠲᠠᠷᠢᠶᠠᠴᠢᠨ ᠯᠢᠦ ᠢᠦᠢ ᠪᠦᠦ ᠶᠢᠨ ᠬᠢᠨ ᠨᠢᠳᠤᠨᠤᠨ ᠤ ᠨᠡᠭᠦᠷᠡᠰᠦ ᠶᠢ ᠴᠠᠬᠢᠯᠭᠠᠨ ᠪᠤᠯᠭᠠᠨ ᠦᠬᠡᠷᠡᠴᠢᠯᠡᠬᠦ ᠶᠢ ᠳᠡᠯᠭᠡᠷᠡᠭᠦᠯᠬᠦ | ᠵᠢᠱᠢᠶ᠎ᠡ ᠦᠵᠡᠭᠦᠯᠬᠦ ᠶᠠᠪᠤᠴᠠ ᠳᠤ ᠡᠨᠡᠬᠦ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠤᠭᠰᠠᠷᠠᠵᠠᠢ᠃ ᠲᠡᠷᠡ ᠰᠤᠷᠪᠤᠯᠵᠢᠯᠠᠭᠴᠢ ᠳᠤ ᠬᠡᠯᠡᠬᠦ | ᠳᠡᠭᠡᠨ᠂ ᠲᠤᠰ ᠳᠤᠯᠠᠭᠠᠯᠠᠭ᠎ᠠ ᠶᠢᠨ ᠲᠥᠬᠦᠭᠡᠷᠦᠮᠵᠢ ᠨᠢ ᠳᠤᠯᠠᠭᠠᠯᠠᠭ᠎ᠠ ᠶᠢᠨ ᠰᠦᠢᠳᠬᠡᠯ ᠢ ᠠᠷᠪᠢᠯᠠᠭᠰᠠᠨ ᠢᠶᠠᠷ ᠪᠠᠷᠠᠬᠤ ᠥᠭᠡᠢ ᠲᠤᠩ ᠶᠡᠭᠡ ᠲᠥᠭᠦᠮ ᠢ | ᠠᠪᠴᠢᠷᠠᠭᠰᠠᠨ ᠭᠡᠯ᠎ᠠ᠃ | ᠣᠶᠢᠯᠠᠭᠠᠭᠰᠠᠨ ᠢᠶᠠᠷ᠂ ᠡᠨᠡ ᠬᠦ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠨᠡᠷᠡᠨ ᠤ ᠡᠨᠧᠷᠭᠢ ᠶᠢᠨ ᠭᠡᠷᠡᠯ ᠢᠯᠴᠢ ᠶᠢ ᠬᠤᠷᠠᠮᠳᠤᠭᠤᠯᠬᠤ | ᠬᠠᠪᠲᠠᠰᠤ ᠨᠢ ᠨᠡᠷᠡᠨ ᠤ ᠲᠤᠰᠤᠯᠲᠠ ᠭᠦᠢᠴᠡᠳ ᠪᠠᠶᠢᠬᠤ ᠦᠶ᠎ᠡ ᠳᠤ ᠨᠡᠷᠡᠨ ᠤ ᠬᠡᠷᠡᠯ ᠤᠨ ᠡᠨᠧᠷᠭᠢ ᠶᠢ ᠢᠯᠴᠢ ᠬᠠᠩᠭᠠᠬᠤ ᠡᠨᠧᠷᠭᠢ ᠪᠣᠯᠭᠠᠨ ᠬᠤᠪᠢᠷᠠᠭᠤᠯᠵᠤ | ᠰᠢᠭᠤᠳ ᠢᠯᠴᠢ ᠬᠠᠩᠭᠠᠵᠤ ᠢᠯᠡᠭᠦᠴᠡ ᠢᠯᠴᠢ ᠶᠢᠨ ᠢᠷᠡᠯᠲᠡ ᠶᠢ ᠡᠨᠧᠷᠭᠢ ᠬᠠᠳᠠᠭᠠᠯᠠᠬᠤ ᠰᠢᠰᠲ᠋ᠧᠮ ᠳᠤ ᠬᠠᠳᠠᠭᠠᠯᠠᠵᠤ ᠰᠥᠨᠢ ᠪᠠᠷ ᠪᠡᠯᠡᠳᠬᠡᠨ ᠬᠠᠳᠠᠭᠠᠯᠠᠵᠤ | ᠪᠠᠶᠢᠭ᠎ᠠ ᠢᠯᠴᠢ ᠶᠢᠨ ᠢᠷᠡᠯᠲᠡ ᠶᠢ ᠬᠡᠷᠡᠭᠯᠡᠵᠦ ᠪᠠᠷᠠᠭᠰᠠᠨ ᠤ ᠳᠠᠷᠠᠭ᠎ᠠ ᠳᠠᠬᠢᠨ ᠴᠠᠬᠢᠯᠭᠠᠨ ᠢᠶᠠᠷ ᠬᠠᠯᠠᠭᠤᠯᠵᠤ ᠪᠠᠶᠢᠭᠠᠳ ᠨᠥᠬᠦᠪᠦᠷᠢᠯᠡᠵᠦ ᠮᠠᠯᠴᠢᠨ | ᠲᠠᠷᠢᠶᠠᠴᠢᠨ ᠤ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠲᠣᠭᠲᠠᠮᠠᠯ ᠪᠠᠶᠢᠳᠠᠯ ᠳᠤ ᠪᠠᠶᠢᠯᠭᠠᠬᠤ ᠶᠢ ᠪᠠᠳᠤᠯᠠᠳᠠᠭ ᠪᠠᠶᠢᠨ᠎ᠠ᠃ | ᠤᠯᠠᠭᠠᠨᠲᠣᠯᠤᠭᠠᠢ ᠪᠠᠯᠭᠠᠰᠤ ᠨᠢ ︽ᠵᠠᠰᠠᠭ ᠤᠨ ᠣᠷᠳᠣᠨ ᠠᠴᠠ ᠨᠥᠬᠦᠪᠦᠷᠢ ᠥᠭᠴᠤ ᠥᠯᠡᠳᠡᠭᠰᠠᠨ ᠢ ᠨᠢ ᠮᠠᠯᠴᠢᠨ ᠲᠠᠷᠢᠶᠠᠴᠢᠨ ᠡᠷᠦᠬᠡ ᠥᠪᠡᠰᠦᠪᠡᠨ | ᠭᠠᠷᠭᠠᠬᠤ︾ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢᠶᠠᠷ ᠮᠠᠯᠴᠢᠨ ᠲᠠᠷᠢᠶᠠᠴᠢᠨ ᠳᠤ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ᠂ | ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠳᠤᠯᠠᠭᠠᠯᠠᠭ᠎ᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠠᠴᠠ ᠭᠠᠳᠠᠨ᠎ᠠ ᠪᠠᠰᠠ 1.5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ | ᠣᠷᠣᠭᠤᠯᠤᠯᠲᠠ ᠲᠠᠢ ︽ᠪᠥᠬᠦ ᠴᠠᠷᠠᠭᠠᠨ ᠤ ᠴᠠᠬᠢᠯᠭᠠᠨ ᠢ ᠪᠠᠲᠤᠯᠠᠬᠤ︾ ᠬᠥᠳᠡᠭᠡ ᠲᠣᠰᠬᠤᠨ ᠤ ᠴᠠᠬᠢᠯᠭᠠᠨ ᠲᠣᠣᠷ ᠢ ᠳᠡᠭᠡᠭᠰᠢᠯᠡᠭᠦᠯᠬᠦ ᠲᠥᠷᠥᠯ ᠵᠦᠢᠯ ᠢ ᠢᠵᠢ | ᠪᠦᠷᠢᠳᠦᠭᠦᠯᠦᠨ ᠬᠡᠷᠡᠭᠵᠢᠭᠦᠯᠵᠦ ᠪᠥᠬᠦ ᠪᠠᠯᠭᠠᠰᠤᠨ ᠤ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠵᠦ ᠮᠠᠯᠵᠢᠬᠤ ᠲᠠᠷᠢᠶᠠᠯᠠᠬᠤ | ᠣᠷᠣᠨ ᠤ ᠴᠠᠬᠢᠯᠭᠠᠨ ᠲᠣᠣᠷ ᠢ ᠨᠡᠶᠢᠳᠡᠮ ᠪᠦᠷᠬᠦᠭᠦᠯᠵᠦ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠲᠣᠯᠠᠵᠦ ᠪᠠᠶᠢᠨ᠎ᠠ᠃ | | | | | ᠰᠣᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠢᠥᠢ ᠵᠢᠶᠧ ᠮᠧᠩ᠂ ᠶᠠᠩ ᠰᠢᠶᠦᠤ | |