ᠰᠢᠷᠬᠤᠰᠤᠨ ᠪᠠᠯᠭᠠᠰᠤ ᠰᠢᠬᠢᠷᠯᠢᠭ ᠤᠳᠪᠠᠯᠠ ᠲᠠᠷᠢᠵᠤ ᠡᠭᠢᠯᠠᠯ᠎ᠠ
ᠨᠡᠶᠢᠲᠡᠯᠡᠭᠰᠡᠨ ᠴᠠᠭ᠄
2024/5/17
      ᠡᠨᠡ ᠵᠢᠯ᠂ ᠰᠢᠷᠬᠤᠰᠤᠨ ᠪᠠᠯᠭᠠᠰᠤ ᠮᠤᠤᠠᠤᠰᠤ ᠶᠢᠨ ᠡᠯᠡᠰᠦᠷᠬᠡᠭ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠳᠤ ᠲᠦᠰᠢᠭᠯᠡᠨ ᠰᠢᠬᠢᠷᠯᠢᠭ ᠤᠳᠪᠠᠯᠠ ᠳᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ ᠲᠠᠷᠢᠶᠠᠴᠢᠨ ᠡᠷᠦᠬᠡ ᠪᠣᠯᠤᠨ  ᠬᠤᠷᠰᠢᠶᠠᠵᠢᠯ ᠢ ᠳᠠᠶᠢᠴᠢᠯᠠᠨ ᠬᠠᠮᠲᠤ ᠪᠠᠷ ᠠᠰᠢᠭ ᠭᠥᠷᠳᠡᠵᠦ ᠬᠠᠮᠲᠤ ᠪᠠᠷ ᠪᠠᠶᠠᠵᠢᠬᠤ ᠶᠢ ᠪᠡᠶᠡᠯᠡᠭᠦᠯᠦᠭᠰᠡᠨ ᠪᠠᠶᠢᠨ᠎ᠠ᠃ ᠰᠢᠷᠬᠤᠰᠤᠨ ᠪᠠᠯᠭᠠᠰᠤᠨ ᠤ ᠪᠠᠭ᠎ᠠ ᠰᠢᠪᠠᠷ ᠲᠣᠰᠬᠤᠨ ᠳᠤ 50 ᠭᠠᠷᠤᠢ ᠠᠵᠢᠯᠴᠢᠨ ᠣᠷᠣᠨ ᠪᠦᠰᠡ ᠬᠤᠪᠢᠶᠠᠨ ᠰᠢᠬᠢᠷᠯᠢᠭ ᠤᠳᠪᠠᠯᠠ ᠶᠢᠨ ᠰᠤᠶᠤᠭ᠎ᠠ ᠶᠢ ᠰᠢᠯᠵᠢᠭᠦᠯᠦᠨ ᠵᠠᠶᠢᠯᠠᠵᠤ ᠶᠠᠭᠠᠷᠠᠯᠲᠠᠢ ᠠᠵᠢᠯᠯᠠᠨ᠎ᠠ᠃ ᠺᠠᠶᠢᠯᠦ ᠰᠢᠶᠠᠨ ᠤ ᠲᠢᠶᠠᠨ ᠶᠧ ᠲᠠᠷᠢᠶᠠᠯᠠᠩ ᠤᠨ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠶᠠᠨ ᠹᠧᠩ᠄ ︽ᠤᠷᠴᠢᠮ ᠭᠡᠳᠤ ᠤᠳᠠᠭ᠎ᠠ ᠪᠣᠷᠣᠭᠠᠨ ᠤᠷᠤᠭᠰᠠᠨ ᠪᠤᠯᠬᠤᠷ ᠵᠠᠶᠢᠯᠠᠯᠲᠠ ᠳᠤ ᠮᠠᠰᠢ ᠠᠰᠢᠭᠲᠠᠢ ᠪᠤᠯᠤᠯ᠎ᠠ᠂ ᠡᠳᠦᠷ ᠪᠦᠷᠢ 60 ᠭᠠᠷᠤᠶ ᠮᠥ ᠭᠠᠵᠠᠷ ᠲᠤ ᠰᠤᠶᠤᠭ᠎ᠠ ᠰᠢᠯᠵᠢᠭᠦᠯᠦᠨ ᠵᠠᠶᠢᠯᠠᠵᠤ ᠪᠠᠶᠢᠨ᠎ᠠ︾ ᠭᠡᠯ᠎ᠡ᠃ 
1.webp.jpg
       ᠣᠢᠯᠠᠭᠠᠭᠰᠠᠨ ᠢᠶᠠᠷ᠂ ᠰᠢᠬᠢᠷᠯᠢᠭ ᠤᠳᠪᠠᠯᠠ ᠪᠤᠯ ᠡᠮᠦᠨᠡᠲᠦ ᠠᠮᠧᠷᠢᠺᠠ ᠲᠢᠪ ᠤᠨ ᠥᠨᠳᠥᠷ ᠠᠭᠤᠯᠠᠨ ᠤ ᠲᠠᠯ᠎ᠠ ᠭᠠᠵᠠᠷ ᠲᠤ ᠤᠷᠭᠤᠳᠠᠭ ᠨᠢᠭᠡ ᠵᠦᠢᠯ ᠤᠨ ᠳᠣᠣᠷ᠎ᠠ ᠢᠯᠴᠢᠳᠤ ᠥᠨᠳᠥᠷ ᠰᠢᠬᠢᠷ ᠲᠠᠢ ᠠᠮᠤᠷ ᠲᠦᠪᠰᠢᠨ ᠪᠠᠶᠢᠭᠠᠯᠢᠯᠢᠭ ᠡᠳ᠋  ᠪᠠᠶᠢᠵᠤ ᠣᠳᠣ ᠨᠢᠭᠡᠨᠲᠡ ᠢᠳᠡᠭᠡᠨ᠂ ᠤᠮᠳᠠᠭᠠᠨ᠂ ᠡᠮ ᠤᠨ ᠵᠦᠢᠯ᠂ ᠡᠷᠡᠭᠦᠯᠵᠢᠯ ᠤᠨ ᠡᠳ᠋ ᠵᠡᠷᠭᠡ ᠴᠠᠷᠠᠭᠠᠨ ᠳᠤ ᠥᠷᠭᠡᠨ ᠢᠶᠠᠷ ᠬᠡᠷᠡᠭᠯᠡᠭᠳᠡᠭᠰᠡᠨ ᠪᠠᠶᠢᠨ᠎ᠠ᠃ 
2.webp.jpg
 
3.webp.jpg
      ᠡᠨᠡ ᠵᠢᠯ᠂ ᠰᠢᠷᠬᠤᠰᠤᠨ ᠪᠠᠯᠭᠠᠰᠤ ᠠᠵᠤ ᠦᠢᠯᠡᠰ ᠤᠨ ᠪᠦᠲᠦᠴᠡ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ ᠲᠠᠷᠢᠶᠠᠴᠢᠨ ᠤ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠤᠨᠴᠠᠯᠢᠬᠳᠤ ᠲᠠᠷᠢᠮᠠᠯ ᠳᠠᠷᠢᠬᠤ ᠶᠢ ᠬᠥᠲᠥᠯᠦᠨ  ᠵᠢᠯᠤᠭᠤᠳᠬᠤ ᠶᠢᠨ ᠲᠥᠯᠥᠭᠡ ︽ᠲᠠᠷᠢᠶᠠᠴᠢᠨ ᠭᠠᠵᠠᠷ ᠰᠢᠷᠣᠶ ᠪᠠᠷ ᠬᠤᠪᠢ ᠤᠷᠤᠬᠤ + ᠠᠵᠤ ᠠᠬᠤᠶᠢᠯᠠᠯ ᠵᠠᠶᠢᠯᠠᠨ ᠲᠠᠷᠢᠬᠤ᠂ ᠬᠠᠮᠢᠶᠠᠷᠬᠤ ᠪᠠ ᠲᠡᠭᠦᠵᠦ ᠬᠤᠷᠢᠶᠠᠬᠤ ᠶᠢ ᠬᠠᠷᠢᠭᠤᠴᠠᠬᠤ︾ ᠵᠠᠭᠪᠤᠷ ᠢᠶᠠᠷ ᠪᠠᠭ᠎ᠠ ᠰᠢᠪᠡᠷ ᠲᠣᠰᠬᠤᠨ ᠤ 400 ᠭᠠᠷᠤᠶ ᠮᠥ  ᠲᠠᠷᠢᠶᠠᠨ ᠭᠠᠵᠠᠷ ᠢ ᠰᠢᠬᠢᠷᠯᠢᠭ ᠤᠳᠪᠠᠯᠠ ᠳᠠᠷᠢᠬᠤ ᠲᠤᠰᠬᠠᠶ ᠬᠤᠷᠰᠢᠶᠠᠵᠢᠯ ᠳᠤ ᠳᠠᠭᠠᠭᠠᠴᠢᠯᠠᠭᠤᠯᠤᠨ ᠥᠭᠴᠦ ᠲᠠᠷᠢᠶᠠᠴᠢᠨ ᠡᠷᠦᠬᠡ ᠬᠢᠭᠡᠳ ᠬᠤᠷᠰᠢᠶᠠᠵᠢᠯ ᠬᠠᠮᠲᠤ ᠪᠠᠷ ᠠᠰᠢᠭ ᠭᠥᠷᠳᠡᠵᠦ ᠬᠠᠮᠲᠤ ᠪᠠᠷ ᠪᠠᠶᠠᠵᠢᠬᠤ ᠶᠢ ᠪᠡᠶᠡᠯᠡᠭᠦᠯᠦᠭᠰᠡᠨ ᠪᠠᠶᠢᠨ᠎ᠠ᠃      ᠰᠢᠷᠬᠤᠰᠤᠨ ᠪᠠᠯᠭᠠᠰᠤᠨ ᠤ ᠪᠠᠲᠤ ᠶᠢᠨ ᠲᠤᠬᠤᠢ ᠲᠣᠰᠬᠤᠨ ᠤ ᠠᠷᠠᠳ ᠼᠠᠢ ᠰᠢᠶᠠᠩ ᠴᠢᠶᠠᠨ᠄ ︽ᠡᠨᠡ ᠵᠢᠯ  ᠲᠣᠰᠬᠠᠢ ᠬᠤᠷᠰᠢᠶᠠᠵᠢᠯ ᠲᠠᠢ ᠵᠠᠬᠢᠶᠠᠯᠠᠭ᠎ᠠ ᠲᠣᠭᠲᠠᠵᠤ᠂ 35 ᠮᠦ ᠰᠢᠬᠢᠷᠯᠢᠭ ᠤᠳᠪᠠᠯᠠ ᠲᠠᠷᠢᠬᠤ ᠪᠠᠷ ᠲᠥᠯᠥᠪᠯᠡᠵᠦ ᠪᠠᠶᠢᠨ᠎ᠠ᠂ ᠰᠤᠶᠤᠭ᠎ᠠ ᠶᠢ ᠬᠤᠷᠰᠢᠶ᠎ᠠ ᠠᠴᠠ ᠬᠠᠩᠭᠠᠭᠰᠠᠨ ᠶᠤᠮ᠂ ᠮᠦ ᠪᠦᠷᠢ ᠶᠢᠨ ᠤᠨᠠᠯᠲᠠ ᠪᠠᠷᠤᠭ 8000 — 1000 ᠵᠢᠩ ᠣᠷᠴᠢᠮ᠂ ᠵᠢᠩ ᠪᠦᠷᠢ ᠶᠢ 8 ᠲᠥᠭᠦᠷᠢᠭ ᠢᠶᠠᠷ ᠬᠤᠷᠢᠶᠠᠨ ᠠᠪᠬᠤ ᠪᠠᠷ ᠪᠤᠳᠤᠪᠠᠯ ᠦᠷ᠎ᠡ ᠠᠰᠢᠭ ᠨᠢ ᠡᠷᠳᠡᠨᠢ ᠰᠢᠰᠢ ᠠᠴᠠ ᠬᠤᠶᠠᠷ ᠳᠠᠬᠢᠨ ᠥᠨᠳᠥᠷ ᠪᠤᠯᠤᠨ᠎ᠠ ᠭᠡᠯ᠎ᠡ᠃       ᠣᠶᠢᠯᠠᠭᠠᠭᠰᠠᠨ ᠢᠶᠠᠷ᠂ ᠰᠢᠬᠢᠷᠯᠢᠭ ᠤᠳᠪᠠᠯᠠ ᠳᠠᠷᠢᠬᠤ ᠳᠤ ᠶᠡᠭᠡ ᠬᠡᠮᠵᠢᠶᠡᠨ ᠤ ᠬᠥᠮᠦᠨ ᠤ ᠬᠦᠴᠦ ᠭᠡᠷᠡᠭᠰᠡᠳᠡᠭ ᠪᠠᠶᠢᠵᠤ᠂ ᠵᠥᠪᠬᠡᠨ ᠲᠠᠷᠢᠬᠤ ᠱᠠᠳᠤᠨ  ᠳᠤ 200 ᠭᠠᠷᠤᠢ ᠠᠵᠢᠯᠴᠢᠨ ᠭᠡᠷᠡᠭᠯᠡᠨ ᠲᠠᠷᠢᠬᠤ᠂ ᠬᠠᠮᠢᠶᠠᠷᠬᠤ ᠪᠠ ᠲᠡᠭᠦᠵᠦ ᠬᠤᠷᠢᠶᠠᠬᠤ ᠱᠠᠲᠤᠨ ᠳᠤ ᠲᠣᠰᠬᠤᠨ ᠤ ᠠᠷᠠᠳ ᠭᠠᠵᠠᠷ ᠰᠢᠷᠣᠶ ᠳᠠᠭᠠᠭᠠᠴᠢᠯᠠᠬᠤ ᠰᠦᠢᠳᠬᠡᠯ ᠣᠯᠵᠤ ᠪᠣᠯᠬᠤ ᠮᠥᠷᠲᠡᠭᠡᠨ ᠪᠠᠰᠠ ᠬᠦᠴᠦ ᠬᠥᠳᠡᠯᠮᠦᠷᠢ ᠶᠢᠨ ᠭᠥᠯᠥᠰᠤ ᠮᠦᠩᠭᠦ ᠣᠯᠵᠤ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃       ᠤᠢᠢᠷ᠎ᠠ ᠶᠢᠨ ᠵᠢᠯ ᠠᠴᠠ᠂ ᠰᠢᠷᠬᠤᠰᠤᠨ ᠪᠠᠯᠭᠠᠰᠤ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ ᠵᠣᠬᠢᠰᠲᠠᠢ ᠭᠡᠪᠴᠢᠶᠠᠵᠢᠭ᠍ᠰᠡᠨ ᠡᠵᠡᠩᠨᠡᠯᠲᠡ ᠶᠢᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠠᠴᠠ ᠠᠵᠤ ᠦᠢᠯᠡᠰ ᠤᠨ ᠪᠦᠲᠦᠴᠡ ᠶᠢ ᠲᠤᠭᠢᠷᠠᠭᠤᠯᠤᠨ ᠯᠠᠵᠤᠤ᠂ ᠰᠠᠷᠭᠠᠢ᠂ ᠰᠢᠬᠢᠷᠯᠢᠭ ᠤᠳᠪᠠᠯᠠ ᠵᠡᠷᠭᠡ ᠶᠢ ᠣᠷᠣᠭᠤᠯᠤᠨ ᠠᠪᠴᠢᠷᠠᠬᠤ ᠬᠦᠷᠲᠡᠯ᠎ᠡ ︽ᠨᠠᠮ ᠤᠨ ᠡᠭᠦᠷ +ᠬᠤᠷᠰᠢᠶᠠᠵᠢᠯ+ᠠᠵᠤ ᠠᠬᠤᠶᠢᠯᠠᠯ+ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠭᠡᠷᠡᠭᠯᠡᠨ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠳᠡᠭᠡᠭᠰᠢᠯᠡᠭᠦᠯᠬᠦ ᠶᠢᠨ ᠬᠠᠮᠲᠤ ᠭᠠᠵᠠᠷ ᠰᠢᠷᠣᠢ ᠶᠢᠨ ᠡᠷᠭᠢᠯᠲᠡ ᠪᠠᠷ ᠳᠠᠮᠵᠢᠨ ᠬᠥᠳᠡᠯᠮᠦᠷᠢ ᠬᠦᠴᠦᠨ ᠢ ᠴᠢᠯᠥᠭᠡᠯᠡᠵᠦ ᠮᠠᠯᠴᠢᠨ ᠲᠠᠷᠢᠶᠠᠴᠢᠨ ᠢ ᠭᠡᠷ  ᠤᠨ ᠢᠶᠠᠨ ᠡᠭᠦᠳᠠᠨ ᠳᠤ ᠬᠥᠯᠥᠰᠥᠨ ᠠᠵᠢᠯ ᠭᠢᠭᠦ ᠰᠤᠩᠭᠤᠯᠳᠠ ᠲᠠᠢ ᠪᠤᠯᠭᠠᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃                                 ᠰᠣᠷᠪᠤᠯᠵᠢᠯᠠᠭᠴᠢ᠄ ᠠᠯᠤᠰ᠂ ᠸᠠᠩ ᠴᠢ᠂ ᠢᠦᠢ ᠵᠢᠶᠧ ᠮᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ