ᠪᠠᠲᠤᠳᠠᠯᠠᠢ《ᠦᠪᠤᠷ ᠮᠣᠩᠭᠤᠯ  ᠤᠨ ᠰᠠᠶᠢᠨ ᠬᠦᠮᠦᠨ︾ ᠢᠶᠠᠷ ᠦᠨᠡᠯᠡᠭᠳᠡᠯ᠎ᠡ
ᠨᠡᠶᠢᠲᠡᠯᠡᠭᠰᠡᠨ ᠴᠠᠭ᠄
2024/5/23
      ᠦᠦᠰᠢᠨ ᠬᠤᠰᠢᠭᠤᠨ ᠤ ᠤᠯᠠᠭᠠᠨᠲᠣᠯᠣᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠪᠠᠲᠤᠳᠠᠯᠠᠢ ᠪᠦᠰᠡᠭᠦᠢ ᠬᠤᠶᠠᠭᠤᠯᠠ ᠪᠠᠨ ᠤᠢᠢᠷ᠎ᠠ ᠶᠢᠨ ᠠᠷᠪᠠᠨ ᠵᠢᠯ ᠤᠨ ᠬᠤᠭᠤᠴᠠᠭᠠᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠨᠤᠲᠤᠭ ᠤᠰᠤᠨ ᠤ ᠪᠠᠨ ᠮᠠᠯᠴᠢᠨ ᠲᠦᠮᠡᠨ᠂ ᠬᠦᠴᠢᠷᠳᠡᠯᠲᠡᠢ ᠰᠤᠷᠤᠭᠴᠢᠳ ᠲᠤ ᠡᠳ᠋ ᠪᠣᠳᠠᠰ᠂ ᠪᠡᠯᠡ ᠮᠥᠩᠭᠦ ᠵᠢᠴᠢ ᠮᠡᠷᠭᠡᠵᠢᠯ ᠤᠨ ᠳᠡᠮᠵᠢᠯᠭᠡ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠢᠢᠳᠪᠤᠷᠢᠯᠡᠨ᠂ ᠳᠡᠷᠭᠡᠳᠡᠬᠢ ᠬᠦᠮᠦᠰ ᠤᠨ ᠰᠡᠳᠬᠢᠯ ᠢ ᠨᠢ ᠳᠤᠯᠠᠭᠠᠴᠠᠭᠤᠯᠤᠭᠰᠠᠨ ᠪᠠᠶᠢᠨ᠎ᠠ᠃ 
1.jpg
      ᠪᠠᠲᠤᠳᠠᠯᠠᠢ ᠤᠷᠢᠳ ᠬᠤᠵᠢᠳ ︽ᠦᠦᠰᠢᠨ ᠬᠤᠰᠢᠭᠤᠨ ᠤ ᠰᠠᠶᠢᠨ ᠬᠦᠮᠦᠨ︾ ᠂ ︽ᠤᠷᠳᠤᠰ ᠬᠤᠲᠠ ᠶᠢᠨ ᠰᠠᠶᠢᠨ ᠬᠦᠮᠦᠨ︾ ᠵᠡᠷᠭᠡ ᠢᠷᠠᠭᠤ ᠠᠯᠳᠠᠷ ᠢ ᠬᠦᠷᠲᠡᠵᠦ᠂ ᠣᠶᠢᠷ᠎ᠠ ᠶᠢᠨ ᠡᠳᠦᠷ ︽ᠦᠪᠤᠷ ᠮᠣᠩᠭᠤᠯ ᠤᠨ ᠰᠠᠶᠢᠨ ᠬᠦᠮᠦᠨ︾ ᠢᠶᠠᠷ ᠦᠨᠡᠯᠡᠭᠳᠡᠵᠡᠢ᠃ 
2.jpg
 
3.jpg
 
ᠢᠷᠡᠯᠲᠡ᠄ ᠲᠤᠯᠠᠭᠠᠨ ᠮᠡᠳᠡᠭᠡ