ᠦᠦᠰᠢᠨ ᠬᠤᠰᠢᠭᠤ 2491 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2024/5/27
      ᠬᠤᠳᠠᠯᠳᠤᠭ᠎ᠠ ᠡᠷᠬᠢᠯᠡᠬᠦ ᠣᠷᠴᠢᠨ  ᠠᠬᠤᠢ ᠶᠢ ᠤᠯᠠᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠳᠠᠷᠤᠯᠲᠠ ᠶᠢ ᠪᠦᠲᠦᠮᠵᠢᠲᠡᠶ ᠰᠢᠢᠳᠪᠤᠷᠢᠯᠡᠨ᠂ ᠠᠵᠤ ᠠᠬᠤᠶᠢᠯᠠᠯ ᠤᠨ ᠠᠵᠢᠯᠲᠠᠨ ᠤ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠬᠤ ᠶᠢᠨ ᠲᠦᠯᠦᠭᠡ᠂ ᠮᠠᠨ ᠤ ᠬᠤᠰᠢᠭᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠠᠬᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠦᠤᠰᠢᠨ ᠬᠤᠰᠢᠭᠤᠨ ᠤ ᠲᠤᠭ  ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠨᠡᠶᠢᠲᠡ 2491 ᠢᠵᠢ ᠲᠣᠬᠢᠷᠠᠭᠤᠯᠬᠤ ᠪᠠᠷ ᠪᠠᠶᠢᠵᠤ᠂ 2023 ᠣᠨ ᠤ 4 ᠰᠠᠷ᠎ᠠ ᠳᠤ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠡᠭᠦᠨ ᠳᠤ 1389 ᠢᠵᠢ ᠲᠦᠷᠢᠶᠡᠰᠦᠨ ᠣᠷᠣᠨ ᠰᠠᠭᠤᠴᠠ ᠶᠢ ᠵᠢᠱᠢᠯᠲᠡ ᠪᠠᠷ 2024 ᠣᠨ ᠤ 5 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ᠂ ᠦᠯᠡᠳᠡᠭᠰᠡᠨ 1102 ᠢᠵᠢ ᠲᠦᠷᠢᠶᠡᠰᠦᠨ ᠣᠷᠣᠨ ᠰᠠᠭᠤᠴᠠ ᠶᠢ 2025 ᠣᠨ ᠳᠤ ᠪᠠᠶᠢᠭᠤᠯᠵᠤ ᠳᠠᠭᠤᠰᠬᠠᠬᠤ ᠪᠠᠷ ᠪᠠᠶᠢᠨ᠎ᠠ᠃ ᠲᠤᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠤᠭ ᠪᠠᠯᠭᠠᠰᠤᠨ ᠳᠠᠬᠢ 4982  ᠬᠥᠮᠦᠨ ᠤ ᠣᠷᠣᠨ ᠰᠠᠭᠤᠴᠠ ᠶᠢᠨ ᠠᠰᠠᠭᠤᠳᠠᠯ ᠢ ᠰᠢᠢᠳᠪᠤᠷᠢᠯᠡᠬᠦ ᠪᠣᠯᠣᠨ᠎ᠠ᠃   
ᠢᠷᠡᠯᠲᠡ᠄ ᠲᠤᠯᠠᠭᠠᠨ ᠮᠡᠳᠡᠭᠡ