ᠲᠣᠰᠣᠯᠢᠭ ᠣᠯᠠᠯᠵᠢ ᠪᠤᠷᠴᠠᠭ ᠤᠨ ᠲᠠᠷᠢᠮᠠᠯ ᠨᠢ ᠣᠷᠣᠨ ᠨᠤᠲᠤᠭ ᠪᠤᠯᠤᠨ ᠠᠵᠤ ᠠᠬᠤᠶᠢᠯᠠᠯ ᠤᠨ ᠣᠷᠣᠯᠭ᠎ᠠ ᠶᠢᠨ ᠨᠡᠮᠡᠭᠳᠠᠯ ᠢ ᠠᠭᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/30
      ᠮᠠᠨ ᠤ ᠬᠤᠰᠢᠭᠤ ᠭᠠᠵᠠᠷ ᠰᠢᠷᠤᠢ ᠶᠢ ᠡᠷᠭᠢᠯᠳᠤᠭᠦᠯᠤᠨ ᠡᠵᠡᠩᠨᠠᠭᠦ ᠪᠠᠷ ᠲᠠᠮᠵᠢᠭᠤᠯᠤᠨ ᠲᠣᠰᠣᠯᠢᠭ ᠣᠯᠠᠯᠵᠢ ᠪᠤᠷᠴᠠᠭ ᠤᠨ ᠮᠠᠰᠢᠨᠴᠢᠯᠠᠭᠰᠠᠨ᠂ ᠪᠠᠷᠢᠮᠵᠢᠶᠠᠵᠢᠭᠰᠠᠨ ᠰᠠᠭᠤᠷᠢᠨ ᠢ ᠪᠠᠶᠢᠭᠤᠯᠵᠤ᠂ ᠨᠠᠶᠢᠳᠠᠨ ᠲᠠᠷᠢᠬᠤ᠂ ᠰᠠᠭᠤᠷᠢ ᠶᠢ ᠨᠢ ᠪᠠᠲᠤᠯᠠᠵᠤ ᠬᠤᠳᠠᠯᠳᠤᠨ ᠠᠪᠬᠤ ᠬᠡᠯᠪᠡᠷᠢ ᠪᠠᠷ ᠮᠠᠯᠴᠢᠨ ᠲᠠᠷᠢᠶᠠᠴᠢᠨ ᠤ ᠲᠣᠰᠣᠯᠢᠭ ᠣᠯᠠᠯᠵᠢ ᠪᠤᠷᠴᠠᠭ ᠲᠠᠷᠢᠬᠤ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠵᠦ ᠪᠠᠶᠢᠨ᠎ᠠ᠃      ᠰᠣᠷᠪᠤᠯᠵᠢᠯᠠᠭᠴᠢ ᠤᠯᠠᠭᠠᠨᠲᠣᠯᠤᠭᠠᠢ ᠪᠠᠯᠭᠠᠰᠤᠨ ᠤ 1200 ᠮᠦ ᠲᠣᠰᠣᠯᠢᠭ ᠣᠯᠠᠯᠵᠢ ᠪᠤᠷᠴᠠᠭ ᠳᠠᠷᠢᠬᠤ ᠰᠠᠭᠤᠷᠢᠨ ᠭᠠᠵᠠᠷ ᠲᠤ ᠬᠦᠷᠬᠦ ᠳᠤ᠂ ᠬᠤᠶᠠᠷ ᠰᠠᠭᠤᠷᠢ ᠮᠠᠰᠢᠨ ᠶᠠᠭᠠᠷᠠᠯᠳᠠᠢ ᠠᠵᠢᠯᠯᠠᠵᠤ ᠪᠠᠶᠢᠯ᠎ᠠ᠂ ᠡᠨᠡᠬᠦ ᠰᠠᠶᠢᠵᠢᠷᠠᠭᠤᠯᠤᠯᠳᠠ ᠭᠢᠭᠰᠡᠨ ᠲᠣᠰᠣᠯᠢᠭ ᠣᠯᠠᠯᠵᠢ ᠪᠤᠷᠴᠠᠭ ᠳᠠᠷᠢᠬᠤ ᠮᠠᠰᠢᠨ ᠤ ᠮᠠᠰᠢᠨᠴᠢᠯᠠᠯᠲᠠ ᠶᠢᠨ ᠬᠡᠮᠵᠢᠶ᠎ᠡ ᠥᠨᠳᠥᠷ ᠪᠠᠶᠢᠵᠤ ᠪᠣᠷᠳᠣᠭᠤᠷ ᠰᠠᠴᠤᠬᠤ᠂ ᠭᠠᠵᠠᠷ ᠲᠠᠷᠢᠬᠤ᠂ ᠳᠤᠰᠤᠯᠭᠠᠨ ᠤᠰᠤᠯᠠᠬᠤ᠂ ᠪᠦᠰᠡ ᠳᠡᠪᠢᠰᠬᠦ ᠵᠡᠷᠭᠡ ᠠᠵᠢᠯ ᠢ ᠵᠡᠷᠭᠡᠪᠡᠷ ᠬᠢᠵᠦ ᠪᠤᠯᠳᠠᠭ ᠠᠴᠠ ᠮᠠᠯᠴᠢᠨ ᠲᠠᠷᠢᠶᠠᠴᠢᠨ ᠤ ᠥᠪᠠᠷ ᠤᠨ ᠥᠷᠳᠡᠭ ᠢ ᠪᠠᠭᠠᠰᠬᠠᠨ ᠥᠷ᠎ᠠ ᠠᠰᠢᠭ ᠢ ᠨᠡᠮᠡᠭᠳᠡᠭᠦᠯᠵᠤ ᠴᠢᠳᠠᠭᠰᠠᠨ ᠪᠠᠶᠢᠨ᠎ᠠ᠃      ᠲᠣᠰᠣᠯᠢᠭ ᠣᠯᠠᠯᠵᠢ ᠪᠤᠷᠴᠠᠭ ᠲᠠᠷᠢᠬᠤ ᠰᠠᠭᠤᠷᠢᠨ ᠤ ᠬᠠᠷᠢᠭᠤᠴᠠᠯᠭᠠᠲᠠᠨ ᠯᠢ ᠴᠢᠶᠠᠩ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠡᠨᠡ ᠵᠢᠯ ᠮᠡᠷᠭᠡᠵᠢᠯ ᠤᠨ ᠥᠭᠡᠷᠡᠴᠢᠯᠡᠯᠲᠡ ᠭᠢᠭᠰᠡᠨ ᠢᠶᠠᠷ ᠦᠷ᠎ᠡ ᠠᠰᠢᠭ ᠢ ᠶᠡᠭᠡ ᠪᠠᠷ ᠳᠡᠭᠡᠭᠰᠢᠯᠡᠬᠦᠯᠦᠯ᠎ᠡ᠂ ᠨᠢᠳᠤᠨᠤᠨ ᠪᠢᠳᠡ ᠲᠦᠷᠪᠡᠨ ᠰᠠᠭᠤᠷᠢ ᠮᠠᠰᠢᠨ ᠢᠶᠠᠷ 1600 ᠮᠦ ᠲᠠᠷᠢᠶᠠᠨ ᠭᠠᠵᠠᠷ ᠢ ᠪᠠᠷᠤᠭ 12 ᠡᠳᠦᠷ ᠲᠠᠷᠢᠳᠠᠭ  ᠪᠠᠶᠢᠵᠠᠢ᠂ ᠡᠨᠡ ᠵᠢᠯ ᠬᠤᠶᠠᠷ ᠰᠠᠭᠤᠷᠢ ᠮᠠᠰᠢᠨ ᠢᠶᠠᠷ 1200 ᠮᠦ ᠲᠠᠷᠢᠶᠠᠨ ᠭᠠᠵᠠᠷ ᠢ 5—7 ᠡᠳᠦᠷ ᠲᠤ ᠪᠠᠷᠤᠭ ᠲᠠᠷᠢᠵᠦ ᠲᠠᠭᠤᠰᠬᠠᠨ᠎ᠠ᠃ ᠵᠢᠱᠢᠪᠡᠯ ᠮᠦ ᠪᠦᠷᠢ ᠶᠢᠨ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠷᠤᠭ 80  ᠲᠦᠬᠦᠷᠢᠭ ᠠᠷᠪᠢᠯᠠᠵᠤ ᠳᠡᠶᠢᠯᠦᠨ᠎ᠡ︾ ᠭᠡᠯ᠎ᠠ᠃
1.webp.jpg
     ᠤᠶᠢᠯᠠᠭᠠᠭᠰᠠᠨ ᠢᠶᠠᠷ᠂ ᠲᠣᠰᠣᠯᠢᠭ ᠣᠯᠠᠯᠵᠢ ᠪᠤᠷᠴᠠᠭ ᠤᠨ ᠵᠣᠬᠢᠴᠠᠬᠤ ᠴᠢᠨᠠᠷ ᠨᠢ ᠥᠷᠭᠡᠨ᠂ ᠭᠠᠩ ᠬᠠᠭᠰᠠᠷᠠᠭᠠᠨ ᠢ ᠡᠰᠡᠷᠬᠦᠴᠡᠬᠦ ᠴᠢᠳᠠᠪᠤᠷᠢ ᠰᠠᠶᠢᠨ᠂ ᠤᠰᠤᠲᠤᠯ ᠳᠤ ᠲᠡᠰᠪᠦᠷᠢᠲᠡᠢ᠂ ᠢᠯᠠᠩᠭᠤᠶ᠎ᠠ ᠡᠯᠡᠰᠦᠨ ᠴᠥᠯ ᠳᠤ ᠤᠷᠭᠤᠬᠤ ᠳᠤ ᠲᠣᠬᠢᠷᠠᠮᠵᠢᠲᠠᠢ ᠤᠴᠢᠷ ᠠᠴᠠ ᠠᠵᠤ ᠠᠬᠤᠢ ᠶᠢᠨ ᠦᠷ᠎ᠡ ᠠᠰᠢᠭ ᠨᠢ ᠰᠠᠶᠢᠨ ᠪᠠᠶᠢᠳᠠᠭ᠃ ᠡᠭᠦᠨ ᠠᠴᠠ ᠭᠠᠳᠠᠨ᠎ᠠ ᠲᠣᠰᠣᠯᠢᠭ ᠣᠯᠠᠯᠵᠢ ᠪᠤᠷᠴᠠᠭ ᠤᠨ ᠲᠠᠷᠢᠮᠠᠯ ᠨᠢ ᠬᠥᠷᠥᠰᠥ ᠰᠢᠷᠣᠢ ᠶᠢᠨ ᠣᠷᠭᠠᠨᠢᠭ ᠴᠢᠨᠠᠷ ᠢ ᠨᠡᠮᠡᠭᠳᠡᠭᠦᠯᠵᠦ ᠡᠯᠡᠰᠦᠷᠬᠡᠭ ᠭᠠᠵᠠᠷ ᠤᠨ ᠤᠷᠭᠤᠮᠠᠯ ᠤᠨ ᠪᠦᠷᠬᠦᠴᠡ ᠶᠢ ᠪᠦᠲᠦᠮᠵᠢᠲᠡᠶ ᠳᠡᠭᠡᠭᠰᠢᠯᠡᠬᠦᠯᠳᠡᠭ ᠪᠠᠶᠢᠨ᠎ᠠ᠃ ᠨᠢᠳᠤᠨᠤᠨ ᠮᠠᠨ ᠤ ᠬᠤᠰᠢᠭᠤ ᠭᠠᠵᠠᠷ ᠰᠢᠷᠣᠢ ᠶᠢ ᠡᠷᠭᠢᠯᠳᠤᠭᠦᠯᠤᠨ ᠡᠵᠡᠩᠨᠠᠭᠦ ᠪᠠᠷ ᠳᠠᠮᠵᠢᠭᠤᠯᠤᠨ ᠬᠦᠲᠦᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠲᠣᠰᠣᠯᠢᠭ ᠣᠯᠠᠯᠵᠢ ᠪᠤᠷᠴᠠᠭ ᠳᠠᠷᠢᠬᠤ ᠬᠡᠪᠴᠢᠶᠡᠵᠢᠭᠰᠡᠨ ᠰᠠᠭᠤᠷᠢᠨ ᠭᠠᠵᠠᠷ ᠢ ᠪᠠᠶᠢᠭᠤᠯᠵᠤ ᠵᠢᠯ ᠤᠨ ᠡᠴᠦᠰ ᠲᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠲᠣᠰᠣᠯᠢᠭ ᠣᠯᠠᠯᠵᠢ ᠪᠤᠷᠴᠠᠭ ᠤᠨ ᠮᠦ ᠪᠦᠷᠢ ᠶᠢᠨ ᠤᠨᠠᠯᠲᠠ 1100 ᠵᠢᠩ ᠢ ᠳᠠᠪᠠᠭᠰᠠᠨ ᠢ ᠪᠤᠳᠤᠨ ᠭᠠᠷᠭᠠᠭᠰᠠᠨ ᠪᠠᠶᠢᠨ᠎ᠠ᠃      ᠯᠢ ᠴᠢᠶᠠᠩ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠨᠢᠳᠤᠨᠤᠨ ᠤ ᠤᠨᠠᠯᠲᠠ ᠶᠢ ᠬᠡᠮᠵᠢᠭᠰᠡᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ ᠪᠤᠷᠴᠠᠭ ᠤᠨ ᠮᠦ ᠪᠦᠷᠢ ᠶᠢᠨ ᠤᠨᠠᠯᠲᠠ ᠨᠢ 568 ᠺᠢᠯᠣᠭ᠍ᠷᠠᠮ᠂ ᠡᠪᠡᠰᠤᠨ ᠤ ᠮᠦ ᠪᠦᠷᠢ ᠶᠢᠨ ᠬᠤᠷᠢᠶᠠᠯᠳᠠ ᠨᠢ 300 ︱ 400 ᠺᠢᠯᠣᠭ᠍ᠷᠠᠮ ᠪᠠᠶᠢᠵᠤ᠂ ᠡᠪᠡᠰᠤᠨ ᠤ ᠪᠤᠷᠤᠯᠠᠭᠤᠯᠤᠯᠳᠠ ᠨᠢ ᠴᠤ ᠰᠠᠶᠢᠨ ᠪᠠᠶᠢᠵᠤ᠂ ᠪᠥᠭᠦᠨ ᠢ ᠪᠤᠷᠤᠯᠠᠭᠤᠯᠵᠤ ᠳᠠᠭᠤᠰᠴᠠᠢ︾  ᠭᠡᠵᠤ ᠪᠠᠶᠢᠯ᠎ᠠ᠃     ᠡᠨᠡ ᠵᠢᠯ ᠮᠠᠨ ᠤ ᠬᠤᠰᠢᠭᠤ 3000 ᠮᠦ ᠠᠴᠠ ᠳᠡᠭᠡᠭᠰᠢ ᠲᠣᠰᠣᠯᠢᠭ ᠣᠯᠠᠯᠵᠢ ᠪᠤᠷᠴᠠᠭ ᠲᠠᠷᠢᠬᠤ ᠪᠠᠷ ᠲᠥᠯᠥᠪᠯᠡᠵᠦ᠂ ᠲᠤᠰ ᠰᠠᠭᠤᠷᠢᠨ ᠭᠠᠵᠠᠷ ᠨᠢ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠡᠷᠦᠬᠡ ᠲᠠᠢ ᠨᠠᠶᠢᠳᠠᠨ ᠲᠠᠷᠢᠬᠤ ᠵᠠᠬᠢᠶᠠᠯᠠᠭ᠎ᠠ ᠲᠣᠭᠲᠠᠵᠤ᠂ ᠰᠠᠭᠤᠷᠢᠨ ᠭᠠᠵᠠᠷ ᠠᠴᠠ ᠲᠠᠷᠢᠶᠠᠴᠢᠨ ᠡᠷᠦᠬᠡ ᠳᠤ ᠦᠷ᠎ᠡ᠂ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠡᠷᠦᠬᠡ ᠭᠠᠵᠠᠷ ᠰᠢᠷᠣᠢ ᠪᠠ ᠬᠥᠳᠡᠯᠮᠦᠷᠢ ᠬᠦᠴᠦ ᠬᠠᠩᠭᠠᠬᠤ ᠪᠠᠷ ᠪᠤᠢ᠃ ᠣᠳᠣᠬᠠᠨ ᠳᠤ᠂ ᠰᠠᠭᠤᠷᠢᠨ ᠭᠠᠵᠠᠷ ᠤᠨ ᠬᠢᠨ ᠨᠢᠭᠡᠨᠲᠡ ᠣᠷᠣᠨ ᠨᠤᠲᠤᠭ ᠤᠨ ᠵᠠᠰᠠᠭ ᠤᠨ ᠣᠷᠳᠣᠨ ᠳᠤ ᠠᠰᠢᠭᠯᠠᠭᠠᠳᠤᠢ ᠠᠲᠠᠷ ᠭᠠᠵᠠᠷ ᠪᠠ ᠬᠤᠵᠢᠷᠯᠢᠭ ᠭᠠᠵᠠᠷ ᠲᠤ ᠲᠣᠰᠣᠯᠢᠭ ᠣᠯᠠᠯᠵᠢ ᠪᠤᠷᠴᠠᠭ ᠳᠠᠷᠢᠬᠤ ᠪᠠᠷ ᠳᠡᠮᠵᠢᠨ ᠬᠥᠷᠥᠰᠥ ᠰᠢᠷᠣᠢ ᠶᠢ ᠰᠠᠶᠢᠵᠢᠷᠠᠭᠤᠯᠬᠤ ᠪᠠᠷ ᠭᠤᠶᠤᠴᠢᠯᠠᠵᠠᠢ᠃
2.webp.jpg
     ᠯᠢ ᠴᠢᠶᠠᠩ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠮᠠᠯᠴᠢᠨ ᠲᠠᠷᠢᠶᠠᠴᠢᠨ ᠡᠷᠤᠭᠡ ᠶᠢᠨ ᠲᠠᠷᠢᠮᠠᠯ ᠤᠨ ᠬᠤᠭᠤᠴᠠᠭᠠᠨ ᠳᠠᠬᠢ ᠪᠤᠢ ᠪᠦᠬᠦᠢ ᠪᠣᠷᠳᠣᠭᠤᠷ ᠪᠣᠯᠣᠨ ᠲᠠᠷᠢᠶᠠᠨ ᠡᠮ ᠤᠨ ᠪᠡᠯᠡ ᠣᠷᠣᠭᠤᠯᠤᠯᠲᠠ ᠶᠢ ᠣᠷᠣᠯᠠᠨ ᠥᠭᠴᠦ᠂ ᠬᠤᠳᠠᠯᠳᠤᠨ ᠠᠪᠬᠤ ᠦᠶ᠎ᠡ ᠳᠤ ᠡᠳᠡᠭᠡᠷ ᠵᠠᠷᠤᠳᠠᠯ ᠢ ᠬᠠᠰᠤᠴᠢᠬᠠᠨ᠎ᠠ᠃ ᠪᠠᠰᠠ ᠰᠠᠭᠤᠷᠢ ᠶᠢ ᠪᠠᠲᠤᠯᠠᠬᠤ ᠬᠤᠳᠠᠯᠳᠤᠨ ᠠᠪᠬᠤ ᠦᠨ᠎ᠡ ᠬᠠᠩᠰᠢ ᠲᠠᠢ ᠪᠥᠭᠡᠳ ᠭᠠᠷᠤᠯᠲᠠ ᠶᠢᠨ ᠬᠡᠮᠵᠢᠶ᠎ᠡ ᠶᠢ ᠤᠷᠮᠠᠰᠢᠭᠤᠯᠤᠨ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠭᠡᠷᠡᠭᠵᠢᠭᠦᠯᠭᠦ ᠪᠤᠯᠬᠤᠷ ᠭᠠᠷᠤᠯᠲᠠ ᠬᠡᠳᠦᠢ ᠥᠨᠳᠥᠷ ᠪᠣᠯᠬᠤ ᠲᠤᠳᠤᠮ ᠮᠠᠨ ᠤ ᠬᠤᠳᠠᠯᠳᠤᠨ ᠠᠪᠬᠤ ᠦᠨ᠎ᠡ ᠲᠡᠳᠦᠢ ᠥᠨᠳᠥᠷ  ᠪᠤᠯᠤᠨ᠎ᠠ︾ ᠭᠡᠯ᠎ᠠ᠃                                            ᠰᠣᠷᠪᠤᠯᠵᠢᠯᠠᠭᠴᠢ᠄ ᠰᠣᠯᠣᠩᠭ᠎ᠠ᠂ ᠸᠠᠩ ᠵᠠᠨ ᠶᠦᠩ᠂ ᠸᠠᠩ ᠴᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ