ᠬᠠᠳᠬᠤᠮᠠᠯ ᠤᠷᠠᠯᠠᠯ ᠢ ᠦᠪᠯᠡᠨ ᠤᠯᠠᠮᠵᠢᠯᠠᠵᠤ ᠶᠠᠪᠤᠭ᠎ᠠ ᠦᠷᠡᠶᠢᠡᠴᠡᠴᠡᠭ
ᠨᠡᠶᠢᠲᠡᠯᠡᠭᠰᠡᠨ ᠴᠠᠭ᠄
2024/6/24
      ᠦᠷᠡᠶᠢᠡᠴᠡᠴᠡᠭ ᠪᠤᠯ ᠤᠷᠳᠤᠰ ᠬᠠᠳᠬᠤᠮᠠᠯ ᠤᠨ ᠦᠪᠡᠷᠳᠡᠭᠡᠨ ᠵᠠᠰᠠᠬᠤ ᠤᠷᠤᠨ ᠤ ᠲᠠᠰ ᠤᠨ ᠲᠥᠯᠥᠭᠡᠯᠡᠭᠦ ᠴᠢᠨᠡᠷᠳᠡᠢ ᠦᠪᠯᠡᠨ ᠤᠯᠠᠮᠵᠢᠯᠠᠭᠴᠢ᠂ ᠦᠤᠰᠢᠨ ︽ᠤᠷᠠᠨ ᠪᠦᠰᠡᠭᠦᠢ︾ ᠬᠠᠳᠬᠤᠮᠠᠯᠴᠢᠳ ᠤᠨ ᠠᠩᠬᠢ ᠶᠢ ᠡᠭᠦᠰᠭᠡᠨ ᠪᠠᠶᠢᠭᠤᠯᠤᠭᠴᠢ ᠪᠤᠯᠤᠨ᠎ᠠ᠃       ᠦᠷᠡᠶᠢᠡᠴᠡᠴᠡᠭ ᠪᠠᠭ᠎ᠠ ᠠᠴᠠ ᠪᠠᠨ ᠤᠷᠠᠨ ᠬᠠᠳᠬᠤᠮᠠᠯ ᠳᠤ ᠤᠠᠴᠠ ᠶᠢᠨ ᠰᠤᠨᠢᠷᠬᠠᠯ ᠲᠠᠢ ᠪᠠᠶᠢᠵᠤ᠂ ᠤᠢᠢᠯᠡ ᠶᠠᠪᠤᠳᠠᠯ ᠤᠷᠤᠯᠳᠤᠵᠤ ᠡᠬᠢᠯᠡᠭᠰᠡᠨ ᠪᠢᠯᠡ᠃ ᠲᠡᠷᠡᠪᠡᠷ 2013 ᠣᠨ ᠳᠤ ᠦᠤᠰᠢᠨ ︽ᠤᠷᠠᠨ ᠪᠦᠰᠡᠭᠦᠢ︾ ᠬᠠᠳᠬᠤᠮᠠᠯᠴᠢᠳ ᠤᠨ ᠠᠩᠬᠢ ᠶᠢ ᠪᠠᠶᠢᠭᠤᠯᠵᠤ ᠬᠠᠳᠬᠤᠮᠠᠯ ᠤᠷᠠᠯᠠᠯ ᠳᠤ ᠪᠠᠭ᠋ᠠᠳᠠᠢ ᠬᠦᠮᠦᠰ ᠲᠤ ᠬᠠᠷᠢᠯᠴᠠᠨ ᠰᠤᠷᠤᠯᠴᠠᠬᠤ ᠲᠠᠪᠴᠠᠩ ᠬᠠᠩᠭᠠᠭᠰᠠᠨ ᠮᠦᠷᠳᠡᠭᠡᠨ ᠵᠢᠯ ᠪᠦᠷᠢ ᠦᠪᠡᠷ ᠢᠶᠠᠨ ᠵᠤᠭᠤᠰ ᠮᠦᠩᠭᠦ ᠭᠠᠷᠭᠠᠵᠤ ᠬᠤᠶᠠᠷ ᠠᠴᠠ ᠲᠡᠭᠡᠭᠰᠢ ᠤᠳᠠᠭ᠎ᠠ ᠬᠠᠳᠬᠤᠮᠠᠯ ᠤᠨ ᠪᠤᠯᠪᠠᠰᠤᠷᠠᠯ ᠢ ᠡᠷᠬᠢᠯᠡᠨ ᠬᠢᠭᠰᠡᠭᠡᠷ ᠢᠷᠡᠵᠦ ᠤᠳᠤᠬᠠᠨ ᠳᠤ ᠲᠡᠭᠦᠨ ᠤ ᠭᠠᠷ ᠤᠨ ᠱᠠᠪᠢ 18 ᠪᠠᠶᠢᠬᠤ ᠮᠦᠷᠳᠡᠭᠡᠨ 800 ᠭᠠᠷᠤᠢ ᠰᠤᠷᠤᠭᠴᠢ ᠳᠤ ᠬᠠᠳᠬᠤᠮᠠᠯ ᠤᠨ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃ 
1.jpg
2.jpg
3.jpg
4.jpg
5.jpg
ᠢᠷᠡᠯᠲᠡ᠄ ᠲᠤᠯᠠᠭᠠᠨ ᠮᠡᠳᠡᠭᠡ