ᠨᠣᠳᠤᠭ ᠤᠨ ᠣᠨᠴᠠᠯᠢᠭᠲᠤ ᠡᠬᠢ ᠪᠠᠶᠠᠯᠢᠭ ᠢᠶᠠᠨ ᠬᠢᠴᠢᠶᠡᠯ ᠤᠨ ᠲᠢᠩᠬᠢᠮ ᠳᠤ ᠣᠷᠣᠭᠤᠯᠣᠯ᠎ᠠ
ᠨᠡᠶᠢᠲᠡᠯᠡᠭᠰᠡᠨ ᠴᠠᠭ᠄
2024/6/28
      ᠮᠡᠨ ᠤ ᠬᠤᠰᠢᠭᠤᠨ ᠤ ᠦᠦᠰᠢᠨᠵᠤᠤ ᠴᠡᠴᠡᠷᠯᠢᠭ ᠨᠢ ᠨᠣᠳᠤᠭ ᠣᠷᠣᠨ ᠤ ᠪᠠᠨ ᠡᠯᠪᠡᠭ ᠲᠠᠯᠪᠡᠭ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠡᠯᠡᠰᠦ ᠮᠠᠩᠬ᠎ᠠ ᠪᠣᠯᠣᠨ ᠪᠤᠷᠭᠠᠰᠤ ᠶᠢ ᠬᠢᠴᠢᠶᠠᠯ ᠤᠨ ᠲᠡᠩᠬᠢᠮ ᠳᠤ ᠣᠷᠣᠭᠤᠯᠵᠤ᠂ ᠬᠡᠤᠬᠡᠳ ᠤᠳ ᠡᠯᠡᠰᠦ ᠪᠠᠷ ᠵᠢᠷᠤᠭ ᠵᠢᠷᠤᠬᠤ᠂ ᠱᠤᠭᠤᠮᠠᠯ ᠬᠢᠬᠦ᠂ ᠪᠤᠷᠭᠠᠰᠤ ᠬᠦᠷᠦᠬᠦ᠂ ᠭᠠᠷ ᠤᠷᠠᠯᠠᠯ ᠤᠨ ᠪᠥᠳᠦᠭᠡᠭᠳᠡᠭᠦᠨ ᠬᠢᠬᠦ ᠵᠡᠷᠭᠡ ᠲᠤᠭᠯᠠᠭᠠᠮ ᠢᠶᠠᠷ ᠲᠠᠮᠵᠢᠨ ᠡᠯᠡᠰᠦ ᠮᠠᠩᠬ᠎ᠠ ᠲᠠᠢ ᠨᠢᠭᠲᠠ ᠣᠶᠢᠷᠠᠳᠴᠤ᠂ ᠰᠡᠳᠬᠢᠨ ᠪᠣᠳᠣᠬᠤ ᠴᠢᠳᠠᠪᠤᠷᠢ ᠪᠠᠨ ᠪᠠᠳᠠᠷᠠᠭᠤᠯᠵᠤ᠂ ᠨᠤᠲᠤᠭ ᠤᠰᠤᠨ ᠤ ᠪᠠᠨ ᠣᠨᠴᠠᠯᠢᠭ ᠢ ᠭᠦᠨᠵᠡᠭᠡᠶ ᠣᠶᠢᠯᠠᠭᠠᠪᠠ᠃
1.jpg
2.jpg
      ᠡᠶᠢᠮᠦᠷᠬᠦ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠨᠢ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠬᠡᠦᠬᠡᠳ ᠤᠨ ᠨᠤᠲᠤᠭ ᠤᠰᠤ ᠪᠠᠨ ᠬᠠᠶᠢᠷᠠᠯᠠᠬᠤ ᠪᠠ ᠪᠠᠶᠢᠭᠠᠯᠢ ᠶᠢ ᠪᠢᠰᠢᠷᠡᠨ ᠪᠠᠭ᠋ᠠᠷᠬᠠᠬᠤ ᠰᠡᠳᠬᠢᠯᠭᠡ ᠶᠢ ᠬᠥᠭᠵᠢᠭᠡᠵᠦ᠂ ᠮᠠᠯᠵᠢᠬᠤ ᠣᠷᠣᠨ ᠤ ᠬᠡᠦᠬᠡᠳ ᠤᠨ ᠰᠤᠷᠭᠠᠨ ᠬᠥᠮᠦᠵᠢᠯ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠭᠦᠭᠰᠡᠨ ᠪᠠᠶᠢᠨ᠎ᠠ᠃
3.jpg
4.jpg
 
5.jpg
ᠢᠷᠡᠯᠲᠡ᠄ ᠲᠤᠯᠠᠭᠠᠨ ᠮᠡᠳᠡᠭᠡ