ᠨᠤᠷᠪᠤᠷᠢᠨᠴᠢᠨ ᠪᠣᠯ ᠰᠦᠯᠳᠡ ᠰᠤᠮᠤᠨ ᠤ ᠲᠦᠩᠽᠢ ᠭᠠᠴᠠᠭᠠᠨ ᠤ ᠮᠠᠯᠴᠢᠨ ᠶᠤᠮ᠃ ᠥᠩᠭᠡᠷᠡᠭᠰᠡᠨ ᠳᠤ ᠠᠮᠢᠳᠤᠷᠠᠯ ᠨᠢ ᠶᠠᠳᠠᠭᠤ ᠬᠦᠴᠢᠷᠳᠡᠯ ᠲᠠᠢ | ᠪᠠᠶᠢᠭᠰᠠᠨ ᠪᠤᠯᠪᠠᠴᠤ ᠠᠷᠪᠠᠭᠠᠳ ᠵᠢᠯ ᠤᠨ ᠴᠦᠬᠦᠷᠡᠯ ᠥᠬᠡᠢ ᠴᠢᠷᠮᠠᠶᠢᠯᠭ᠎ᠠ ᠪᠠᠷ ᠲᠡᠮᠵᠢᠨ ᠬᠠᠳᠠᠭᠤᠬᠠᠨ ᠠᠮᠢᠳᠣᠷᠠᠯ ᠤᠨ ᠬᠥᠴᠢᠷ ᠢ ᠢᠯᠠᠨ ᠲᠠᠪᠠᠵᠤ᠂ | ᠴᠢᠨᠠᠬᠡᠯᠢᠭᠵᠢᠯ ᠤᠨ ᠵᠠᠮ ᠢᠶᠠᠷ ᠤᠷᠤᠭᠰᠢᠯᠠᠵᠠᠢ᠃ 2015 ᠳᠤ ᠭᠠᠯᠠᠭᠤᠳᠤ ᠪᠠᠯᠭᠠᠰᠤᠨ ᠲᠡᠬᠡᠷ᠎ᠡ ᠤᠯᠠᠮᠵᠢᠯᠠᠯᠳᠤ ᠬᠠᠭᠤᠷᠤᠭᠰᠠᠨ ᠠᠮᠤ ᠶᠢᠨ ᠦᠢᠯᠡᠳᠪᠦᠷᠢ | ᠭᠠᠷᠭᠠᠵᠤ ᠪᠠᠶᠢᠭᠰᠠᠨ ᠠᠴᠠ 2020 ᠤᠨ ᠳᠤ ᠤᠯᠠᠮᠵᠢᠯᠠᠯᠳᠤ ᠪᠠ ᠤᠳᠤᠬᠢᠴᠢᠯᠠᠭᠰᠠᠨ ᠡᠵᠡᠩᠨᠡᠯᠳᠡ ᠶᠢ ᠤᠶᠠᠯᠳᠤᠭᠤᠯᠤᠨ᠂ ︽ᠦᠯᠦᠩ︾ ᠨᠡᠷᠡᠮᠵᠢᠳᠤ | ᠬᠠᠭᠤᠷᠤᠭᠰᠠᠨ ᠠᠮᠤ ᠶᠢᠨ ᠲᠠᠸᠠᠷ ᠤᠨ ᠲᠡᠮᠳᠡᠭ ᠲᠠᠩᠰᠠᠯᠠᠭᠤᠯᠤᠨ ᠪᠤᠷᠤᠯᠠᠭᠤᠯᠤᠭᠰᠠᠨ ᠢᠶᠠᠷ ᠵᠢᠯ ᠪᠦᠷᠢ ᠶᠢᠨ ᠤᠷᠤᠯᠭ᠎ᠠ ᠪᠠᠷᠤᠭ 20 ᠭᠠᠷᠤᠢ ᠲᠦᠮᠡᠨ | ᠲᠦᠬᠦᠷᠢᠭ ᠲᠤ ᠬᠦᠷᠴᠤ᠂ ᠠᠮᠢᠳᠤᠷᠠᠯ ᠢᠶᠠᠨ ᠥᠭᠡᠳᠡᠯᠡᠭᠦᠯᠥᠨ ᠴᠢᠨᠡᠬᠡᠯᠢᠭ ᠵᠤᠯ ᠵᠢᠷᠭᠠᠯᠲᠠᠢ ᠠᠮᠢᠳᠤᠷᠠᠵᠤ ᠶᠠᠪᠤᠨ᠎ᠠ᠃ | | | | | | | | ︽ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ︾ ᠭᠡᠳᠡᠭ ᠢᠶᠠᠷ᠂ ᠨᠤᠷᠪᠤᠷᠢᠨᠴᠢᠨ ︽ᠦᠯᠦᠩ︾ ᠨᠡᠷᠡᠮᠵᠢᠳᠤ ᠬᠠᠭᠤᠷᠤᠭᠰᠠᠨ ᠠᠮᠤ ᠪᠠᠨ ᠳᠤᠬᠢᠳᠡᠢ | ᠡᠵᠡᠩᠨᠡᠵᠤ᠂ ᠨᠤᠳᠤᠭ ᠤᠨ ᠤᠯᠠᠮᠵᠢᠯᠠᠯᠳᠤ ᠠᠷᠭ᠎ᠠ ᠪᠠᠷ ᠬᠠᠭᠤᠷᠴᠤ ᠬᠠᠳᠠᠨ ᠤᠭᠤᠷ ᠲᠤ ᠨᠦᠳᠤᠵᠤ ᠴᠠᠶᠢᠯᠭᠠᠭᠰᠡᠨ ᠠᠴᠠ ᠪᠠᠶᠢᠭᠠᠯᠢᠯᠢᠭ ᠰᠢᠮ᠎ᠡ ᠲᠠᠵᠢᠬᠡᠯ | ᠢᠶᠠᠨ ᠬᠠᠳᠠᠭᠠᠯᠠᠵᠤ᠂ ᠵᠥᠭᠡᠯᠡᠡ ᠠᠭᠠᠭ ᠲᠠᠢ ᠬᠠᠭᠤᠷᠤᠨᠨᠰᠠᠨ ᠠᠮᠤ ᠨᠢ ︽ᠠᠪᠤ ᠡᠵᠢ ᠶᠢᠨ ᠲᠤᠷᠠᠰᠤᠮᠵᠢᠳᠤ ᠬᠠᠭᠤᠷᠤᠨᠨᠰᠠᠨ ᠠᠮᠤ︾ ᠬᠡᠵᠤ ᠤᠯᠠᠨ ᠳᠤ | ᠦᠨᠡᠯᠡᠭᠳᠡᠵᠤ᠂ ᠤᠯᠡᠨ ᠭᠦᠮᠤᠰ ᠰᠤᠷᠠᠭ ᠢᠶᠠᠷ ᠢᠷᠡᠵᠤ ᠠᠪᠳᠠᠭ ᠪᠤᠯᠤᠭᠰᠠᠨ ᠪᠤᠯᠬᠤᠷ ᠦᠤᠰᠢᠨ ᠬᠤᠰᠢᠭᠤᠨ ᠠᠴᠠ ᠭᠠᠳᠠᠨ᠎ᠡ ᠤᠷᠳᠤᠰ ᠬᠤᠳᠠ ᠶᠢᠨ ᠡᠯ᠎ᠡ | ᠬᠤᠰᠢᠭᠤ ᠲᠤᠭᠤᠷᠢᠭ ᠲᠤ ᠪᠤᠷᠤᠯᠠᠭᠤᠯᠤᠭᠳᠠᠬᠤ ᠪᠤᠯᠵᠤ᠂ ᠬᠦᠬᠡᠬᠤᠳᠠ ᠪᠡᠭᠡᠵᠢᠩ ᠵᠡᠷᠬᠡ ᠤᠯᠡᠨ ᠠᠷᠪᠢᠨ ᠰᠦᠯᠵᠢᠶᠡᠨ ᠤ ᠠᠵᠤ ᠠᠬᠤᠶᠢᠯᠠᠯ ᠢᠶᠠᠷ ᠲᠠᠮᠵᠢᠨ | ᠵᠠᠬ᠎ᠠ ᠲᠡᠯᠬᠡᠬᠦᠷ ᠲᠤ ᠥᠷᠭᠡᠨ ᠭᠠᠷᠤᠭᠰᠡᠨ ᠪᠠᠶᠢᠨ᠎ᠡ᠃ ᠲᠡᠷᠡ ᠪᠠᠰᠠ ᠬᠠᠭᠤᠷᠤᠭᠰᠠᠨ ᠠᠮᠤ ᠪᠠᠨ ᠦᠨᠳᠤᠰᠤᠳᠡᠨ ᠤ ᠤᠯᠠᠮᠵᠢᠯᠠᠯᠳᠤ ᠢᠳᠡᠭᠡᠨ ᠤ ᠬᠤᠪᠢ ᠪᠠᠷ | ᠬᠤᠷᠢᠮ ᠨᠠᠶᠢᠷ ᠴᠤᠭᠯᠠᠭᠠᠨ ᠤ ᠭᠠᠷ ᠴᠠᠶᠢᠯᠭᠠᠬᠤ ᠪᠡᠯᠡᠭ ᠪᠠ ᠤᠷᠤᠨ ᠨᠤᠳᠤᠭ ᠤᠨ ᠤᠨᠴᠠ ᠭᠠᠷᠤᠯᠳᠠ ᠪᠠᠷ ᠨᠠᠷᠢᠯᠢᠭ ᠪᠤᠭᠤᠳᠠᠯᠯᠠᠭᠰᠠᠨ ᠢᠶᠠᠷ ᠨᠡᠩ ᠤᠯᠠᠨ | ᠬᠡᠷᠡᠭᠯᠡᠭᠴᠢᠳ ᠤᠨ ᠳᠠᠭᠠᠰᠢᠶᠠᠯ ᠢ ᠤᠯᠤᠭᠰᠠᠨ ᠪᠠᠶᠢᠨ᠎ᠡ᠃ | ᠤᠳᠤ ᠲᠡᠷᠡ ᠨᠢᠬᠡ ᠡᠳᠤᠷ ᠲᠤ 700 — 800 ᠵᠢᠩ ᠬᠠᠭᠤᠷᠤᠭᠰᠠᠨ ᠠᠮᠤ ᠪᠤᠷᠤᠯᠠᠭᠤᠯᠵᠤ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠨᠡᠮᠡᠭᠳᠡᠬᠦ ᠶᠢ | ᠲᠠᠭᠠᠯᠳᠤᠨ ᠭᠠᠷ ᠲᠤᠤᠷ᠎ᠡ ᠪᠠᠨ ᠪᠠᠰᠡ ᠬᠤᠶᠠᠷ ᠬᠦᠯᠤᠰᠤᠨ ᠠᠵᠢᠯᠴᠢᠨ ᠡᠯᠰᠡᠨ ᠬᠡᠷᠡᠭᠯᠡᠵᠤ᠂ ᠬᠠᠭᠤᠷᠤᠭᠰᠠᠨ ᠠᠮᠤ ᠶᠢᠨ ᠴᠢᠨᠠᠷ ᠢ ᠪᠠᠳᠤᠯᠠᠨ ᠤᠯᠡᠨ ᠵᠢᠯ | ᠬᠠᠯᠠᠰᠢᠷᠠᠯ ᠦᠬᠡᠢ ᠪᠠᠷ ᠬᠠᠮᠳᠤ ᠠᠵᠢᠯᠯᠠᠵᠤ ᠢᠷᠡᠭᠰᠡᠨ ᠠᠴᠠ ᠬᠠᠮᠲᠤ ᠪᠠᠷ ᠢᠶᠠᠨ ᠴᠢᠨᠡᠬᠡᠯᠢᠭ ᠠᠮᠢᠳᠤᠷᠠᠯ ᠢ ᠡᠳ᠋ᠯᠡᠭᠰᠡᠨ ᠪᠠᠶᠢᠨ᠎ᠡ᠃ | | | | | | | | | | \ | | | | | | | | | | | | | | | | | |