ᠴᠢᠴᠠᠷᠭᠠᠨ᠎ᠠ ᠶᠢᠨ ᠤᠶᠢᠯᠡᠰ ᠠᠴᠠ ᠰᠣᠨᠣᠯᠵᠠᠭᠰᠠᠨ ᠴᠢᠨᠡᠭᠡᠯᠢᠭ ᠠᠮᠢᠳᠤᠷᠠᠯ
ᠨᠡᠶᠢᠲᠡᠯᠡᠭᠰᠡᠨ ᠴᠠᠭ᠄
2024/6/4
      ᠮᠠᠨ ᠤ ᠬᠤᠰᠢᠭᠤᠨ ᠤ ᠲᠤᠭ ᠪᠠᠯᠭᠠᠰᠤ ᠶᠢᠨ ᠬᠤᠸᠠᠳᠤᠯᠣᠭᠠᠢ ᠭᠠᠴᠠᠭᠠᠨ ᠤ ᠮᠠᠯᠴᠢᠨ ᠣᠳᠤᠨᠳᠠᠯᠠᠢ᠂ ᠨᠠᠪᠴᠢ ᠬᠤᠶᠠᠭᠤᠯᠠ 2016 ᠣᠨ ᠠᠴᠠ ᠡᠬᠢᠯᠡᠵᠦ ᠨᠣᠳᠤᠭ ᠲᠤ ᠤᠷᠭᠤᠵᠤ ᠪᠠᠶᠢᠳᠠᠭ ᠴᠢᠴᠠᠷᠭᠠᠨ᠎ᠠ ᠶᠢ ᠬᠠᠳᠤᠵᠦ ᠬᠤᠷᠢᠶᠠᠭᠠᠳ ᠪᠠᠶᠢᠭᠠᠯᠢᠯᠢᠭ ᠴᠢᠴᠠᠷᠭᠠᠨ᠎ᠠ ᠶᠢᠨ ᠪᠥᠳᠦᠭᠡᠭᠳᠡᠭᠦᠨ ᠪᠣᠯᠭᠠᠨ ᠤᠶᠢᠯᠡᠳᠪᠦᠷᠢᠯᠡᠵᠦ ᠭᠠᠳᠠᠭᠰᠢ ᠪᠣᠷᠣᠯᠠᠭᠤᠯᠤᠨ ᠪᠠᠶᠠᠵᠢᠯ ᠤᠨ ᠵᠠᠮ ᠢᠶᠠᠨ ᠡᠯᠭᠦᠭᠰᠡᠨ ᠪᠠᠶᠢᠨ᠎ᠠ᠃
1.jpg
      ︽ᠲᠥᠮᠡᠨ ᠠᠯᠬᠤᠮ ᠤᠨ ᠲᠥᠷᠦᠭᠦᠦ ᠠᠯᠬᠤᠮ ᠨᠢ ᠬᠦᠴᠢᠷ︾ ᠪᠠᠶᠢᠳᠠᠭ ᠢᠶᠠᠷ ᠣᠳᠤᠨᠳᠠᠯᠠᠢ᠂ ᠨᠠᠪᠴᠢ ᠬᠤᠶᠠᠭᠤᠯᠠ ᠬᠠᠮᠤᠭ ᠠᠩᠬ᠎ᠠ ᠴᠢᠴᠠᠷᠭᠠᠨ᠎ᠠ  ᠶᠢᠨ ᠪᠦᠳᠦᠭᠡᠭᠳᠡᠭᠦᠨ ᠬᠢᠵᠦ ᠡᠬᠢᠯᠡᠬᠦ ᠳᠤ ᠮᠠᠰᠢ ᠣᠯᠠᠨ ᠬᠦᠴᠢᠷᠳᠡᠯ ᠲᠣᠯᠭᠠᠷᠠᠵᠦ ᠪᠠᠶᠢᠭᠰᠠᠨ ᠴᠦ ᠲᠥᠷᠥᠭᠰᠡᠨ ᠨᠣᠳᠤᠭ ᠤᠨ ᠬᠡᠰᠢᠭ ᠢ ᠪᠦᠳᠦᠭᠡᠭᠳᠡᠭᠦᠨ ᠪᠣᠯᠭᠠᠬᠤ ᠬᠡᠰᠡᠨ ᠵᠣᠷᠢᠭ ᠢ ᠮᠣᠬᠤᠭᠠᠵᠤ ᠴᠢᠳᠠᠭᠰᠡᠨ ᠦᠬᠡᠢ᠃ ᠲᠡᠳᠡ ᠬᠤᠶᠡᠷ ᠬᠢᠬᠦ ᠶᠢᠨ ᠲᠠᠭᠠᠤ ᠰᠣᠳᠣᠯᠵᠣ᠂ ᠰᠣᠳᠣᠯᠬᠤ ᠶᠢᠨ ᠲᠠᠭᠠᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ 2019 ᠣᠨ ᠳᠤ ᠪᠣᠯᠬᠤ ᠳᠤ ᠴᠢᠴᠠᠷᠭᠠᠨ᠎ᠠ ᠶᠢᠨ ᠪᠥᠳᠦᠭᠡᠭᠳᠡᠭᠦᠨ ᠤ ᠪᠣᠷᠣᠯᠠᠭᠤᠯᠭ᠎ᠠ ᠶᠢᠨ ᠣᠷᠣᠯᠭ᠎ᠠ 10 ᠲᠥᠮᠡ ᠶᠢ ᠲᠠᠪᠠᠵᠦ᠂ 2020 ᠣᠨ ᠳᠤ ᠥᠪᠡᠷ ᠤᠨ ᠲᠠᠸᠠᠷ ᠶᠢᠨ ᠲᠡᠮᠳᠡᠭ ᠢ ᠭᠤᠶᠣᠪᠴᠢᠯᠠᠨ ᠠᠪᠴᠠᠢ᠃
2.jpg
      ᠣᠳᠣ ᠤᠳᠤᠭᠳᠠᠯᠠᠢ᠂ ᠨᠠᠪᠴᠢ ᠬᠤᠶᠣᠭᠤᠯᠠ ᠶᠢᠨ ᠴᠢᠴᠠᠷᠭᠠᠨ᠎ᠠ ᠶᠢᠨ ᠤᠶᠢᠯᠡᠳᠪᠦᠷᠢ ᠨᠢ 60 ᠭᠠᠷᠦᠢ ᠲᠡᠭᠰᠢ ᠲᠥᠷᠪᠡᠯᠵᠢᠨ ᠮᠧᠲᠷ ᠪᠠᠶᠢᠵᠦ᠂ ᠭᠤᠣᠯᠳᠠᠭᠤ ᠴᠢᠴᠠᠷᠭᠠᠨ᠎ᠠ ᠶᠢᠨ ᠰᠢᠭᠦᠰᠦ᠂ ᠴᠢᠴᠠᠷᠭᠠᠨ᠎ᠠ ᠶᠢᠨ ᠬᠠᠨᠲᠠ᠂ ᠴᠢᠴᠠᠷᠭᠠᠨ᠎ᠠ ᠶᠢᠨ ᠬᠠᠳᠠᠮᠠᠯ ᠵᠡᠷᠭᠡ 6 ᠵᠣᠶᠢᠯ ᠤᠨ ᠪᠥᠳᠦᠭᠡᠭᠳᠡᠭᠦᠨ ᠢ ᠪᠣᠯᠪᠠᠰᠤᠷᠠᠭᠤᠯᠵᠤ᠂ ᠥᠪᠦᠷ ᠮᠣᠩᠭᠤᠯ ᠤᠨ ᠡᠯ᠎ᠡ ᠠᠶᠢᠮᠠᠭ ᠬᠤᠳᠠ ᠪᠣᠯᠣᠨ ᠭᠠᠳᠠᠨ᠎ᠠ ᠮᠣᠵᠢ ᠣᠷᠣᠨ ᠳᠤ ᠪᠣᠷᠣᠯᠠᠭᠤᠯᠵᠤ᠂ ᠵᠢᠯ ᠤᠨ ᠣᠷᠣᠯᠭ᠎ᠠ 30 ᠲᠥᠮᠡ  ᠶᠢ ᠲᠠᠪᠠᠵᠦ ᠪᠠᠶᠢᠨ᠎ᠠ᠃ ᠲᠡᠳᠡ ᠣᠷᠣᠨ ᠨᠣᠳᠤᠭ ᠤᠨ ᠢᠶᠠᠨ ᠤᠷᠭᠤᠮᠠᠯ ᠤᠨ ᠤᠨᠴᠠ ᠭᠠᠷᠤᠯᠲᠠ ᠶᠢ ᠠᠰᠢᠭᠯᠠᠨ ᠪᠥᠳᠦᠭᠡᠭᠳᠡᠭᠦᠨ ᠪᠣᠯᠭᠠᠨ ᠪᠣᠷᠣᠯᠠᠭᠤᠯᠵᠤ᠂ ᠴᠢᠨᠡᠭᠡᠯᠢᠭ ᠠᠮᠢᠳᠤᠷᠠᠯ ᠢᠶᠠᠨ ᠴᠣᠭᠴᠠᠯᠠᠵᠦ ᠶᠠᠪᠤᠨ᠎ᠠ᠃
3.jpg
4.png
ᠢᠷᠡᠯᠲᠡ᠄ ᠲᠤᠯᠠᠭᠠᠨ ᠮᠡᠳᠡᠭᠡ