ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠯ᠎ᠠ ᠪᠠᠷ | 1 — 4 ᠳ᠋ᠤᠬᠡᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36. | 5% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ ᠲᠠᠪᠤᠳᠤᠭᠠᠷ ᠲᠤ ᠣᠷᠣᠵᠤ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ | ᠢᠶᠠᠷ 32.3 ᠬᠤᠪᠢ ᠥᠨᠳᠥᠷ᠂ ᠪᠦᠭᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 15.0 ᠬᠤᠪᠢ ᠥᠨᠳᠥᠷ᠂ ᠪᠦᠭᠦ ᠬᠤᠲᠠ ᠶᠢᠨ ᠬᠢ ᠠᠴᠠ ᠵᠠᠭᠤᠨ ᠤ | ᠬᠠᠷᠢᠴᠠᠯ ᠢᠶᠠᠷ 1.7 ᠬᠤᠪᠢ ᠲᠤᠤᠷ᠎ᠠ ᠪᠣᠯᠵᠠᠢ᠃ | ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠄ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ | ᠠᠴᠠ 39.1% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.6% ᠪᠠᠷ | ᠪᠠᠭᠤᠷᠠᠪᠠ᠃ | ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 37.6% ᠪᠠᠷ ᠪᠠᠭᠤᠷᠠᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.2% ᠢᠶᠠᠷ ᠨᠡᠮᠡᠭᠳᠡᠵᠦ᠂ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃ | ᠪᠤᠰᠤᠳ ᠵᠢᠭᠠᠯᠲᠠ ᠲᠤᠭ᠎ᠠ ᠠᠴᠠ ᠦᠵᠡᠪᠡᠯ᠄ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.1% ᠪᠠᠷ ᠨᠡᠮᠡᠭᠳᠡᠵᠦ᠂ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.1% ᠪᠠᠷ ᠨᠡᠮᠡᠭᠳᠡᠪᠡ᠃ | 4 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ | 73 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 43᠂ 500 ᠲᠦᠮᠡ ︱ 5000 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 30 ᠪᠤᠢ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ | ᠵᠦᠢᠯ 19 ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 38.7% ᠪᠠᠷ ᠨᠡᠮᠡᠭᠳᠡᠵᠦ᠂ ᠪᠥᠬᠦ ᠪᠡᠯᠡ | ᠣᠷᠣᠭᠤᠯᠤᠯᠲᠠ ᠶᠢᠨ 99% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 4 ᠪᠠᠶᠢᠵᠤ᠂ | ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 43.1% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 92% ᠶᠢ | ᠡᠵᠡᠯᠡᠪᠡ᠃ ᠬᠤᠲᠠ ᠶᠢᠨ ᠱᠠᠲᠤᠨ ᠠᠴᠠ ᠲᠣᠬᠢᠷᠠᠭᠤᠯᠵᠤ ᠪᠠᠶᠢᠭ᠎ᠠ 30 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 13 ᠲᠥᠷᠥᠯ ᠵᠦᠢᠯ ᠢ | ᠨᠢᠭᠡᠨᠲᠡ ᠬᠥᠮᠥᠷᠭᠡ ᠳᠤ ᠣᠷᠣᠭᠤᠯᠪᠠ᠃ | 1 — 4 ᠳ᠋ᠤᠬᠡᠷ ᠰᠠᠷ᠎ᠠ ᠳᠤ ᠪᠦᠬᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ 34 ᠪᠠᠶᠢᠵᠦ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 32346 ᠲᠡᠭᠰᠢ ᠳᠥᠷᠪᠡᠯᠵᠢᠨ ᠮᠧᠲᠷ ᠲᠤ ᠬᠦᠷᠴᠦ᠂ 28.5% ᠪᠠᠷ | ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 12565 ᠲᠦᠮᠡᠨ ᠲᠥᠭᠦᠷᠢᠭ ᠲᠤ ᠬᠦᠷᠴᠦ᠂ 39.9% ᠪᠠᠷ ᠨᠡᠮᠡᠭᠳᠡᠪᠡ᠃ | | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠠᠯ᠎ᠠ ᠪᠠᠷ | 1 — 4 ᠳ᠋ᠤᠭᠡᠷ ᠰᠠᠷ᠎ᠠ ᠳᠤ᠂ ᠪᠦᠭᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︵ | ᠪᠠᠶᠢᠭᠠᠯᠢ ᠶᠢᠨ ᠰᠢᠲᠠᠮᠠᠬᠠᠢ ᠬᠡᠢ ᠶᠢ ᠪᠠᠭᠲᠠᠭᠠᠨ᠎ᠠ︶ ᠠᠵᠦ ᠤᠶᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠢᠶᠠᠷ | ᠨᠡᠮᠡᠭᠳᠡᠵᠦ᠂ ᠪᠦᠭᠦ ᠬᠤᠲᠠ ᠶᠢᠨ ᠳᠣᠯᠣᠳᠤᠭᠠᠷ ᠲᠤ ᠣᠷᠣᠵᠤ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠳᠣᠣᠷ᠎ᠠ᠂ ᠪᠦᠭᠦ | ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 2.5 ᠬᠤᠪᠢ ᠳᠣᠣᠷ᠎ᠠ᠂ ᠪᠦᠭᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.5 ᠬᠤᠪᠢ ᠲᠤᠤᠷ᠎ᠠ | ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︵ᠪᠠᠶᠢᠭᠠᠯᠢ ᠶᠢᠨ ᠰᠢᠲᠠᠮᠠᠬᠠᠢ ᠬᠡᠢ ᠶᠢ ᠪᠠᠭᠲᠠᠭᠠᠨ᠎ᠠ︶ ᠶᠡᠷᠦᠩᠬᠡᠢ | ᠤᠶᠢᠯᠡᠳᠬᠦᠨ ᠤ ᠦᠷᠲᠡᠭ ᠠᠳᠠᠯᠢ ᠬᠤᠭᠤᠴᠠᠭᠠᠨ ᠤ ᠬᠢ ᠠᠴᠠ 2.77% ᠪᠠᠷ ᠪᠠᠭᠤᠷᠠᠪᠠ᠃ | ᠬᠦᠨᠳᠦ ᠬᠥᠩᠭᠡᠨ ᠠᠵᠤ ᠦᠢᠯᠡᠳᠪᠦᠷᠢ ᠠᠴᠠ ᠦᠵᠡᠪᠡᠯ᠄ ᠪᠥᠬᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠳᠤᠮᠳᠠ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 18.23% ᠪᠠᠷ ᠪᠠᠭᠤᠷᠠᠵᠤ᠂ | ᠬᠥᠩᠭᠡᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ 0.35 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3.26% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ | 2.75% ᠪᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ 254.93 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.13% ᠪᠠᠷ ᠪᠠᠭᠤᠷᠠᠪᠠ᠃ | ᠠᠵᠤ ᠠᠬᠤᠶᠢᠯᠠᠯ ᠤᠨ ᠳᠠᠩᠰᠠᠯᠠᠭᠤᠯᠤᠭᠰᠠᠨ ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠄ ᠪᠥᠬᠦ ᠬᠤᠰᠢᠭᠤᠨ ᠤ 32 ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠤᠮᠳᠠ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 2.71% ᠪᠠᠷ ᠪᠠᠭᠤᠷᠠᠵᠤ᠂ ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ ᠢ 248.10 ᠳ᠋ᠦᠡᠭᠰᠢᠭᠤᠷ ᠲᠥᠭᠦᠷᠢᠭ | ᠪᠠᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.64% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ | ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 4.83% ᠪᠠᠷ ᠪᠠᠭᠤᠷᠠᠵᠤ᠂ | ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ ᠢ 7.18 ᠳ᠋ᠣᠩᠰᠢᠭᠤᠷ ᠲᠥᠭᠦᠷᠢᠭ ᠪᠠᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.36% ᠪᠠᠷ | ᠪᠠᠭᠤᠷᠠᠪᠠ︔ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠠᠶᠢᠳᠠ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ | 0.75% ᠪᠠᠷ ᠪᠠᠭᠤᠷᠠᠵᠦ᠂ ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ ᠢ 238.79 ᠳ᠋ᠣᠩᠰᠢᠭᠤᠷ ᠲᠥᠭᠦᠷᠢᠭ ᠪᠠᠶᠡᠯᠡᠭᠦᠯᠵᠦ᠂ ᠠᠳᠠᠯᠢ ᠬᠤᠭᠤᠴᠠᠭᠠᠨ | ᠤ ᠬᠢ ᠠᠴᠠ 2.52% ᠢᠶᠠᠷ ᠪᠠᠭᠤᠷᠠᠪᠠ︔ ᠤᠯᠤᠰ ᠤᠨ ᠥᠮᠴᠢᠯᠡᠯᠲᠦ ᠪᠤᠰᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 26.48% ᠪᠠᠷ ᠪᠠᠭᠤᠷᠠᠵᠤ᠂ ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ ᠢ 16.49 ᠳ᠋ᠣᠩᠰᠢᠭᠤᠷ ᠲᠥᠭᠦᠷᠢᠭ | ᠪᠠᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 22.53% ᠪᠠᠷ ᠪᠠᠭᠤᠷᠠᠪᠠ︔ ᠲᠣᠮᠣ ᠳᠤᠮᠳᠠ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 0.85% ᠪᠠᠷ ᠪᠠᠭᠤᠷᠠᠵᠦ᠂ ᠪᠣᠷᠣᠯᠠᠭᠤᠯᠭ᠎ᠠ ᠶᠢᠨ ᠦᠢᠯᠡᠳᠬᠦᠨ ᠤ ᠥᠷᠲᠡᠭ ᠢ | 238.53 ᠳ᠋ᠣᠩᠰᠢᠭᠤᠷ ᠲᠥᠭᠦᠷᠢᠭ ᠪᠠᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 3.09% ᠪᠠᠷ ᠪᠠᠭᠤᠷᠠᠪᠠ᠃ | ᠡᠯ᠎ᠡ ᠠᠵᠢᠯ ᠲᠥᠷᠥᠯ ᠠᠴᠠ ᠦᠵᠡᠪᠡᠯ᠄ ᠪᠦᠬᠦ ᠬᠤᠰᠢᠭᠤᠨ ᠤ 32 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ | ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15.9% ᠪᠠᠷ ᠪᠠᠭᠤᠷᠠᠵᠤ᠂ | ᠪᠣᠷᠤᠯᠠᠭᠤᠯᠭ᠎ᠠ ᠶᠢᠨ ᠦᠷᠲᠡᠭ ᠢ 49.9 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.8% ᠪᠠᠷ ᠪᠠᠭᠤᠷᠠᠪᠠ︔ | ᠴᠢᠯᠠᠭᠤᠨ ᠲᠤᠰᠤ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0. | 1% ᠪᠠᠷ ᠪᠠᠭᠤᠷᠠᠵᠦ᠂ ᠪᠣᠷᠣᠯᠠᠭᠤᠯᠭ᠎ᠠ ᠶᠢᠨ ᠦᠷᠳᠡᠭ ᠢ 67.7 ᠳ᠋ᠦᠡᠭᠰᠢᠭᠤᠷ ᠲᠥᠭᠦᠷᠢᠭ ᠪᠠᠶᠠᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1% | ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 21.8% ᠪᠠᠷ ᠪᠠᠭᠤᠷᠠᠵᠤ᠂ ᠪᠣᠷᠤᠯᠠᠭᠤᠯᠭ᠎ᠠ ᠶᠢᠨ ᠦᠷᠲᠡᠭ ᠢ 13.1 ᠳ᠋ᠤᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 13.3% ᠪᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ | ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠦᠷᠲᠡᠭ ᠢ 117.0 | ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 81.8% ᠢᠶᠠᠷ ᠪᠠᠭᠤᠷᠠᠵᠤ᠂ | ᠪᠣᠷᠤᠯᠠᠭᠤᠯᠭ᠎ᠠ ᠶᠢᠨ ᠦᠷᠲᠡᠭ ᠢ 0.3 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 81.8% ᠢᠶᠠᠷ ᠪᠠᠭᠤᠷᠠᠪᠠ︔ | ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 38.0% ᠢᠶᠠᠷ | ᠪᠠᠭᠤᠷᠠᠵᠤ᠂ ᠪᠣᠷᠤᠯᠠᠭᠤᠯᠭ᠎ᠠ ᠶᠢᠨ ᠦᠷᠲᠡᠭ ᠢ 6.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.8% ᠢᠶᠠᠷ | ᠪᠠᠭᠤᠷᠠᠪᠠ᠃ | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠄ ᠲᠦᠭᠦᠬᠡᠢ ᠨᠡᠭᠦᠷᠡᠰᠦ 1519.57 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.31% ᠪᠠᠷ ᠨᠡᠮᠡᠭᠳᠡᠪᠡ︔ ᠨᠠᠷᠢᠯᠢᠭ ᠮᠧᠲ᠋ᠢᠯ ᠠᠯᠺᠤᠤᠯ 201.77 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.63% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 24.67 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 14.08% ᠪᠠᠷ ᠪᠠᠭᠤᠷᠠᠪᠠ︔ ᠰᠢᠭᠡᠰᠦᠯᠢᠭ ᠡᠳ᠋ 103.36 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.29% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 35.40 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 1.49% ᠢᠶᠠᠷ ᠨᠡᠮᠡᠭᠳᠡᠪᠡ︔ ᠪᠥᠭᠡᠭᠡᠨᠡᠷᠡᠯ ᠫᠷᠦᠫᠧᠨ 36.18 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.17% ᠪᠠᠷ | ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 9.96 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.49% ᠢᠶᠠᠷ | ᠨᠡᠮᠡᠭᠳᠡᠪᠡ︔ | | ᠭᠤᠷᠪᠠ᠂ ᠨᠡᠶᠢᠬᠡᠮ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠯ᠎ᠠ ᠪᠠᠷ | 1︱4 ᠳ᠋ᠤᠬᠡᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 10.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠵᠢᠷᠭᠤᠳᠤᠭᠠᠷ ᠲᠤ ᠵᠢᠭᠰᠠᠭᠠᠭᠳᠠᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.1 ᠬᠤᠪᠢ ᠦᠨᠳᠦᠷ᠂ ᠪᠥᠬᠦ ᠣᠷᠣᠨ ᠤ ᠬᠢ ᠠᠴᠠ ᠵᠠᠭᠤᠨ ᠤ | ᠬᠠᠷᠢᠴᠠᠯ ᠢᠶᠠᠷ 1.1 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠦᠨᠳᠦᠷ ᠪᠣᠯᠵᠠᠢ᠃ | ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ | ᠭᠠᠵᠠᠷ ᠢᠶᠠᠷ ᠨᠢ ᠦᠵᠡᠪᠡᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2. | 8% ᠪᠠᠷ ᠪᠠᠭᠤᠷᠠᠪᠠ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 89. | 3% ᠪᠠᠷ ᠪᠠᠭᠤᠷᠠᠪᠠ᠃ | ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ | ᠲᠠᠸᠠᠷ ᠤᠨ ᠵᠢᠵᠢᠭᠯᠡᠨ ᠬᠤᠳᠠᠯᠳᠤᠬᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ︔ ᠢᠳᠡᠭᠡᠨ ᠤᠮᠳᠠᠭᠠᠨ ᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 6.4% ᠪᠠᠷ ᠪᠠᠭᠤᠷᠠᠪᠠ᠃ | ᠬᠢᠵᠠᠭᠠᠷᠯᠠᠭᠰᠠᠨ ᠠᠴᠠ ᠲᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠠᠸᠠᠷ ᠤᠨ ᠲᠦᠷᠦᠯ ᠬᠡᠯᠪᠡᠷᠢ ᠠᠴᠠ ᠦᠵᠡᠪᠡᠯ᠄ ᠮᠠᠰᠢᠨ | ᠲᠡᠷᠭᠡᠨ ᠤ ᠲᠦᠷᠦᠯ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠤᠷᠠᠵᠤ᠂ ᠪᠣᠷᠣᠯᠠᠭᠤᠯᠭ᠎ᠠ ᠶᠢᠨ ᠬᠡᠮᠵᠢᠶ᠎ᠡ ᠬᠢᠵᠠᠭᠠᠷᠯᠠᠭᠰᠠᠨ ᠠᠴᠠ ᠳᠡᠭᠡᠭᠰᠢᠬᠢ | ᠨᠢᠭᠡᠴᠢ ᠶᠢᠨ 38.3% ᠶᠢ ᠡᠵᠡᠯᠡᠪᠡ᠂ ᠡᠭᠦᠨ ᠳᠤ᠄ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ | ᠬᠢ ᠠᠴᠠ 108.4% ᠪᠠᠷ ᠨᠡᠮᠡᠭᠳᠡᠪᠠ︔ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠦᠷᠦᠯ ᠠᠳᠠᠯᠢ ᠬᠤᠭᠤᠴᠠᠭᠠᠨ ᠤ ᠬᠢ ᠠᠴᠠ 6.6% ᠪᠠᠷ | ᠪᠠᠭᠤᠷᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ ᠬᠢᠵᠠᠭᠠᠷᠯᠠᠭᠰᠠᠨ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ 31.6% ᠶᠢ ᠡᠵᠡᠯᠡᠪᠡ︔ ᠭᠡᠷ ᠤᠨ | ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠦᠷᠦᠯ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ︔ | ᠬᠢᠲᠠᠳ ᠡᠸᠦ᠋ᠷᠦᠫᠡ ᠡᠮ ᠤᠨ ᠲᠦᠷᠦᠯ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠪᠠ︔ ᠴᠢᠮᠡᠭᠡ ᠬᠤᠯᠪᠤᠭᠠᠨ ᠤ ᠪᠠᠭᠠᠵᠢ ᠬᠡᠷᠡᠭᠰᠡᠯ ᠤᠨ | ᠲᠥᠷᠥᠯ ᠠᠳᠠᠯᠢ ᠬᠤᠭᠤᠴᠠᠭᠠᠨ ᠤ ᠬᠢ ᠠᠴᠠ 18.5% ᠪᠠᠷ ᠨᠡᠮᠡᠭᠳᠡᠪᠡ︔ ᠭᠡᠷ ᠤᠨ ᠬᠡᠷᠡᠭᠰᠡᠯ ᠤᠨ ᠲᠦᠷᠦᠯ ᠠᠳᠠᠯᠢ ᠬᠤᠭᠤᠴᠠᠭᠠᠨ ᠤ ᠬᠢ ᠠᠴᠠ 18. | 9% ᠪᠠᠷ ᠨᠡᠮᠡᠭᠳᠡᠪᠡ︔ ᠴᠢᠯᠠᠭᠤᠨ ᠲᠤᠰᠤ ᠵᠢᠴᠢ ᠪᠦᠳᠦᠭᠡᠭᠳᠡᠭᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 29.4% ᠪᠠᠷ ᠪᠠᠭᠤᠷᠠᠪᠠ︔ | ᠪᠤᠰᠤᠳ ᠲᠦᠷᠦᠯ ᠠᠳᠠᠯᠢ ᠬᠤᠭᠤᠴᠠᠭᠠᠨ ᠤ ᠬᠢ ᠠᠴᠠ 42.8% ᠪᠠᠷ ᠪᠠᠭᠤᠷᠠᠪᠠ᠃ | | ᠳᠥᠷᠪᠡ᠂ ᠡᠷᠬᠢᠯᠲᠡ ᠶᠢᠨ ᠣᠷᠴᠢᠨ ᠤ ᠲᠠᠯ᠎ᠠ ᠪᠠᠷ | 1 — 4 ᠳ᠋ᠤᠬᠡᠷ ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 12.03 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.7 ᠳ᠋ᠦᠩᠰᠢᠭᠤᠷ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 32. | 3% ᠪᠠᠷ ᠪᠠᠭᠤᠷᠠᠪᠠ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 39.6% ᠪᠠᠷ ᠪᠠᠭᠤᠷᠠᠵᠤ᠂ ᠭᠠᠶᠢᠯᠢ ᠶᠢᠨ | ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠭᠤᠣᠯ ᠪᠣᠯᠬᠤ ᠭᠠᠶᠢᠯᠢ ᠲᠠᠲᠠᠪᠤᠷᠢ ᠶᠢᠨ ᠳᠣᠲᠣᠷ᠎ᠠ᠂ ᠨᠡᠮᠡᠭᠳᠡᠯ | ᠥᠷᠲᠡᠭ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 40.3% ᠪᠠᠷ ᠪᠠᠭᠤᠷᠠᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠳᠠᠯᠢ | ᠬᠤᠭᠤᠴᠠᠭᠠᠨ ᠤ ᠬᠢ ᠠᠴᠠ 34.3% ᠪᠠᠷ ᠪᠠᠭᠤᠷᠠᠵᠤ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ 6. | 5% ᠪᠠᠷ ᠪᠠᠭᠤᠷᠠᠪᠠ᠃ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 15.27 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.15 ᠳ᠋ᠦᠩᠰᠢᠭᠤᠷ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 34. | 8% ᠢᠶᠠᠷ ᠪᠠᠭᠤᠷᠠᠪᠠ᠃ | 4 ᠳ᠋ᠤᠬᠡᠷ ᠰᠠᠷ᠎ᠠ ᠳᠤ᠂ ᠪᠥᠬᠦ ᠬᠤᠰᠢᠭᠤᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠨᠡᠶᠢᠲᠡ 409 ᠡᠷᠦᠬᠡ ᠰᠢᠨ᠎ᠡ ᠪᠠᠷ | ᠳᠠᠩᠰᠠᠯᠠᠭᠤᠯᠪᠠ᠃ ᠡᠭᠦᠨ ᠳᠤ᠂ ᠡᠯ᠎ᠡ ᠲᠥᠷᠥᠯ ᠤᠨ ᠠᠵᠤ ᠠᠬᠤᠶᠢᠯᠠᠯ 72᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 334᠂ ᠲᠠᠷᠢᠶᠠᠴᠢᠨ ᠤ | ᠲᠤᠰᠬᠠᠢ ᠬᠤᠷᠰᠢᠶᠠᠵᠢᠯ 3 ᠪᠣᠶ᠃ | 4 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ 175.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ | ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 116.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 11.87% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ 33.81 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.2% ᠢᠶᠠᠷ ᠪᠠᠭᠤᠷᠠᠪᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ | ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 165.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.22% | ᠨᠡᠮᠡᠭᠳᠡᠪᠡ᠃ ᠡᠭᠦᠨ ᠳᠤ ᠰᠠᠭᠤᠭᠠᠯᠢ ᠡᠷᠦᠬᠡ ᠶᠢᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 22.5% ᠪᠠᠷ ᠨᠠᠮᠡᠭᠳᠡᠵᠦ᠂ ᠮᠥᠡᠭᠭᠦᠨ ᠬᠦᠢᠯᠭᠡᠭᠡᠨ ᠤ | ᠪᠤᠰᠦ ᠵᠢᠭᠡᠯᠡᠯᠭᠡ ᠶᠢᠨ ᠲᠤᠭ᠎ᠠ ᠠᠳᠠᠯᠢ ᠬᠤᠭᠤᠴᠭᠠᠨ ᠤ ᠬᠢ ᠠᠴᠠ 3.99% ᠪᠠᠷ ᠪᠠᠭᠤᠷᠠᠪᠠ᠃ | |