ᠮᠠᠨ ᠤ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠪᠠᠷ ᠠᠵᠤ ᠠᠬᠤᠶ ᠶᠢᠨ ᠴᠢᠨᠠᠷᠯᠢᠭ ᠭᠥᠭᠵᠢᠯᠳᠠ ᠶᠢ ᠠᠬᠢᠭᠤᠯᠵᠥ ᠪᠠᠶᠢᠨ᠎ᠠ
ᠨᠡᠶᠢᠲᠡᠯᠡᠭᠰᠡᠨ ᠴᠠᠭ᠄
2024/7/11
      ᠡᠨᠡ ᠵᠢᠯ ᠠᠴᠠ ᠨᠠᠰᠢ᠂ ᠮᠠᠨ ᠤ ᠬᠤᠰᠢᠭᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠤ ᠰᠢᠶᠠᠨ ᠤ ᠲᠠᠰ ᠤᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ︽ᠬᠤᠶᠠᠷ ᠢ ᠳᠠᠭᠠᠭᠠᠴᠢᠯᠠᠨ ᠬᠤᠯᠪᠣᠭᠠᠯᠠᠬᠤ︾ ᠲᠤᠭᠳᠠᠯᠴᠠᠭ᠎ᠠ ᠶᠢ ᠬᠡᠷᠡᠭᠵᠢᠭᠦᠯᠵᠦ ᠡᠯ᠎ᠡ ᠲᠠᠯ᠎ᠠ ᠶᠢᠨ ᠬᠦᠴᠦᠨ᠂ ᠡᠬᠢ ᠪᠠᠶᠠᠯᠢᠭ᠂ ᠲᠦᠷᠦ ᠶᠢᠨ ᠪᠤᠳᠤᠯᠭ᠎ᠠ ᠶᠢ ᠲᠥᠪᠯᠡᠷᠡᠭᠦᠯᠦᠨ ᠲᠦᠷᠦᠯ ᠵᠦᠢᠯ ᠤᠨ ᠪᠦᠳᠦᠭᠡᠨ ᠪᠠᠶᠢᠭᠤᠯᠣᠯᠲᠠ ᠶᠢ ᠴᠢᠩᠭ᠎ᠠ ᠠᠳᠬᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠲᠦᠷᠦᠯ ᠵᠦᠢᠯ ᠢ ᠡᠷᠲᠡ ᠠᠴᠠ ᠡᠬᠢᠯᠡᠭᠦᠯᠥᠨ ᠪᠦᠳᠣᠭᠡᠨ ᠪᠠᠶᠢᠭᠤᠯᠵᠥ ᠡᠷᠲᠡ ᠠᠰᠢᠭᠯᠠᠯᠲᠠ ᠳᠤ ᠣᠷᠣᠭᠤᠯᠣᠨ ᠦᠷ᠎ᠡ ᠪᠦᠲᠦᠮᠵᠢ ᠤᠯᠬᠤ ᠪᠠᠷ ᠭᠦᠴᠣᠯᠡᠭᠰᠡᠨ ᠢᠶᠠᠷ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠠᠰᠢᠭᠯᠠᠯᠲᠠ ᠳᠤ ᠣᠷᠣᠵᠥ ᠮᠠᠨ ᠤ ᠬᠤᠰᠢᠭᠤᠨ  ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠪᠣᠯᠣᠭᠰᠠᠨ ᠪᠠᠶᠢᠨ᠎ᠠ ᠃
1.webp.jpg   
      ᠥᠪᠥᠷ ᠮᠣᠩᠭᠤᠯ ᠤᠨ ᠵᠦᠸᠧ ᠵᠧᠩ ᠨᠠᠭᠦᠷᠠᠰᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠮᠧᠲ᠋ᠢᠯ ᠠᠯᠺᠣᠣᠯ ᠼᠤᠤ ᠬᠦᠴᠢᠯ ᠤᠨ ᠭᠡᠯᠭᠢᠶᠠᠵᠢᠯ ᠢ ᠤᠷᠳᠤᠳᠬᠠᠬᠤ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠭᠡᠶᠢᠵᠢᠭᠦᠯᠭᠦ ᠲᠤᠨᠤᠭᠯᠠᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ 10 ᠭᠠᠷᠤᠢ ᠮᠠᠰᠢᠨ ᠠᠵᠢᠯᠯᠠᠵᠤ᠂ 800 ᠭᠠᠷᠤᠶ ᠲᠣᠨ ᠪᠤᠯᠤᠳ ᠪᠦᠲᠦᠴᠡ ᠲᠠᠢ ᠲᠤᠮᠤ ᠰᠠᠯ ᠬᠠᠪᠲᠠᠰᠤᠨ ᠳᠡᠭᠡᠷ᠎ᠡ 5868 ᠪᠣᠰᠤᠭ᠎ᠠ ᠳᠥᠷᠪᠡᠯᠵᠢᠨ ᠮᠧᠲᠷ ᠤᠨ ᠪᠤᠲ᠋ᠤᠨ ᠢ ᠴᠢᠳᠬᠤᠯ᠎ᠠ᠃ ᠴᠢᠳᠬᠤᠭᠰᠠᠨ ᠤ ᠳᠠᠷᠠᠭᠠᠬᠢ ᠲᠤᠮᠤ ᠰᠠᠯ ᠬᠠᠪᠲᠠᠰᠤ ᠨᠢ ᠲᠥᠷᠤᠯ ᠵᠥᠢᠯ ᠤᠨ ᠪᠦᠳᠤᠭᠡᠨ ᠪᠠᠶᠢᠭᠤᠯᠤᠯᠳᠠ ᠪᠠ ᠠᠶᠤᠯᠭᠦᠶ ᠦᠢᠯᠡᠳᠪᠦᠷᠢᠯᠡᠯ ᠤᠨ ᠰᠠᠭᠤᠷᠢ ᠴᠢᠯᠠᠭᠤ ᠪᠤᠯᠵᠤ ᠡᠨᠡᠭᠦ ᠰᠠᠯ ᠬᠠᠪᠲᠠᠰᠤ ᠶᠢᠨ ᠰᠠᠭᠤᠷᠢ ᠶᠢ ᠴᠢᠳᠬᠤᠭᠰᠠᠨ ᠨᠢ ᠭᠡᠶᠢᠵᠢᠭᠦᠯᠭᠦ ᠪᠣᠷᠣ ᠲᠥᠯᠥᠪ ᠤᠨ ᠰᠢᠷᠣᠶ ᠶᠢᠨ ᠪᠠᠷᠢᠯᠭ᠎ᠠ ᠶᠢᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠤᠢ᠃
2.webp.jpg   
      ᠵᠦᠸᠧ ᠵᠧᠩ ᠨᠠᠭᠦᠷᠠᠰᠤ ᠬᠢᠮᠢ ᠶᠢᠨ ᠠᠵᠤ ᠦᠢᠯᠡᠳᠪᠦᠷᠢ ᠶᠢᠨ ᠭᠡᠶᠢᠵᠢᠭᠦᠯᠭᠦ ᠲᠤᠨᠤᠭᠯᠠᠯ ᠤᠨ ᠡᠵᠡᠯᠡᠬᠦ ᠲᠠᠯᠠᠪᠠᠶ ᠨᠢ 5.7 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠮᠧᠲ᠋ᠢᠯ ᠠᠯᠺᠣᠣᠯ ᠤᠨ ᠲᠥᠷᠥᠯ ᠵᠦᠢᠯ ᠤᠨ ᠦᠢᠯᠡᠳᠪᠦᠷᠢᠯᠡᠯ ᠤᠨ ᠭᠤᠤᠯ ᠲᠥᠬᠦᠭᠡᠷᠦᠮᠵᠢ ᠶᠢᠨ ᠨᠢᠭᠡ ᠪᠣᠯᠤᠨ᠎ᠠ᠂ ᠲᠣᠨᠣᠭᠯᠠᠯ ᠨᠢ ᠨᠡᠭᠦᠷᠡᠰᠦ ᠪᠤᠶᠤ ᠭᠡᠤᠷᠰᠤ ᠪᠠᠷ ᠲᠦᠭᠦᠬᠡᠶ ᠮᠠᠲ᠋ᠧᠷᠢᠶᠠᠯ ᠪᠤᠯᠭᠠᠨ ᠬᠦᠴᠢᠯᠲᠥ᠋ᠷᠥᠭᠴᠢ᠂ ᠤᠰᠤᠨ ᠠᠭᠤᠷ ᠢᠶᠠᠷ ᠭᠡᠶᠢᠵᠢᠭᠦᠯᠥᠭᠴᠢ ᠪᠣᠯᠭᠠᠵᠤ ᠥᠨᠳᠥᠷ ᠳᠤᠯᠠᠭᠠᠨ ᠥᠨᠳᠥᠷ ᠳᠠᠷᠤᠯᠲᠠ ᠶᠢᠨ ᠳᠣᠤᠷ᠎ᠠ ᠬᠢᠮᠢ ᠶᠢᠨ ᠤᠷᠪᠠᠯ ᠢᠶᠠᠷ ᠳᠡᠮᠵᠢᠨ ᠨᠡᠭᠦᠷᠡᠰᠦ ᠪᠤᠶᠤ ᠭᠡᠤᠷᠰᠤ ᠶᠢᠨ ᠳᠣᠲᠣᠷᠠᠬᠢ ᠰᠢᠳᠠᠵᠤ ᠪᠤᠯᠬᠤ ᠭᠡᠰᠡᠭ ᠢ ᠰᠢᠲᠠᠮᠠᠬᠠᠶ ᠴᠢᠨᠠᠷ ᠲᠠᠢ ᠬᠡᠶ ᠪᠠᠶᠠᠳᠤ ᠪᠣᠯᠭᠠᠨ ᠬᠤᠪᠢᠷᠠᠭᠤᠯᠳᠠᠭ ᠪᠠᠶᠢᠨ᠎ᠠ᠂ ᠡᠭᠦᠨ ᠳᠤ ᠭᠤᠤᠯᠳᠠᠭᠤ ᠨᠡᠭᠦᠷᠡᠰᠦ ᠲᠡᠭᠡᠷᠮᠡᠳᠡᠬᠦ ᠵᠢᠴᠢ ᠬᠠᠳᠠᠭᠠᠬᠤ᠂ ᠨᠡᠭᠦᠷᠡᠰᠦ ᠶᠢ ᠳᠠᠷᠤᠬᠤ ᠵᠢᠴᠢ ᠬᠦᠷᠭᠡᠬᠦ᠂ ᠭᠡᠶᠢᠵᠢᠭᠦᠯᠭᠦ ᠵᠢᠴᠢ ᠨᠡᠶᠢᠯᠡᠯᠭᠡ ᠬᠡᠶ ᠶᠢ ᠤᠬᠢᠶᠠᠬᠤ ᠵᠡᠷᠭᠡ ᠨᠢᠭᠡᠴᠢ ᠪᠠᠭᠲᠠᠨ᠎ᠠ᠃
3.webp.jpg   
      ᠵᠦᠸᠧ ᠵᠧᠩ ᠨᠠᠭᠦᠷᠠᠰᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠨᠢ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠷᠢᠠᠭᠤᠤᠯ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 255 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠤ ᠤᠤᠯ ᠤᠨ ᠵᠢᠯ ᠳᠤ 120 ᠲᠦᠮᠡᠨ ᠲᠣᠨ ᠮᠧᠲ᠋ᠢᠯ ᠠᠯᠺᠣᠣᠯ ᠪᠠ 100 ᠲᠦᠮᠡᠨ ᠲᠣᠨ ᠼᠤᠤ ᠬᠦᠴᠢᠯ ᠤᠨ ᠲᠥᠷᠥᠯ ᠵᠦᠢᠯ ᠤᠨ ᠰᠠᠭᠤᠷᠢᠨ ᠳᠡᠭᠡᠷ᠎ᠡ ᠨᠡᠭᠦᠷᠡᠰᠦᠨ ᠤ ᠶᠠᠰᠤ ᠴᠢᠨᠠᠷ ᠢ ᠲᠠᠰ ᠬᠤᠪᠢᠶᠠᠨ ᠥᠨᠳᠥᠷ ᠪᠦᠲᠦᠮᠵᠢᠲᠡᠶ ᠠᠷᠢᠭᠤᠨ ᠴᠡᠪᠡᠷ ᠠᠰᠢᠭᠯᠠᠬᠤ ᠪᠠ ᠮᠧᠲ᠋ᠢᠯ ᠠᠯᠺᠣᠣᠯ᠂ ᠼᠤᠤ ᠬᠦᠴᠢᠯ ᠤᠨ ᠭᠡᠯᠭᠢᠶᠠᠵᠢᠯ ᠢ ᠤᠷᠳᠤᠳᠬᠠᠨ ᠭᠡᠯᠭᠢᠶᠠᠵᠢᠯ ᠢ ᠨᠥᠭᠦᠪᠤᠷᠢᠯᠠᠭᠦ ᠦᠢᠯᠡᠳᠬᠦᠨ ᠤ ᠥᠨᠳᠥᠷ ᠥᠷᠳᠡᠭᠵᠢᠭᠦᠯᠭᠦ ᠮᠡᠷᠭᠡᠵᠢᠯ ᠲᠠᠢ ᠤᠶᠠᠯᠳᠤᠭᠤᠯᠤᠨ ᠪᠣᠬᠢᠷᠲᠤᠯ ᠥᠬᠡᠶ ᠡᠨᠧᠷᠭᠢ ᠶᠢᠨ ᠰᠤᠷᠪᠤᠯᠵᠢ ᠲᠠᠢ ᠡᠪᠴᠡᠯᠳᠡᠭᠦᠯᠵᠤ ᠼᠤᠤ ᠬᠦᠴᠢᠯ᠂ ᠡᠲ᠋ᠢᠯ ᠠᠯᠺᠣᠣᠯ᠂ ᠪᠥᠭᠡᠭᠡᠨᠡᠷᠡᠯ ᠡᠲ᠋ᠢᠯ ᠠᠯᠺᠣᠣᠯ᠂ ᠪᠥᠭᠡᠭᠡᠨᠡᠷᠡᠯ ᠮᠧᠲ᠋ᠢᠯ ᠠᠯᠳᠧᠭᠢᠳ᠋ ᠵᠡᠷᠭᠡ 30 ᠭᠠᠷᠤᠶ ᠵᠦᠢᠯ ᠤᠨ ᠭᠤᠤᠯ ᠳᠠᠭᠠᠯᠲᠠ ᠪᠦᠲᠦᠭᠡᠭᠳᠡᠬᠦᠨ ᠢ ᠲᠥᠯᠥᠪᠵᠢᠭᠦᠯᠦᠨ ᠦᠢᠯᠡᠳᠪᠦᠷᠢᠯᠡᠵᠦ ᠵᠢᠯ ᠳᠤ ᠪᠠᠷᠤᠭ 117 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ ᠪᠠᠷᠤᠭ 59 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ 2400 ᠭᠠᠷᠤᠶ ᠠᠵᠢᠯ ᠤᠨ ᠪᠠᠶᠢᠷᠢ ᠶᠢ ᠰᠢᠢᠳᠪᠤᠷᠢᠯᠠᠭᠦ ᠪᠤᠯᠤᠨ᠎ᠠ᠃ ᠲᠦᠷᠦᠯ ᠵᠦᠢᠯ ᠨᠢ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢ ᠵᠡᠷᠭᠡᠪᠡᠷ ᠡᠭᠢᠯᠠᠭᠦᠯᠤᠨ 590 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠪᠠᠷ ᠵᠢᠱᠢᠵᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠴᠢᠭᠯᠡᠯ ᠢᠶᠠᠷ ᠭᠤᠤᠯᠯᠠᠭᠤᠯᠤᠨ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠥᠢᠯᠡᠳᠪᠤᠷᠢᠯᠠᠭᠦ ᠪᠤᠯᠤᠨ᠎ᠠ᠃
4.webp.jpg   
      ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠰᠢᠷᠣᠢ ᠶᠢᠨ ᠪᠠᠷᠢᠯᠭ᠎ᠠ ᠶᠢᠨ ᠠᠵᠢᠯ  ᠠᠴᠠ ᠭᠠᠳᠠᠨ᠎ᠠ 478 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠥᠪᠥᠷ ᠮᠣᠩᠭᠤᠯ ᠤᠨ ᠪᠦᠦ  ᠹᠧᠩ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠲᠦᠷᠭᠡᠨ ᠢᠶᠠᠷ ᠠᠬᠢᠵᠦ ᠪᠤᠢ᠃ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠲᠤᠰ ᠲᠦᠷᠦᠯ ᠵᠦᠢᠯ ᠤᠨ ᠰᠢᠷᠣᠶ ᠶᠢᠨ ᠪᠠᠷᠢᠯᠭ᠎ᠠ᠂ ᠵᠢᠷᠤᠭ ᠲᠥᠯᠥᠪᠯᠡᠭᠡ ᠶᠢᠨ ᠠᠵᠢᠯ ᠨᠢᠭᠡᠨᠲᠡ ᠪᠦᠬᠦᠨ ᠢᠶᠠᠷ ᠢᠶᠠᠨ ᠳᠠᠭᠤᠰᠴᠤ ᠪᠣᠯᠣᠳ ᠪᠦᠲᠦᠴᠡ ᠶᠢᠨ ᠤᠭᠰᠠᠷᠠᠯᠲᠠ ᠰᠢᠪᠲᠤᠷᠭᠠᠨ ᠳᠠᠭᠠᠨ ᠣᠷᠣᠵᠤ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠭᠠᠷᠭᠠᠬᠤ ᠳᠤ ᠪᠠᠲᠤ ᠪᠠᠬᠢ ᠰᠠᠭᠤᠷᠢ ᠲᠠᠯᠪᠢᠵᠤ ᠪᠤᠢ᠃ ᠲᠥᠷᠥᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠲᠣᠰ ᠲᠥᠷᠥᠯ ᠵᠦᠢᠯ ᠨᠢ 10 ᠰᠠᠷ᠎ᠠ ᠳᠤ ᠠᠩᠬᠠᠨ ᠤ ᠰᠢᠷᠢᠰ ᠪᠥᠭᠡᠭᠡᠨᠡᠷᠡᠯ ᠠᠯᠺᠧᠨ ᠤ ᠦᠢᠯᠡᠳᠬᠦᠨ ᠢ ᠦᠢᠯᠡᠳᠪᠦᠷᠢᠯᠡᠵᠦ ᠵᠢᠯ ᠤᠨ ᠡᠴᠦᠰ ᠲᠤ ᠪᠥᠬᠦ ᠶᠠᠪᠤᠴᠠ ᠶᠢ ᠪᠥᠷ ᠨᠡᠪᠲᠡᠷᠡᠭᠦᠯᠦᠨ᠎ᠡ ᠭᠡᠪᠡ᠃      ᠡᠨᠡ ᠵᠢᠯ ᠠᠴᠠ ᠨᠠᠰᠢ᠂ ᠮᠠᠨ ᠤ ᠬᠤᠰᠢᠭᠤ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ︽ᠰᠢᠨ᠎ᠡ ᠠᠶᠠᠨ ᠢ ᠨᠡᠭᠡᠭᠡᠵᠤ᠂ ᠬᠤᠰᠢᠭᠤᠷᠠᠨ ᠴᠣᠯᠭᠤᠷᠠᠵᠥ᠂ ᠭᠤᠤᠯᠳᠠᠯᠭᠠᠳᠤ ᠣᠷᠣᠨ ᠢ ᠪᠥᠳᠥᠭᠡᠨ ᠪᠠᠶᠢᠭᠤᠯᠵᠥ᠂ ᠵᠠᠭᠤᠨ ᠬᠦᠴᠦᠷᠬᠡᠭ ᠰᠢᠶᠠᠨ ᠤ ᠵᠢᠬᠰᠠᠭᠠᠯᠳᠠ ᠳᠤ ᠤᠷᠤᠬᠤ︾ ᠪᠠᠷ ᠬᠠᠷᠠᠯᠲᠠ ᠪᠣᠯᠭᠠᠨ ︽ᠭᠤᠷᠪᠠᠨ ᠬᠦᠷᠢᠶᠡᠯᠡᠩ ᠭᠤᠷᠪᠠᠨ ᠰᠠᠭᠤᠷᠢᠨ︾ ᠢᠶᠠᠷ ᠭᠠᠷᠳᠠᠴᠠ ᠪᠣᠯᠭᠠᠵᠤ ᠰᠢᠨ᠎ᠡ ᠡᠨᠧᠷᠭᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠤᠯᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠠᠷᠤᠩᠭᠡᠶᠢᠯᠠᠨ ᠠᠰᠢᠭᠯᠠᠯᠳᠠ ᠵᠡᠷᠭᠡ 9 ᠠᠵᠤ ᠦᠢᠯᠡᠰ ᠤᠨ ᠭᠡᠯᠭᠢᠶᠠᠵᠢᠯ ᠢ ᠪᠦᠬᠦ ᠲᠠᠯ᠎ᠠ ᠪᠠᠷ ᠭᠥᠭᠵᠢᠭᠦᠯᠤᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠨᠢᠭᠡ ᠪᠦᠯᠦᠭ ᠴᠢᠬᠤᠯᠠ ᠲᠤᠮᠤ ᠲᠦᠷᠦᠯ ᠵᠦᠢᠯ ᠤᠨ ᠵᠠᠯᠭᠠᠪᠡᠷ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠦᠳᠦᠬᠡᠨ ᠪᠠᠶᠢᠭᠤᠯᠬᠤ᠂ ᠪᠠᠷᠢᠯᠭ᠎ᠠ ᠶᠢ ᠲᠠᠭᠤᠰᠬᠠᠵᠤ ᠠᠰᠢᠭᠯᠠᠯᠲᠠ ᠳᠤ ᠤᠷᠤᠭᠤᠯᠬᠤ ᠶᠢ ᠠᠭᠢᠭᠤᠯᠤᠨ ᠠᠵᠤ ᠠᠬᠤᠢ ᠶᠢᠨ ᠰᠠᠭᠤᠷᠢ ᠶᠢ ᠪᠠᠲᠤᠳᠬᠠᠪᠠ᠃ ᠪᠥᠬᠦ ᠬᠤᠰᠢᠭᠤᠨ ᠤ ᠬᠤᠲᠠ ᠶᠢᠨ ᠲᠠᠰ ᠤᠨ ᠲᠣᠬᠢᠷᠠᠭᠤᠯᠤᠯᠲᠠ ᠶᠢᠨ ᠲᠥᠷᠥᠯ ᠵᠦᠢᠯ ᠳᠤ 30 ᠲᠥᠷᠤᠯ ᠵᠥᠢᠯ ᠣᠷᠣᠵᠤ ᠠᠵᠢᠯ ᠡᠬᠢᠯᠡᠭᠦᠯᠦᠭᠰᠡᠨ ᠨᠣᠷᠮ᠎ᠠ ᠨᠢ 100% ᠳᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 1464.53 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ ᠳᠡᠭᠡᠷ᠎ᠡ ᠬᠠᠭᠠᠰ ᠵᠢᠯ ᠳᠤ 131 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ ᠠᠵᠤ ᠦᠢᠯᠡᠳᠪᠦᠷᠢ ᠶᠢᠨ ᠲᠥᠷᠥᠯ ᠵᠦᠢᠯ ᠤᠨ ᠥᠷᠨᠢᠩᠭᠦᠶ ᠬᠥᠭᠵᠢᠯᠲᠡ ᠨᠢ ᠴᠦ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠳᠠᠢ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠵᠦ 1 — 5 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 62.6% ᠪᠠᠷ ᠨᠡᠮᠡᠭᠳᠡᠵᠦ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠵᠤ ᠪᠥᠬᠦ ᠬᠤᠰᠢᠭᠤᠨ ᠤ ᠣᠯᠠᠨ  ᠨᠠᠶᠢᠳᠠ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 35.42 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 65.4% ᠪᠠᠷ ᠨᠡᠮᠡᠭᠳᠡᠪᠡ᠃                                 ᠰᠤᠷᠪᠤᠯᠵᠢᠯᠠᠭᠴᠢ᠄ ᠤᠶᠤᠨᠴᠢᠮᠡᠭ᠂ ᠨᠠᠷᠠᠰᠤ᠂ ᠸᠠᠩ ᠴᠢ᠂ ᠢᠦᠶ ᠵᠢᠶᠧ ᠮᠧᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ