ᠣᠶᠢᠷ᠎ᠠ ᠶᠢᠨ ᠡᠳᠦᠷ᠂ ︽ᠦᠨᠳᠦᠰᠦᠲᠡᠨ ᠤ ᠪᠦᠯᠬᠦᠮᠳᠡᠯ ᠤᠨ ᠬᠠᠮᠲᠤ ᠶᠢᠨ ᠬᠦᠰᠡᠯ ᠢ ᠬᠠᠮᠳᠤᠪᠡᠷ ᠲᠡᠷᠭᠡᠯᠰᠢᠭᠦᠯᠵᠣ ᠨᠣᠮᠢᠨ ᠲᠠᠩᠰᠤᠭ ᠪᠠᠶᠠᠵᠢᠯ ᠤᠨ | ᠰᠢᠨ᠎ᠡ ᠦᠵᠡᠮᠵᠢ ᠶᠢ ᠬᠠᠮᠲᠣᠪᠠᠷ ᠵᠢᠷᠣᠭᠯᠠᠶᠠ︾ ᠰᠡᠲᠦᠪᠲᠤ ᠬᠤᠷᠢᠳᠣᠭᠠᠷ ᠬᠤᠭᠤᠴᠠᠭᠠᠨ ᠤ ︽ᠮᠠᠯᠴᠢᠳ ᠤᠨ ᠦᠷᠡᠰ︾ ᠰᠣᠶᠣᠯ ᠲᠠᠮᠢᠷ ᠤᠨ ᠠᠵᠢᠯᠯᠠᠭ᠎ᠠ ᠶᠢᠨ | ᠡᠬᠢᠯᠡᠯᠲᠡ ᠶᠢᠨ ᠶᠣᠰᠣᠯᠠᠯ ᠥᠦᠰᠢᠨᠵᠣᠣ ᠪᠠᠯᠭᠠᠰᠣᠨ ᠤ ᠥᠦᠰᠢᠨᠵᠣᠣ ᠭᠠᠴᠠᠭᠠᠨ ᠳᠤ ᠠᠮᠵᠢᠯᠲᠠᠲᠠᠢ ᠰᠠᠶᠢᠬᠠᠨ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠨᠢᠭᠡᠳᠣᠮᠠᠯ ᠹᠷᠣᠨᠲ ᠤᠨ ᠭᠡᠯᠳᠡᠰ ᠤᠨ ᠳᠠᠷᠤᠭ᠎ᠠ ᠮᠠᠰᠢᠪᠢᠯᠢᠭ᠌᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠤᠯᠤᠨ | ᠥᠦᠰᠢᠨᠵᠣᠣ ᠪᠠᠯᠭᠠᠰᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠯᠠ ᠣᠶᠢᠷ᠎ᠠ ᠠᠴᠠ ᠬᠦᠷᠣᠯᠴᠡᠨ ᠢᠷᠡᠭᠰᠡᠨ ᠮᠠᠯᠴᠢᠨ ᠲᠠᠷᠢᠶᠠᠴᠢᠳ ᠠᠵᠢᠯᠯᠠᠭ᠎ᠠ ᠳᠤ | ᠣᠷᠣᠯᠴᠠᠭᠰᠠᠨ ᠪᠠᠶᠢᠨ᠎ᠠ᠃ | ᠥᠦᠰᠢᠨᠵᠣᠣ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠳᠠᠨ ᠠᠴᠠ ᠠᠵᠢᠯᠯᠠᠭ᠎ᠠ ᠡᠭᠢᠯᠡᠭᠰᠠᠨ ᠢ ᠵᠠᠷᠯᠠᠵᠣ᠂ ᠪᠦᠬᠦ ᠣᠯᠣᠰ ᠤᠨ | ᠬᠦᠳᠡᠯᠮᠦᠷᠢ ᠶᠢᠨ ᠵᠢᠱᠢᠶᠡᠴᠢ ᠪᠣᠷᠣᠯᠳᠠᠢ ᠠᠴᠠ ︽ᠮᠠᠯᠵᠢᠬᠤ ᠳ᠋ᠠᠵᠠᠢ︾ ᠥᠦᠰᠢᠨᠵᠣᠣ ᠶᠢᠨ ᠠᠮᠢ ᠠᠬᠤᠢ ᠶᠢᠨ ᠪᠦᠲᠣᠭᠡᠨ ᠪᠠᠶᠢᠭᠤᠯᠤᠯᠲᠠ ᠶᠢᠨ ᠲᠦᠯᠦᠭᠡ | ᠦᠶ᠎ᠡ ᠶᠢᠨ ᠦᠶ᠎ᠡ ᠪᠠᠷ ᠢᠶᠠᠨ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠠᠨ ᠪᠠᠳᠠᠷᠠᠭᠤᠯᠬᠤ ᠶᠢ ᠣᠷᠢᠶᠠᠯᠠᠨ ᠳᠠᠶᠢᠴᠢᠯᠠᠭᠰᠠᠨ ᠪᠠᠶᠢᠨ᠎ᠠ᠃ ᠠᠵᠢᠯᠯᠠᠭ᠎ᠠ | ᠳᠡᠭᠡᠷ᠎ᠡ᠂ ᠵᠢᠱᠢᠶᠡᠴᠢ ᠮᠠᠯᠴᠢᠳ᠂ ᠪᠣᠯᠪᠠᠰᠣᠨ ᠡᠷᠦᠬᠡ᠂ ᠴᠡᠪᠡᠷ ᠴᠡᠮᠴᠡᠭᠡᠷ ᠭᠡᠷ ᠪᠦᠯᠢ᠂ ᠰᠢᠯᠢᠳᠡᠭ ᠺᠠᠲᠠᠷᠴᠣᠳ ᠢ ᠱᠠᠩᠨᠠᠨ ᠬᠦᠬᠢᠬᠦᠯᠬᠦ ᠶᠢᠨ ᠬᠠᠮᠲᠣ ᠪᠠᠰᠠ | ᠣᠷᠠᠨ ᠰᠠᠶᠢᠬᠠᠨ ᠤ ᠲᠣᠭᠯᠠᠯᠲᠠ ᠭᠠᠷᠭᠠᠵᠤ ᠦᠵᠡᠭᠴᠢᠳ ᠣᠯᠠᠨ ᠢᠶᠠᠨ ᠪᠠᠶᠠᠰᠬᠠᠯ᠎ᠠ᠃ | ᠣᠶᠢᠯᠠᠭᠠᠭᠰᠠᠨ ᠢᠶᠠᠷ ᠲᠣᠰ ᠣᠳᠠᠭᠠᠨ ᠤ ︽ᠮᠠᠯᠴᠢᠳ ᠤᠨ ᠦᠷᠡᠰ︾ ᠮᠠᠯᠴᠢᠨ ᠲᠠᠷᠢᠶᠠᠴᠢᠳ ᠤᠨ ᠰᠣᠶᠣᠯ ᠲᠠᠮᠢᠷ ᠤᠨ ᠠᠵᠢᠯᠯᠠᠭ᠎ᠠ ᠨᠢ 4 ᠡᠳᠦᠷ ᠤᠨ | ᠬᠤᠭᠤᠴᠠᠭ᠎ᠠ ᠲᠠᠢ ᠶᠠᠪᠣᠭᠳᠠᠵᠣ᠂ ᠮᠣᠷᠢ ᠤᠷᠤᠯᠳᠤᠬᠤ᠂ ᠰᠣᠷ ᠬᠠᠷᠪᠣᠬᠤ᠂ ᠪᠦᠬᠡ ᠪᠠᠷᠢᠯᠳᠣᠬᠤ ᠵᠡᠷᠭᠡ ᠠᠴᠠ ᠭᠠᠳᠠᠨ᠎ᠠ ᠪᠠᠰᠠ ᠰᠢᠯᠦᠭ ᠲᠠᠭᠤᠨ ᠤ | ᠣᠷᠣᠯᠳᠣᠭᠠᠨ ᠢ ᠥᠷᠨᠢᠭᠦᠯᠭᠦ ᠪᠠᠷ ᠪᠠᠶᠢᠨ᠎ᠠ᠃ | | | | | | ᠰᠣᠷᠪᠣᠯᠵᠢᠯᠠᠭᠴᠢ᠄ ᠲᠠᠨ᠎ᠠ᠂ ᠷᠢᠸᠠᠳᠢ |