ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠤ ᠡᠮᠴᠢᠯᠡᠭᠡᠨ ᠤ | ᠳᠠᠭᠠᠳᠬᠠᠯ ᠤᠨ ᠺᠣᠳ᠋ ᠢ ᠬᠡᠷᠡᠭᠯᠡᠭᠴᠢ 11.5 ᠳ᠋ᠦᠩᠰᠢᠭᠤᠷ ᠢ ᠳᠠᠪᠠᠵᠤ᠂ ᠨᠢᠭᠡᠨᠲᠡ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠡᠮᠴᠢᠯᠡᠭᠡᠨ ᠤ | ᠳᠠᠭᠠᠳᠬᠠᠯ ᠢ ᠪᠠᠶᠢᠴᠠᠭᠠᠨ ᠯᠠᠪᠯᠠᠬᠤ᠂ ᠡᠮᠴᠢᠯᠡᠭᠡᠨ ᠤ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠶᠢ ᠳᠠᠩᠰᠠᠯᠠᠭᠤᠯᠬᠤ ᠵᠡᠷᠭᠡ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠣᠷᠴᠢᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠨᠠᠩ | ᠣᠯᠠᠨ ᠳᠠᠭᠠᠳᠬᠠᠯ ᠳᠤ ᠣᠷᠣᠯᠴᠠᠭᠰᠠᠳ ᠢ ᠬᠠᠪᠰᠤᠷᠬᠤ ᠶᠢᠨ ᠲᠥᠯᠥᠭᠡ᠂ ᠬᠥᠮᠥᠨ ᠤ ᠵᠢᠰᠦ ᠶᠢ ᠢᠯᠭᠠᠨ ᠲᠠᠨᠢᠵᠤ ᠡᠮᠴᠢᠯᠡᠭᠡᠨ ᠤ ᠳᠠᠭᠠᠳᠬᠠᠯ ᠤᠨ ᠺᠣᠳ᠋ ᠢ | ᠠᠮᠢᠯᠠᠭᠤᠯᠬᠤ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠡᠮᠴᠢᠯᠡᠭᠡᠨ ᠤ ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ | ᠠᠮᠢᠯᠠᠭᠤᠯᠬᠤ᠂ ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠬᠤᠶᠠᠷ ᠵᠦᠢᠯ ᠤᠨ ᠦᠢᠯᠡᠴᠢᠯᠡᠭᠡ ᠶᠢ ᠨᠡᠮᠡᠭᠳᠡᠭᠦᠯᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠤᠬᠠᠢ ᠶᠢᠨ ᠲᠠᠯᠠᠪᠠᠢ ᠳᠤ | ᠠᠮᠢᠯᠠᠭᠤᠯᠬᠤ ᠶᠢ ᠭᠤᠣᠯᠳᠠᠭᠤ ᠪᠣᠶ ᠪᠦᠬᠦᠢ ᠡᠮᠴᠢᠯᠡᠭᠡᠨ ᠤ ᠳᠠᠭᠠᠳᠬᠠᠯ ᠤᠨ ᠺᠣᠳ᠋ ᠳᠠᠩᠰᠠᠯᠠᠭᠤᠯᠬᠤ ᠬᠡᠷᠡᠭᠯᠡᠭᠴᠢ ᠳᠤ ᠬᠡᠷᠡᠭᠯᠡᠨ᠎ᠡ᠂ ᠢᠯᠠᠩᠭᠤᠶ᠎ᠠ ᠰᠢᠷᠬᠠᠲᠤᠭᠰᠠᠨ | ᠬᠥᠮᠥᠰ᠂ ᠣᠶᠤᠨᠲᠤ ᠭᠠᠷ ᠤᠲᠠᠰᠤᠨ ᠤ ᠠᠵᠢᠯᠯᠠᠭ᠎ᠠ ᠶᠢ ᠰᠠᠶᠢᠨ ᠮᠡᠳᠡᠬᠦ ᠦᠭᠡᠢ ᠨᠠᠰᠤᠲᠠᠶᠢᠴᠤᠳ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ | ᠣᠷᠣᠰᠢᠨ ᠰᠠᠭᠤᠬᠤ ᠦᠨᠡᠮᠯᠡᠯ ᠪᠠ ᠭᠠᠳᠠᠭᠠᠳᠤ ᠶᠢᠨ ᠬᠠᠷᠢᠶ᠎ᠠ ᠲᠠᠢ ᠫᠠᠰᠫᠣᠷᠲ ᠢᠶᠠᠷ ᠳᠠᠭᠠᠳᠬᠠᠯ ᠳᠤ ᠣᠷᠣᠯᠴᠠᠭᠰᠠᠨ ᠬᠥᠮᠥᠰ᠂ ᠰᠦᠯᠵᠢᠶᠡᠨ ᠳᠡᠭᠡᠷ᠎ᠡ ᠬᠥᠮᠥᠨ ᠤ | ᠵᠢᠰᠦ ᠶᠢ ᠢᠯᠭᠠᠨ ᠲᠠᠨᠢᠬᠤ ᠶᠢᠨ ᠠᠷᠭ᠎ᠠ ᠦᠭᠡᠢ ᠪᠤᠰᠤᠳ ᠳᠠᠭᠠᠳᠬᠠᠯ ᠳᠤ ᠣᠷᠣᠯᠴᠠᠭᠰᠠᠳ ᠲᠤ ᠬᠡᠷᠡᠭᠯᠡᠨ᠎ᠡ︔ ᠲᠥᠷᠥᠯ ᠰᠠᠳᠤᠨ ᠤ ᠲᠠᠩᠰᠠᠨ ᠡᠷᠦᠬᠡ ᠢ | ᠲᠤᠬᠠᠢ ᠶᠢᠨ ᠲᠠᠯᠠᠪᠠᠢ ᠳᠤ ᠬᠤᠯᠪᠣᠬᠤ ᠶᠢ ᠭᠤᠣᠯᠳᠠᠭᠤ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠰᠦᠯᠵᠢᠶᠡᠨ ᠳᠡᠭᠡᠷ᠎ᠡ ᠥᠪᠡᠰᠦᠪᠡᠨ ᠬᠤᠯᠪᠣᠵᠤ ᠳᠡᠶᠢᠯᠬᠦ | ᠦᠭᠡᠢ ᠳᠠᠭᠠᠳᠬᠠᠯ ᠳᠤ ᠣᠷᠣᠯᠴᠠᠭᠴᠢ ᠵᠢᠴᠢ ᠲᠡᠭᠦᠨ ᠤ ᠭᠡᠷ ᠤᠨ ᠬᠥᠮᠥᠰ ᠲᠤ ᠬᠡᠷᠡᠭᠯᠡᠨ᠎ᠡ᠃ ᠭᠦᠢᠴᠡᠳᠬᠡᠬᠦ ᠠᠷᠭ᠎ᠠ ᠬᠡᠯᠪᠡᠷᠢ ᠶᠢᠨ ᠲᠠᠯ᠎ᠠ ᠪᠠᠷ᠂ ᠡᠮᠴᠢᠯᠡᠭᠡᠨ ᠤ | ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ ᠠᠮᠢᠯᠠᠭᠤᠯᠬᠤ ᠳᠤ ᠳᠠᠭᠠᠳᠬᠠᠯ ᠳᠤ ᠣᠷᠣᠯᠴᠠᠭᠴᠢ ᠥᠪᠡᠰᠤᠪᠡᠨ ᠡᠮᠴᠢᠯᠡᠭᠡᠨ ᠤ ᠳᠠᠭᠠᠳᠬᠠᠯ ᠤᠨ | ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ᠂ ᠭᠠᠷᠲᠠᠨ ᠭᠦᠢᠴᠡᠳᠬᠡᠬᠦ ᠠᠵᠢᠯᠲᠠᠨ ᠳᠤ ᠡᠮᠴᠢᠯᠡᠭᠡᠨ ᠤ ᠳᠠᠭᠠᠳᠬᠠᠯ ᠤᠨ | ᠺᠣᠳ᠋ ᠤᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡ ᠶᠢ ᠠᠮᠢᠯᠠᠭᠤᠯᠬᠤ ᠴᠢᠬᠤᠯᠠᠲᠠᠢ ᠪᠠᠶᠢᠬᠤ ᠶᠢ ᠮᠡᠳᠡᠭᠳᠡᠵᠦ᠂ ᠳᠠᠭᠠᠳᠬᠠᠯ ᠳᠤ ᠣᠷᠣᠯᠴᠠᠭᠴᠢ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠱᠠᠭᠠᠷᠳᠠᠭᠰᠠᠨ ᠪᠡᠶ᠎ᠡ ᠶᠢᠨ ᠬᠢᠷᠢ ᠬᠡᠮ ᠤᠨ ᠮᠠᠲ᠋ᠧᠷᠢᠶᠠᠯ ᠢ ᠬᠠᠩᠭᠠᠵᠤ᠂ ᠭᠠᠷᠲᠠᠨ | ᠭᠦᠢᠴᠡᠳᠬᠡᠬᠦ ᠠᠵᠢᠯᠲᠠᠨ ᠰᠢᠰᠲ᠋ᠧᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠺᠣᠳ᠋ ᠢ ᠠᠮᠢᠯᠠᠭᠤᠯᠤᠭᠰᠠᠨ ᠤ ᠳᠠᠷᠠᠭ᠎ᠠ᠂ ᠳᠠᠭᠠᠳᠬᠠᠯ ᠳᠤ | ᠣᠷᠣᠯᠴᠠᠭᠴᠢ ᠶᠢᠨ ᠭᠠᠷ ᠤᠲᠠᠰᠤᠨ ᠤ ᠣᠬᠤᠷ ᠴᠢᠮᠡᠭᠡ ᠪᠠᠷ ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠡ ᠶᠢᠨ | ᠲᠠᠩᠰᠠᠨ ᠨᠣᠮᠧᠷ ᠪᠠ ᠠᠶᠠᠳᠠᠯ ᠨᠢᠭᠤᠴᠠ ᠨᠣᠮᠧᠷ ᠢ ᠭᠥᠯᠢᠶᠡᠨ ᠠᠪᠴᠤ᠂ ᠳᠠᠭᠠᠳᠬᠠᠯ ᠳᠤ ᠣᠷᠣᠯᠴᠠᠭᠴᠢ ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠠᠪᠴᠠᠩ︾ ᠰᠢᠯᠵᠢᠶ᠎ᠡ ᠶᠢ ᠪᠠᠭᠤᠯᠭᠠᠨ ᠠᠪᠴᠤ ᠳᠠᠩᠰᠠᠯᠠᠭᠤᠯᠵᠤ ᠪᠣᠯᠣᠨ᠎ᠠ᠂ ᠢᠩᠭᠢᠪᠡᠯ ᠳᠠᠷᠤᠢ ᠬᠤᠪᠢ ᠬᠥᠮᠥᠨ ᠤ ᠡᠮᠴᠢᠯᠡᠭᠡ ᠶᠢᠨ | ᠳᠠᠭᠠᠳᠬᠠᠯ ᠤᠨ ᠺᠣᠳ᠋ ᠢᠶᠠᠨ ᠠᠮᠢᠯᠠᠭᠤᠯᠵᠤ ᠪᠣᠯᠣᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠠᠭᠠᠳᠬᠠᠯ ᠳᠤ ᠣᠷᠣᠯᠴᠠᠭᠴᠢ ᠰᠢᠯᠵᠢᠶ᠎ᠡ | ᠳᠡᠭᠡᠷ᠎ᠡ ᠭᠠᠷᠤᠭᠰᠠᠨ ᠤ ᠳᠠᠷᠠᠭ᠎ᠠ ᠳᠠᠷᠤᠢ ᠲᠦᠷᠭᠡᠨ ᠬᠤᠪᠢ ᠬᠥᠮᠥᠨ ᠤ ᠲᠣᠯᠣᠭᠠᠢ ᠶᠢᠨ ᠵᠢᠷᠤᠭ ᠢᠶᠠᠨ ᠳᠠᠷᠤᠵᠤ᠂ ︽ᠲᠠᠩᠰᠠᠨ ᠨᠣᠮᠧᠷ ᠨᠢᠭᠤᠴᠠ ᠨᠣᠮᠧᠷ︾ ᠤᠨ | ᠪᠤᠯᠤᠩ ᠳᠤ ᠣᠷᠣᠵᠤ᠂ ᠠᠶᠠᠳᠠᠯ ᠨᠢᠭᠤᠴᠠ ᠨᠣᠮᠧᠷ ᠢᠶᠠᠨ ᠵᠠᠰᠠᠵᠤ᠂ ᠳᠠᠩᠰᠠᠯᠠᠬᠤ ᠦᠶ᠎ᠡ ᠳᠤ ᠨᠢᠭᠤᠴᠠ ᠨᠣᠮᠧᠷ ᠢᠶᠠᠨ ᠮᠠᠷᠲᠠᠭᠰᠠᠨ ᠪᠠᠶᠢᠳᠠᠯ ᠭᠠᠷᠬᠤ ᠠᠴᠠ | ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃ ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠳᠤ ᠳᠠᠭᠠᠳᠬᠠᠯ ᠳᠤ | ᠣᠷᠣᠯᠴᠠᠭᠰᠠᠨ ᠬᠤᠪᠢ ᠬᠥᠮᠥᠨ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ | ᠣᠴᠢᠭᠤᠯᠵᠤ᠂ ᠭᠠᠷᠲᠠᠨ ᠭᠦᠢᠴᠡᠳᠭᠡᠭᠴᠢ ᠳᠤ ᠡᠮᠴᠢᠯᠡᠭᠡᠨ ᠤ ᠳᠠᠭᠠᠳᠬᠠᠯ ᠤᠨ ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ | ᠦᠢᠯᠡᠴᠢᠯᠡᠭᠡ ᠬᠢᠯᠭᠡᠬᠦ ᠴᠢᠬᠤᠯᠠᠲᠠᠢ ᠭᠡᠵᠦ ᠮᠡᠳᠡᠭᠳᠡᠬᠦ ᠶᠢᠨ ᠵᠡᠷᠭᠡ ᠪᠠᠷ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠪᠡᠶ᠎ᠡ ᠶᠢᠨ ᠬᠢᠷᠢ ᠬᠡᠮ ᠤᠨ ᠮᠠᠲ᠋ᠧᠷᠢᠶᠠᠯ ᠬᠠᠩᠭᠠᠵᠤ᠂ ᠭᠠᠷᠲᠠᠨ ᠭᠦᠢᠴᠡᠳᠭᠡᠭᠴᠢ ᠠᠴᠠ ᠰᠢᠰᠲ᠋ᠧᠮ ᠢᠶᠠᠷ | ᠳᠠᠮᠵᠢᠭᠤᠯᠤᠨ ᠲᠥᠷᠥᠯ ᠰᠠᠳᠤᠨ ᠤ ᠲᠠᠩᠰᠠᠨ ᠡᠷᠦᠬᠡ ᠶᠢᠨ ᠬᠠᠷᠢᠴᠠᠭ᠎ᠠ ᠶᠢ ᠣᠷᠣᠯᠠᠨ ᠬᠤᠯᠪᠣᠭᠰᠠᠨ ᠤ ᠳᠠᠷᠠᠭ᠎ᠠ᠂ ︽ᠤᠯᠤᠰ ᠤᠨ ᠡᠮ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠡ ᠳᠤ ᠳᠠᠩᠰᠠᠯᠠᠭᠤᠯᠵᠤ᠂ ︽ᠲᠥᠷᠥᠯ ᠰᠠᠳᠤᠨ ᠤ ᠲᠠᠩᠰᠠᠨ ᠡᠷᠦᠬᠡ︾ ᠶᠢᠨ ᠬᠠᠭᠤᠳᠠᠰᠤᠨ ᠳᠤ ᠨᠢᠭᠡᠨᠲᠡ | ᠠᠮᠵᠢᠯᠲᠠ ᠲᠠᠢ ᠪᠠᠷ ᠨᠡᠮᠡᠭᠰᠡᠨ ᠭᠡᠷ ᠪᠦᠯᠢ ᠶᠢᠨ ᠪᠦᠷᠢᠯᠳᠦᠭᠦᠨ ᠢ ᠪᠠᠶᠢᠴᠠᠭᠠᠨ ᠦᠵᠡᠵᠦ ᠪᠣᠯᠣᠨ᠎ᠠ᠃ ᠣᠶᠢᠯᠠᠭᠠᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ | ᠺᠣᠳ᠋ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠡᠮᠴᠢᠯᠡᠭᠡᠨ ᠤ ᠳᠠᠭᠠᠳᠬᠠᠯ ᠤᠨ ᠺᠣᠳ᠋ ᠤᠨ | ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠳᠥᠭᠦᠮᠴᠢᠯᠡᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠣᠮᠣ ᠥᠰᠥᠭ ᠤᠨ ᠬᠡᠪᠯᠡᠯ ᠵᠡᠷᠭᠡ | ᠦᠢᠯᠡᠴᠢᠯᠡᠭᠡ ᠶᠢ ᠤᠷᠢᠳ ᠬᠤᠵᠢᠳ ᠭᠠᠷᠭᠠᠭᠰᠠᠨ ᠪᠥᠭᠡᠳ ᠬᠡᠰᠡᠭ ᠭᠠᠵᠠᠷ ᠣᠷᠣᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠡᠪᠡᠳᠴᠢᠨ | ᠦᠵᠡᠭᠦᠯᠬᠦ ᠳᠤ ︽ᠨᠢᠭᠡ ᠺᠣᠳ᠋ ᠢᠶᠠᠷ ᠲᠣᠭᠠᠴᠠᠭ᠎ᠠ ᠬᠢᠬᠦ︾ ᠶᠢ ᠤᠷᠢᠳ ᠢᠶᠠᠷ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠬᠡᠷᠡᠭᠯᠡᠬᠦ ᠪᠡᠶᠡᠴᠢ | ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠪᠡ᠃ | |