ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠦᠭᠰᠢᠭᠦᠷᠢ ᠪᠠᠷ ᠨᠡᠯᠢᠶᠡᠳ ᠥᠨᠳᠥᠷ᠂ ᠬᠡᠷᠡᠭᠯᠡᠭᠴᠢᠳ ᠤᠨ | ᠠᠩᠬᠠᠷᠴᠤ ᠪᠠᠶᠢᠭ᠎ᠠ ᠰᠢᠲᠠᠮᠠᠬᠠᠢ ᠬᠡᠢ ᠶᠢᠨ ᠬᠡᠷᠡᠭᠰᠡᠯ ᠢ ᠵᠠᠯᠭᠠᠬᠤ ᠵᠥᠭᠡᠯᠡᠨ ᠬᠤᠭᠤᠯᠠᠢ᠂ ᠰᠢᠲᠠᠮᠠᠬᠠᠢ ᠬᠡᠢ ᠶᠢᠨ ᠪᠠᠴᠢᠮ ᠲᠠᠰᠤᠯᠬᠤ ᠨᠡᠭᠡᠯᠡᠭᠡᠢ ᠳᠤ | ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠪᠣᠯᠪᠠ᠂ 2024 ᠣᠨ ᠤ 10 | ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ᠂ 2025 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ | ᠠᠯᠪᠠᠳᠠᠯᠭ᠎ᠠ ᠪᠠᠷ ᠬᠡᠷᠡᠭᠵᠢᠭᠦᠯᠦᠨ᠎ᠡ᠃ | ᠣᠳᠣᠬᠠᠨ ᠳᠤ᠂ CCC ᠭᠡᠷᠡᠴᠢᠯᠡᠯ ᠤᠨ ᠭᠠᠷᠴᠠᠭ ᠲᠤ ᠨᠢᠭᠡᠨᠲᠡ ᠬᠤᠳᠠᠯᠳᠤᠭᠠᠨ ᠳᠤ ᠬᠡᠷᠡᠭᠯᠡᠬᠦ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ | ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠤᠰᠤ ᠬᠠᠯᠠᠭᠠᠭᠤᠷ᠂ | ᠰᠢᠲᠠᠮᠠᠬᠠᠢ ᠬᠡᠢ ᠶᠢᠨ ᠳᠤᠯᠠᠭᠠᠯᠠᠭ᠎ᠠ ᠶᠢᠨ ᠬᠠᠯᠠᠭᠤᠨ ᠤᠰᠤᠨ ᠤ ᠵᠤᠤᠬ᠎ᠠ ᠵᠡᠷᠭᠡ ᠰᠢᠲᠠᠮᠠᠬᠠᠢ ᠬᠡᠢ ᠶᠢᠨ ᠬᠡᠷᠡᠭᠰᠡᠯ ᠢ ᠬᠠᠮᠤᠷᠴᠠᠢ᠃ | | |