ᠣᠶᠢᠷ᠎ᠠ ᠶᠢᠨ ᠡᠳᠦᠷ᠂ ᠭᠠᠯᠠᠭᠤᠲᠤ ᠪᠠᠯᠭᠠᠰᠤᠨ ᠤ ᠪᠤᠷᠤ ᠬᠡᠷᠲᠤ ᠲᠣᠭᠤᠷᠢᠭ ᠤᠨ ᠥᠭᠡᠷᠡᠴᠢᠯᠡᠯᠲᠡ ᠶᠢᠨ ᠬᠤᠶᠠᠳᠤᠭᠠᠷ ᠣᠳᠠᠭᠠᠨ ᠤ ᠬᠡᠷ | ᠪᠠᠶᠢᠰᠢᠩ ᠬᠤᠪᠢᠶᠠᠬᠤ ᠠᠵᠢᠯᠯᠠᠭ᠎ᠠ ᠬᠤᠰᠢᠭᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠶᠠᠪᠣᠭᠳᠠᠵᠤ᠂ 34 | ᠢᠵᠢ ᠭᠡᠷ ᠪᠠᠶᠢᠰᠢᠩ ᠢ ᠲᠠᠲᠠᠪᠤᠷᠢᠯᠠᠨ ᠨᠡᠬᠦᠯᠭᠡᠭᠰᠡᠨ ᠡᠷᠦᠬᠡ ᠶᠢᠨ ᠭᠠᠷ ᠲᠤ ᠲᠤᠰᠢᠶᠠᠵᠠᠢ᠃ | ᠭᠡᠷ ᠬᠤᠪᠢᠶᠠᠬᠤ ᠳᠤ ᠡᠷᠬᠡ ᠲᠡᠭᠰᠢ᠂ ᠲᠥᠪ ᠭᠤᠥᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠳᠠᠯᠠᠵᠦ ᠲᠠᠲᠠᠪᠤᠷᠢᠯᠠᠨ ᠨᠡᠭᠦᠬᠦ ᠡᠷᠦᠬᠡ ᠡᠮᠬᠢ | ᠵᠢᠷᠤᠮ ᠲᠠᠢ ᠪᠠᠷ ᠲᠠᠶᠢᠰᠠᠨ ᠳᠤ ᠭᠠᠷᠴᠤ ᠨᠣᠮᠧᠷ ᠰᠣᠩᠭᠤᠨ ᠠᠵᠢᠯᠲᠠᠳ ᠲᠤᠬᠠᠢ ᠶᠢᠨ ᠲᠠᠯᠠᠪᠤᠷ ᠲᠤ ᠨᠡᠶᠢᠲᠡᠯᠡᠵᠤ ᠲᠤᠬᠠᠢ ᠶᠢᠨ ᠲᠠᠯᠠᠪᠤᠷ ᠲᠤ | ᠪᠦᠷᠢᠳᠬᠡᠭᠦᠯᠦᠭᠰᠡᠨ ᠪᠠᠶᠢᠨ᠎ᠠ᠃ ᠨᠣᠮᠧᠷ ᠰᠤᠭᠤᠯᠬᠤ ᠳᠤ ᠣᠷᠣᠯᠴᠠᠭᠰᠠᠨ ᠡᠷᠦᠬᠡ ᠶᠢᠨ ᠬᠢᠨ ᠨᠣᠮᠧᠷ ᠰᠤᠭᠤᠯᠤᠭᠰᠠᠨ ᠠᠷᠭ᠎ᠠ ᠬᠡᠯᠪᠡᠷᠢ ᠪᠣᠯᠣᠨ ᠦᠷ᠎ᠡ | ᠳ᠋ᠦᠩ ᠳᠤ ᠰᠡᠳᠬᠢᠯ ᠬᠠᠨᠤᠮᠵᠢᠲᠠᠶ ᠪᠠᠶᠢᠨ᠎ᠠ ᠭᠡᠵᠦ ᠢᠯᠡᠷᠬᠡᠶᠢᠯᠡᠵᠤ ᠪᠠᠶᠢᠯ᠎ᠠ᠃ | | | | | | | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠬᠢᠨᠡᠭᠦᠯᠬᠦ ᠣᠷᠣᠨ ᠰᠠᠭᠤᠴᠠ ᠨᠢ ᠶᠠᠩ ᠭᠤᠸᠠᠩ ᠵᠢᠶᠠ ᠶᠤᠸᠠᠨ A ᠲᠣᠭᠤᠷᠢᠭ ᠪᠠ B ᠲᠣᠭᠤᠷᠢᠭ᠂ | ᠸᠠᠨ ᠪᠥᠸᠧ ᠲᠣᠭᠤᠷᠢᠭ᠂ ᠵᠥᠩ ᠰᠢᠩ ᠱᠸᠤ ᠹᠦ᠋᠂ ᠧᠦ ᠯᠦ ᠵᠢᠩ ᠳ᠋ᠢᠶᠡᠨ᠂ ᠵᠢᠩ ᠹᠧᠩ ᠵᠢᠶᠠ ᠶᠤᠸᠠᠨ᠂ ᠬᠤᠸᠠ ᠹᠦ᠋ ᠱᠢ ᠵᠢᠶᠠ᠂ ᠰᠢᠤᠸᠠᠢ ᠹᠦ᠋ ᠶᠤᠸᠠᠨ᠂ | ᠸᠧᠢ ᠶᠧ ᠬᠤᠸᠠ ᠲᠢᠩ ᠲᠣᠭᠤᠷᠢᠭ ᠵᠡᠷᠭᠡ 8 ᠰᠠᠭᠤᠭᠠᠯᠢ ᠲᠣᠭᠤᠷᠢᠭ ᠲᠤ ᠨᠡᠶᠢᠲᠡ 374 ᠢᠵᠢ ᠭᠡᠷ ᠲᠣᠬᠢᠷᠠᠭᠤᠯᠵᠤ᠂ ᠲᠠᠯᠠᠪᠠᠶ ᠨᠢ 100 ᠲᠡᠭᠰᠢ | ᠳᠦᠷᠪᠡᠯᠵᠢᠨ ᠮᠧᠲᠷ ᠠᠴᠠ ᠳᠣᠷᠣᠭᠰᠢ᠂ 100 ︱ 130 ᠲᠡᠭᠰᠢ ᠳᠦᠷᠪᠡᠯᠵᠢᠨ ᠮᠧᠲᠷ᠂ 130 ︱ 160 ᠲᠡᠭᠰᠢ ᠳᠦᠷᠪᠡᠯᠵᠢᠨ ᠮᠧᠲᠷ᠂ 160 | ᠲᠡᠭᠰᠢ ᠳᠦᠷᠪᠡᠯᠵᠢᠨ ᠮᠧᠲᠷ ᠠᠴᠠ ᠳᠡᠭᠡᠭᠰᠢ ᠳᠥᠷᠪᠡᠨ ᠲᠥᠷᠥᠯ ᠳᠤ ᠬᠤᠪᠢᠶᠠᠭᠰᠠᠨ ᠪᠠᠶᠢᠨ᠎ᠠ᠃ | ᠦᠦᠰᠢᠨ ᠬᠤᠰᠢᠭᠤᠨ ᠤ ᠣᠷᠣᠨ ᠰᠠᠭᠤᠴᠠ ᠶᠢᠨ ᠪᠠᠲᠤᠯᠠᠪᠤᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠭᠡᠷ ᠪᠠᠶᠢᠰᠢᠩ ᠲᠠᠲᠠᠪᠤᠷᠢᠯᠠᠬᠤ | ᠲᠠᠰᠤᠭ ᠤᠨ ᠳᠠᠷᠤᠭ᠎ᠠ ᠶᠠᠩ ᠵᠢᠶᠦ᠋ᠨ᠄ ︽ᠳᠠᠷᠠᠭᠠᠴᠢ ᠶᠢᠨ ᠠᠯᠬᠤᠮ ᠳᠤ ᠪᠢᠳᠡ ᠭᠠᠯᠠᠭᠤᠲᠤ ᠪᠠᠯᠭᠠᠰᠤᠨ ᠤ ᠳᠠᠪᠴᠠᠭ ᠵᠠᠮ ᠤᠨ ᠡᠮᠦᠨᠡᠬᠢ ᠪᠤᠷᠤ ᠭᠡᠷᠲᠤ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠦᠷᠭᠦᠯᠵᠢᠯᠡᠨ ᠠᠬᠢᠭᠤᠯᠵᠤ ᠭᠡᠷ ᠪᠠᠶᠢᠰᠢᠩ ᠲᠠᠲᠠᠪᠤᠷᠢᠯᠠᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ ᠴᠠᠭ ᠲᠤᠬᠠᠢ ᠳᠤᠨᠢ ᠭᠡᠷ ᠬᠤᠪᠢᠶᠠᠬᠤ ᠪᠥᠭᠡᠳ ᠣᠷᠣᠨ ᠰᠠᠭᠤᠴᠠ ᠶᠢᠨ ᠪᠢᠯᠧᠲ ᠣᠯᠭᠤᠵᠤ ᠭᠡᠷ ᠪᠠᠶᠢᠰᠢᠩ ᠲᠠᠲᠠᠪᠤᠷᠢᠯᠠᠨ ᠲᠥᠪᠬᠢᠨᠡᠭᠦᠯᠬᠦ | ᠠᠵᠢᠯ ᠢ ᠴᠠᠭ ᠲᠤᠬᠠᠢ ᠳᠤᠨᠢ ᠡᠮᠬᠢ ᠵᠢᠷᠤᠮ ᠲᠠᠢ ᠪᠡᠶᠡᠯᠡᠭᠦᠯᠬᠦ ᠶᠢ ᠪᠠᠲᠤᠯᠠᠨ᠎ᠠ︾ ᠭᠡᠵᠡᠢ᠃ | | | ᠰᠣᠷᠪᠤᠯᠵᠢᠯᠠᠭᠴᠢ᠄ ᠰᠣᠯᠣᠩᠭ᠎ᠠ᠂ ᠼᠤᠤ ᠵᠢᠩ | |