ᠬᠡᠬᠡᠷ᠎ᠡ ᠲᠠᠯ᠎ᠠ ᠶᠢᠨ ᠬᠦᠨ ᠳᠤ ᠮᠡᠨᠳᠦᠯᠡᠭᠰᠡᠨ ᠬᠡᠬᠡᠨᠴᠢᠷ ᠦᠷᠬᠦᠬᠡ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 1 ᠤ ᠡᠳᠦᠷ ᠤᠨ ᠨᠠᠮ ᠪᠠᠶᠢᠭᠤᠯᠤᠭᠳᠠᠭᠰᠠᠨ ᠪᠠᠶᠠᠷ ᠢ ᠳᠤᠬᠢᠶᠠᠯᠳᠤᠭᠤᠯᠤᠨ᠂ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠰᠡᠴᠡᠨᠪᠠᠭᠠᠲᠤᠷ ᠶᠢᠨ ᠬᠦᠳᠡᠭᠡ ᠬᠡᠷ ᠤᠨ ᠰᠠᠭᠤᠷᠢᠰᠢᠯ ᠳᠤ ︽ᠵᠠᠮᠤᠬ᠎ᠠ ᠨᠤᠮ ᠤᠨ ᠦᠷᠬᠦᠬᠡ︾ ᠶᠢᠨ ᠨᠡᠬᠡᠬᠡᠯᠲᠡ ᠶᠢᠨ ᠶᠤᠰᠤᠯᠠᠯ ᠤᠳᠬ᠎ᠠ ᠲᠡᠬᠦᠯᠳᠡᠷ ᠶᠠᠪᠤᠭᠳᠠᠯ᠎ᠠ᠃      ᠲᠤᠰ ᠤᠳᠠᠭᠠᠨ ᠤ ᠠᠵᠢᠯᠯᠠᠭ᠎ᠠ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠣᠷ᠂ ᠵᠦᠩᠱᠠᠨ ᠶᠡᠭᠡ ᠰᠤᠷᠭᠠᠭᠤᠯᠢ ᠶᠢᠨ ᠤᠨᠴᠠ ᠤᠷᠢᠭᠰᠠᠨ ᠫᠷᠤᠹᠧᠰ᠊ ᠲᠦ᠊·ᠦᠯᠵᠠᠢ᠂ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶᠠᠨ ᠤ ᠨᠢᠭᠡᠳᠦᠭᠡᠷ ᠳᠡᠰ ᠤᠨ ᠨᠡᠪᠲᠡᠷᠡᠬᠦᠯᠦᠭᠴᠢ᠂ ᠢᠷᠠᠭᠤ ᠨᠠᠶᠢᠷᠠᠭᠴᠢ ᠫᠤᠩᠰᠤᠭ ᠤᠨ ᠦᠯᠵᠡᠶᠢᠨᠠᠷᠠᠨ᠂ ᠦᠦᠰᠢᠨ ᠬᠤᠰᠢᠭᠤᠨ ᠤ ᠰᠦᠯᠳᠡ ᠶᠢᠨ ᠰᠤᠶᠤᠯ ᠤᠨ ᠰᠤᠳᠤᠯᠤᠭᠠᠴᠢ ᠡᠷᠭᠡᠰᠡᠴᠡᠨ ᠵᠡᠷᠭᠡ ᠰᠤᠶᠤᠯ ᠰᠤᠳᠤᠯᠤᠯ  ᠤᠨ ᠬᠦᠷᠢᠶ᠎ᠡ ᠬᠡᠪᠴᠢᠶᠡᠨ ᠳᠠᠬᠢ ᠨᠡᠷᠡᠲᠤ ᠪᠠᠭᠰᠢ᠂ ᠰᠤᠳᠤᠯᠤᠭᠠᠴᠢ ᠵᠡᠷᠭᠡ ᠬᠤᠷᠢ ᠭᠠᠷᠤᠢ ᠬᠦᠮᠦᠨ ᠤᠷᠤᠯᠴᠠᠵᠤ ᠦᠪᠡᠷ ᠦᠪᠡᠷ ᠤᠨ ᠰᠠᠨᠠᠯ ᠪᠤᠳᠤᠯ ᠢᠶᠠᠨ ᠴᠢᠯᠦᠭᠡᠲᠠᠢ ᠶᠠᠷᠢᠯᠴᠠᠭᠰᠠᠨ ᠪᠠᠶᠢᠨ᠎ᠠ᠃ ᠲᠡᠳᠡ᠂ ᠬᠦᠳᠡᠭᠡ ᠳᠤᠰᠬᠤᠨ ᠮᠠᠯᠵᠢᠬᠤ ᠲᠠᠷᠢᠶᠠᠯᠠᠬᠤ ᠤᠷᠤᠨ ᠳᠤ ᠨᠤᠮ ᠤᠨ ᠦᠷᠦᠭᠡ ᠪᠠᠶᠢᠭᠤᠯᠬᠤ ᠨᠢ ᠮᠠᠯᠴᠢᠨ ᠲᠠᠷᠢᠶᠠᠴᠢᠳ ᠵᠢᠴᠢ ᠰᠤᠷᠤᠭᠴᠢ ᠪᠠᠭᠠᠴᠤᠳ ᠲᠤ ᠨᠡᠩ ᠲᠦᠬᠦᠮ ᠲᠦᠳᠡ ᠪᠤᠯᠵᠤ᠂ ᠲᠤᠰ ᠨᠤᠮ ᠤᠨ ᠦᠷᠬᠦᠬᠡ ᠨᠢ ᠭᠡᠷ ᠤᠨ ᠬᠠᠵᠠᠭᠤ ᠳᠠᠬᠢ ︽ᠨᠤᠮ ᠤᠨ ᠰᠠᠩ︾ ᠳᠤ ᠨᠢᠬᠡᠨ ᠬᠤᠪᠢ ᠶᠢᠨ ᠳᠤᠰᠠ ᠳᠡᠮᠵᠢᠯᠭᠡ ᠪᠤᠯᠵᠠᠢ ᠬᠡᠮᠡᠨ ᠰᠠᠨᠠᠯ ᠨᠢᠭᠡᠲᠠᠢ ᠦᠵᠡᠵᠡᠬᠡᠪᠡ᠃      ᠡᠨᠡ ᠬᠦ ᠨᠤᠮ ᠤᠨ ᠦᠷᠬᠦᠬᠡ ᠶᠢ ᠲᠦ᠊·ᠦᠯᠵᠠᠢ ᠪᠠᠭᠰᠢ ᠰᠠᠨᠠᠭᠠᠴᠢᠯᠠᠨ᠂ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠠᠬᠢᠰᠲ᠋ᠧᠷ᠂ ᠦᠪᠦᠷ ᠮᠤᠩᠭᠤᠯ ᠤᠨ ᠭᠠᠷᠰᠢᠶᠠ ᠰᠤᠶᠤᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠵᠠᠬᠢᠷᠤᠯ ᠦᠯᠡᠮᠵᠢ ᠠᠴᠠ ᠴᠤᠭᠴᠠᠯᠠᠨ ᠪᠠᠶᠢᠭᠤᠯᠤᠭᠰᠠᠨ ᠪᠠᠶᠢᠨ᠎ᠠ᠃  
1.jpg
3.jpg
4.jpg
ᠢᠷᠡᠯᠲᠡ᠄ ᠳᠤᠯᠠᠭᠠᠨ ᠮᠡᠳᠡᠭᠡ