ᠮᠠᠨ ᠤ ᠬᠤᠰᠢᠭᠤ ᠠᠯᠠᠰᠢᠨ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠠᠶᠢᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2024/7/9
      ᠦᠬᠡᠷ ᠤᠨ ᠮᠢᠬᠠᠨ ᠤ ᠦᠨ᠎ᠡ ᠬᠠᠩᠰᠢ ᠨᠡᠶᠢᠳᠡᠮ ᠪᠠᠭᠤᠷᠠᠵᠦ ᠮᠠᠯᠴᠢᠳ ᠤᠨ ᠤᠷᠤᠯᠭ᠎ᠠ ᠶᠢ ᠨᠦᠯᠦᠬᠡᠯᠡᠵᠦ ᠪᠠᠶᠢᠭ᠎ᠠ ᠪᠠᠶᠢᠳᠠᠯ ᠳᠤ ᠬᠠᠨᠳᠤᠭᠤᠯᠤᠨ ᠮᠠᠨ  ᠤ ᠬᠤᠰᠢᠭᠤ ᠭᠠᠳᠠᠨ᠎ᠠ ᠮᠤᠵᠢ ᠤᠷᠤᠨ ᠤ ᠨᠡᠷᠡᠲᠤ ᠠᠵᠦ ᠠᠬᠤᠶᠢᠯᠠᠯ ᠲᠠᠢ ᠪᠦᠲᠦᠮᠵᠢᠲᠠᠢ ᠬᠠᠮᠲᠤᠷᠠᠯᠴᠠᠵᠦ᠂ ᠺᠤᠮᠫᠠᠨᠢ ᠪᠠ ᠮᠠᠯᠴᠢᠨ ᠡᠷᠤᠭᠡ ᠲᠡᠵᠢᠬᠡᠨ ᠠᠷᠠᠴᠢᠯᠠᠬᠤ ᠪᠦᠬᠦ ᠬᠤᠭᠤᠴᠠᠭᠠᠨ ᠳᠤ ᠬᠠᠮᠲᠤᠷᠠᠨ ᠠᠵᠢᠯᠯᠠᠬᠤ ᠬᠡᠷ᠎ᠡ ᠲᠤᠭᠲᠠᠵᠦ ᠲᠦᠮᠡᠨ ᠲᠤᠯᠤᠭᠠᠢ ᠮᠢᠬᠠᠨ ᠦᠬᠡᠷ ᠲᠡᠵᠢᠬᠡᠬᠦ ᠰᠠᠭᠤᠷᠢᠨ ᠭᠠᠵᠠᠷ ᠢ ᠪᠠᠶᠢᠭᠤᠯᠤᠨ᠂ ᠲᠤᠯᠤᠭᠠᠶᠢᠯᠠᠭᠴᠢ ᠠᠵᠦ ᠠᠬᠤᠶᠢᠯᠠᠯ ᠤᠨ ᠦᠢᠯᠡᠳᠤᠯ ᠢ ᠪᠠᠳᠠᠷᠠᠭᠤᠯᠵᠦ᠂ ᠲᠦᠷᠦ ᠶᠢᠨ ᠪᠤᠳᠤᠯᠭ᠎ᠠ ᠶᠢᠨ ᠲᠡᠳᠭᠦᠮᠵᠢ᠂ ᠨᠦᠬᠦᠪᠦᠷᠢ ᠮᠦᠩᠬᠦ ᠶᠢᠨ ᠵᠤᠷᠢᠭᠵᠢᠭᠤᠯᠤᠯ ᠵᠡᠷᠭᠡ ᠤᠯᠠᠨ ᠵᠦᠢᠯ ᠤᠨ ᠠᠷᠭ᠎ᠠ ᠪᠠᠷᠢᠯ ᠢᠶᠠᠷ ᠠᠯᠠᠰᠢᠨ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠠᠶᠢᠴᠢᠯᠠᠵᠦ ᠪᠠᠶᠢᠨ᠎ᠠ᠃      ᠡᠨᠡ ᠵᠢᠯ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠥᠥᠰᠢᠨ ᠬᠤᠰᠢᠭᠤᠨ ᠤ 2024 ᠣᠨ ᠤ ᠠᠯᠠᠰᠢᠨ ᠦᠬᠡᠷ ᠤᠨ ᠠᠵᠦ ᠦᠢᠯᠡᠰ ᠤᠨ ᠴᠢᠨᠠᠷ ᠰᠠᠶᠢᠲᠠᠢ ᠬᠦᠭᠵᠢᠯᠳᠡ ᠶᠢᠨ ᠲᠦᠷᠦᠯ ᠵᠦᠢᠯ︾ ᠢ ᠬᠡᠷᠡᠭᠵᠢᠬᠦᠯᠵᠦ 800 ᠲᠦᠮᠡᠨ ᠲᠦᠭᠦᠷᠢᠭ ᠤᠨ ᠨᠦᠬᠦᠪᠦᠷᠢ ᠮᠦᠩᠬᠦ ᠭᠠᠷᠭᠠᠵᠦ ᠠᠵᠦ ᠠᠬᠤᠶᠢᠯᠠᠯ ᠤᠨ ᠬᠢᠨ ᠬᠡᠷ᠎ᠡ ᠲᠤᠭᠲᠠᠭᠰᠠᠨ ᠠᠯᠠᠰᠢᠨ ᠦᠬᠡᠷ ᠲᠡᠵᠢᠬᠡᠵᠦ ᠪᠠᠶᠢᠭ᠎ᠠ ᠡᠷᠤᠭᠡ ᠠᠴᠠ ᠬᠡᠷ᠎ᠡ ᠶᠢᠨ ᠦᠨ᠎ᠡ ᠬᠠᠩᠰᠢ ᠶᠤᠰᠤᠭᠠᠷ ᠬᠢᠷᠢ ᠲᠡᠩᠴᠡᠭᠰᠡᠨ ᠲᠤᠭᠤᠯ ᠢ ᠡᠬᠡᠬᠦᠯᠦᠨ ᠬᠤᠳᠠᠯᠳᠤᠨ ᠠᠪᠤᠪᠠᠯ ᠠᠵᠦ ᠠᠬᠤᠶᠢᠯᠠᠯ ᠳᠤ ᠲᠤᠭᠤᠯ ᠪᠦᠷᠢ ᠳᠤ 3000 ᠲᠦᠬᠦᠷᠢᠭ ᠤᠨ ᠨᠦᠬᠦᠪᠦᠷᠢ ᠤᠯᠭᠤᠵᠦ ᠠᠵᠦ ᠠᠬᠤᠶᠢᠯᠠᠯ ᠪᠤᠯᠤᠨ ᠲᠡᠵᠢᠬᠡᠨ ᠦᠷᠡᠵᠢᠬᠦᠯᠬᠦ ᠡᠷᠤᠭᠡ ᠶᠢᠨ ᠢᠳᠡᠪᠬᠢᠵᠢᠯ ᠢ ᠳᠠᠶᠢᠴᠢᠯᠠᠵᠦ ᠪᠠᠶᠢᠨ᠎ᠠ᠃
1.webp.jpg
2.webp.jpg
3.webp.jpg
4.webp.jpg
5.webp.jpg
 
ᠢᠷᠡᠯᠲᠡ᠄ ᠲᠤᠯᠠᠭᠠᠨ ᠮᠡᠳᠡᠭᠡ