ᠤᠮᠠᠷᠠᠲᠤ ᠬᠢᠯᠢ ᠶᠢᠨ ᠰᠤᠶᠤᠯ — ᠰᠢᠷᠬᠤᠰᠤ ᠪᠠᠭᠤᠷᠢ ᠶᠢᠨ ᠮᠦᠽᠧᠢ
ᠨᠡᠶᠢᠲᠡᠯᠡᠭᠰᠡᠨ ᠴᠠᠭ᠄
2024/8/1
      ᠰᠢᠷᠬᠤᠰᠤ ᠪᠠᠭᠤᠷᠢ ᠶᠢᠨ ᠮᠦᠽᠧᠢ ᠨᠢ ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠰᠢᠷᠬᠤᠰᠤ ᠲᠣᠰᠬᠤᠨ ᠳᠤ ᠪᠠᠶᠢᠷᠢᠯᠠᠳᠠᠭ᠃ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 54460 ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 6563.26 ᠲᠡᠭᠰᠢ ᠳᠥᠷᠪᠡᠯᠵᠢᠨ ᠮᠧᠲᠷ ᠪᠤᠢ᠃ ᠮᠦᠽᠧᠢ ᠶᠢᠨ ᠪᠦᠬᠦ᠋ᠢᠯᠡ ᠪᠠᠷᠢᠯᠭ᠎ᠠ ᠨᠢ ᠬᠤᠶᠠᠷ ᠬᠡᠰᠡᠭ ᠢᠶᠠᠷ ᠪᠦᠷᠢᠯᠳᠦᠵᠡᠢ᠄ ᠬᠤᠶᠢᠳᠤ ᠬᠡᠰᠡᠭ ᠨᠢ ᠮᠦᠽᠧᠢ ᠶᠢᠨ ᠦᠵᠡᠰᠬᠦᠯᠡᠩ ᠤᠨ ᠲᠣᠭᠤᠷᠢᠭ ᠪᠠᠶᠢᠵᠤ᠂ ᠳᠡᠯᠭᠡᠨ ᠦᠵᠡᠭᠦᠯᠬᠦ ᠲᠠᠯᠠᠪᠠᠶ ᠨᠢ 2678.3 ᠲᠡᠭᠰᠢ ᠳᠥᠷᠪᠡᠯᠵᠢᠨ ᠮᠧᠲᠷ ᠪᠤᠢ᠃ ᠦᠵᠡᠰᠬᠦᠯᠡᠩ ᠨᠢ ᠴᠤᠤ ᠰᠢᠨ᠎ᠡ ᠬᠠᠷᠠᠭᠠᠰᠤ ᠠᠴᠠ ᠰᠢᠷᠬᠤᠰᠤ ᠪᠠᠭᠤᠷᠢ ᠶᠢᠨ ᠡᠷᠲᠡᠨ ᠤ ᠬᠥᠮᠥᠨ ᠲᠥᠷᠥᠯᠬᠢᠲᠡᠨ᠂ ᠡᠷᠲᠡᠨ ᠤ ᠭᠠᠵᠠᠷ ᠰᠢᠨᠵᠢᠯᠡᠭᠡ᠂ ᠡᠷᠲᠡᠨ ᠤ ᠠᠮᠢᠳᠤ ᠪᠣᠳᠠᠰ᠂ ᠡᠷᠲᠡᠨ ᠤ ᠣᠷᠴᠢᠨ ᠲᠣᠭᠤᠷᠢᠨ ᠵᠡᠷᠭᠡ ᠣᠯᠠᠨ ᠰᠢᠨᠵᠢᠯᠡᠭᠡᠨ ᠤ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠢ ᠭᠦᠢᠴᠡᠳ ᠬᠤᠷᠢᠶᠠᠩᠭᠤᠶᠢᠯᠠᠨ ᠢᠯᠡᠳᠭᠡᠵᠤ ︽ᠬᠥᠮᠥᠨ︾᠂ ︽ᠣᠷᠴᠢᠨ ᠲᠣᠭᠤᠷᠢᠨ︾᠂ ︽ᠭᠡᠷ ᠣᠷᠣᠨ︾ ᠭᠡᠬᠦ ᠭᠤᠷᠪᠠᠨ ᠲᠠᠯ᠎ᠠ ᠠᠴᠠ ᠡᠭᠦᠰᠴᠦ᠂ ᠭᠤᠷᠪᠠᠨ ᠳᠠᠪᠬᠤᠷ ᠬᠠᠷᠢᠴᠠᠭ᠎ᠠ ᠶᠢ ᠬᠠᠷᠢᠴᠠᠭᠤᠯᠤᠨ ᠪᠣᠳᠣᠯᠬᠢᠯᠠᠬᠤ ᠪᠠᠷ ᠳᠡᠮᠵᠢᠨ ᠤᠷᠤᠰᠢᠯ ᠲᠢᠩᠬᠢᠮ᠂ ᠬᠦᠴᠢᠷ ᠪᠡᠷᠬᠡᠰᠢᠶᠡᠯᠲᠤ ᠵᠠᠭᠤᠨ ᠵᠢᠯ ᠤᠨ ᠠᠶᠠᠨ᠂ ︽ᠪᠣᠷᠣᠳᠣᠬᠤᠢ ᠬᠦᠮᠦᠨ︾ ᠤ ᠭᠡᠷ ᠣᠷᠣᠨ ᠢᠶᠠᠨ ᠳᠠᠬᠢᠨ ᠡᠷᠬᠢᠴᠡᠬᠦᠯᠤᠶ᠎ᠡ ᠂ ︽ᠪᠣᠷᠣᠳᠣᠬᠤᠢ ᠬᠦᠮᠦᠨ︾ ᠤ ᠨᠢᠭᠤᠴᠠ ᠶᠢ ᠬᠠᠶᠢᠨ ᠰᠦᠪᠡᠭᠴᠢᠯᠡᠶ᠎ᠡ᠂ ᠡᠪᠦᠭᠡ ᠳᠡᠭᠡᠳᠦᠰ ᠢᠶᠠᠨ ᠡᠷᠬᠢᠨ ᠦᠵᠡᠶ᠎ᠡ᠂ ᠢᠷᠡᠭᠡᠳᠦᠢ ᠵᠦᠭ ᠢᠶᠠᠨ ᠠᠶᠠᠯᠠᠶ᠎ᠠ᠂ ᠲᠡᠬᠦᠰᠭᠡᠯ ᠲᠢᠩᠬᠢᠮ ᠵᠡᠷᠭᠡ 7 ᠪᠦᠯᠦᠭ 20 ᠬᠡᠰᠡᠭ ᠢᠶᠠᠷ ᠪᠦᠷᠢᠯᠳᠦᠵᠠᠢ᠃ ᠡᠷᠲᠡᠨ ᠤ ᠳᠣᠷᠣᠨᠠᠳᠠᠬᠢᠨ ᠤ ᠪᠠᠯᠠᠷ ᠡᠷᠲᠡᠨ ᠤ ᠬᠥᠮᠥᠨ ᠲᠥᠷᠥᠯᠬᠢᠲᠡᠨ ᠤ ᠶᠢᠷᠲᠢᠨᠴᠦ ᠶᠢᠨ ᠡᠭᠦᠳᠡ ᠶᠢ ᠲᠣᠭᠰᠢᠵᠤ ︽ᠪᠣᠷᠣᠳᠣᠬᠤᠢ ᠬᠥᠮᠥᠨ︾ ᠤ ᠦᠨ᠎ᠡ ᠥᠷᠲᠡᠭ ᠢ ᠲᠣᠳᠣᠷᠬᠠᠶᠢᠯᠠᠨ ᠲᠠᠶᠢᠯᠪᠤᠷᠢᠯᠠᠵᠤ ᠬᠥᠮᠥᠨ ᠲᠥᠷᠥᠯᠬᠢᠲᠡᠨ ᠬᠢᠭᠡᠳ ᠪᠠᠶᠢᠭᠠᠯᠢ᠂ ᠣᠷᠴᠢᠨ ᠲᠣᠭᠤᠷᠢᠨ ᠤ ᠬᠠᠷᠢᠴᠠᠭ᠎ᠠ ᠶᠢ ᠢᠯᠡᠷᠡᠭᠦᠯᠦᠨ ᠣᠯᠠᠨ ᠨᠡᠶᠢᠲᠡ ᠶᠢ ᠬᠤᠯᠪᠣᠯᠳᠤᠭᠤᠯᠬᠤ ᠪᠠ ᠡᠷᠳᠡᠮ ᠰᠢᠨᠵᠢᠯᠡᠭᠡᠨ ᠤ ᠰᠤᠳᠤᠯᠭᠠᠨ ᠬᠢᠭᠡᠳ ᠬᠠᠶᠢᠨ ᠰᠦᠪᠡᠭᠴᠢᠯᠡᠯᠲᠡ ᠶᠢᠨ ᠬᠥᠭᠦᠷᠭᠡ ᠶᠢ ᠴᠣᠭᠴᠠᠯᠠᠭᠰᠠᠨ ᠪᠠᠶᠢᠨ᠎ᠠ᠃ ᠡᠮᠦᠨ᠎ᠡ ᠬᠡᠰᠡᠭ ᠨᠢ ᠵᠠᠯᠠᠭᠤᠴᠤᠳ ᠪᠠᠭᠠᠴᠤᠳ ᠤᠨ ᠤᠬᠠᠭᠤᠯᠭ᠎ᠠ ᠬᠥᠮᠦᠵᠢᠯ ᠤᠨ ᠠᠵᠢᠯᠯᠠᠭᠠᠨ ᠤ ᠲᠠᠯᠠᠪᠤᠷ᠂ ᠠᠯᠪᠠᠯᠠᠬᠤ ᠲᠣᠭᠤᠷᠢᠭ᠂ ᠣᠯᠠᠨ ᠴᠢᠳᠠᠮᠵᠢᠲᠤ ᠬᠤᠷᠠᠯ ᠤᠨ ᠲᠢᠩᠬᠢᠮ᠂ ᠬᠠᠳᠠᠭᠠᠯᠠᠬᠤ ᠪᠤᠳᠠᠰ ᠤᠨ ᠬᠥᠮᠥᠷᠭᠡ ᠵᠢᠴᠢ ᠢᠵᠢ ᠪᠦᠷᠢᠳᠦᠭᠦᠯᠬᠦ ᠭᠡᠷ ᠪᠠᠶᠢᠰᠢᠩ ᠵᠡᠷᠭᠡ ᠪᠠᠷ ᠪᠦᠷᠢᠯᠳᠦᠵᠠᠢ᠃
1.jpg
3.jpg
2.jpg
4.jpg
5.jpg
 
ᠢᠷᠡᠯᠲᠡ᠄ ᠥᠥᠰᠢᠨ ᠬᠤᠰᠢᠭᠤᠨ ᠤ ᠨᠡᠶᠢᠲᠡᠯᠡᠯ