8 ᠰᠠᠷ᠎ᠠ ᠶᠢᠨ 16 ᠤ ᠡᠳᠦᠷ᠂ ᠬᠤᠷᠢᠨ ᠵᠢᠷᠭᠤᠳᠤᠭᠠᠷ ᠬᠤᠭᠤᠴᠠᠭᠠᠨ ᠤ ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠵᠢᠴᠢ | ᠭᠠᠯᠠᠭᠤᠳᠤ ᠪᠠᠯᠭᠠᠰᠤᠨ ᠤ 2024 ᠣᠨ ᠤ ᠨᠠᠭᠠᠳᠤᠮ ᠤᠨ ᠶᠡᠭᠡ ᠬᠤᠷᠠᠯ ᠭᠠᠯᠠᠭᠤᠳᠤ ᠪᠠᠯᠭᠠᠰᠤᠨ ᠤ ᠪᠤᠵᠠᠢ ᠭᠠᠴᠠᠭᠠᠨ ᠳᠤ ᠡᠬᠢᠯᠡᠯ᠎ᠡ᠃ | ᠲᠤᠰ ᠤᠳᠠᠭᠠᠨ ᠤ ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠨ ᠰᠢᠯᠣᠭ᠌᠂ | ᠢᠷᠤᠭᠡᠯ᠂ ᠳᠠᠭᠤᠣ᠂ ᠬᠦᠭᠵᠢᠮ᠂ ᠪᠦᠵᠢᠭ ᠵᠡᠷᠭᠡ 7 ᠳᠦᠷᠣᠯ ᠢ ᠪᠠᠭᠳᠠᠭᠠᠭᠰᠠᠨ ᠳᠠᠶᠢᠰᠠᠨ ᠤ ᠳᠦᠷᠣᠯ ᠪᠣᠯᠣᠨ ᠣᠷᠠᠨ ᠵᠢᠷᠤᠭ᠂ ᠠᠷᠡᠰᠣᠨ ᠣᠷᠠᠯᠡᠯ᠂ | ᠬᠠᠳᠬᠤᠮᠠᠯ᠂ ᠰᠠᠶᠢᠯᠣᠮᠠᠯ᠂ ᠭᠡᠷᠡᠯ ᠵᠢᠷᠤᠭ ᠵᠡᠷᠭᠡ 6 ᠳᠦᠷᠣᠯ ᠢ ᠪᠠᠭᠳᠠᠭᠠᠭᠰᠠᠨ ᠦᠵᠡᠬᠦᠯᠬᠡ ᠶᠢᠨ ᠳᠦᠷᠣᠯ᠂ ᠨᠣᠮ ᠰᠤᠳᠤᠷ ᠤᠨ ᠨᠡᠭᠡᠭᠡᠯᠳᠡ ᠵᠢᠴᠢ ᠲᠡᠯᠭᠡᠨ | ᠪᠤᠷᠤᠯᠠᠭᠤᠯᠭ᠎ᠠ ᠭᠡᠬᠦ ᠭᠤᠷᠪᠠᠨ ᠶᠡᠭᠡ ᠳᠦᠷᠣᠯ ᠬᠤᠪᠢᠶᠠᠨ ᠶᠠᠪᠤᠭᠳᠠᠭᠤᠯᠵᠤ᠂ ᠣᠷ᠎ᠠ ᠠᠪᠢᠶᠠᠰᠳᠠᠨ ᠦᠪᠡᠷ ᠦᠪᠡᠷ ᠤᠨ ᠠᠪᠢᠶᠠᠰ ᠴᠢᠳᠡᠪᠤᠷᠢ᠂ ᠣᠷ᠎ᠠ ᠣᠬᠠᠭᠠᠨ | ᠢᠶᠠᠨ ᠰᠢᠯᠭᠠᠭᠰᠠᠨ ᠪᠠᠶᠢᠨ᠎ᠠ᠃ | ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠦᠤᠰᠢᠨ ᠨᠤᠳᠤᠭ ᠤᠨ ᠠᠷᠡᠳ ᠲᠦᠮᠡᠨ ᠤ ᠰᠤᠶᠣᠯ ᠤᠷᠠᠯᠢᠭ ᠤᠨ ᠲᠠᠶᠢᠴᠢᠯᠠᠭᠴᠢ | ᠪᠤᠯᠵᠣ᠂ ᠭᠡᠪᠴᠢᠶ᠎ᠠ ᠪᠠᠷ ᠬᠠᠮᠤᠭ ᠶᠡᠭᠡ᠂ ᠨᠦᠯᠦᠭᠡ ᠪᠠᠷ ᠦᠷᠭᠡᠨ᠂ ᠤᠯᠠᠨ ᠲᠦᠮᠡᠨᠴᠢ ᠴᠢᠨᠠᠷ ᠲᠠᠢ ᠴᠢᠭᠤᠯᠭᠠᠨ ᠪᠤᠯᠵᠦ ᠬᠦᠭᠵᠢᠭᠰᠡᠨ ᠠᠴᠠ ᠮᠠᠯᠴᠢᠨ ᠲᠦᠮᠡᠨ | ᠤ ᠲᠤᠮᠲᠠ ︽ᠲᠠᠯ᠎ᠠ ᠨᠤᠳᠤᠭ ᠤᠨ ᠤᠯᠢᠮᠫᠢᠺ︾ ᠬᠡᠮᠡᠨ ᠠᠯᠳᠠᠷᠰᠢᠭᠰᠠᠨ ᠢᠶᠠᠷ ᠪᠠᠷᠠᠬᠤ ᠦᠭᠡᠢ ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ | ᠨᠢ 2011 ᠣᠨ ᠳᠤ ᠦᠨᠳᠤᠰᠤᠳᠡᠨ ᠤ ᠤᠨᠴᠠᠯᠢᠭ ᠢᠶᠠᠷ ᠬᠠᠮᠤᠭ ᠲᠤᠪᠤᠶᠢᠮ᠎ᠠ ᠤᠯᠣᠰ ᠤᠨ ᠲᠠᠰ ᠤᠨ ᠨᠠᠶᠢᠷ ᠶᠤᠰᠤᠯᠠᠯ ᠤᠨ ᠱᠠᠩᠨᠠᠯ ᠢ ᠬᠦᠷᠳᠡᠵᠦ᠂ 2012 | ᠣᠨ ᠳᠤ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠦᠪᠡᠷᠳᠡᠭᠡᠨ ᠵᠠᠰᠠᠬᠤ ᠤᠷᠤᠨ ᠤ ︽ᠨᠢᠭᠡ ᠬᠤᠰᠢᠭᠤ ᠨᠢᠭᠡ | ᠲᠦᠷᠥᠯ ᠲᠡᠮᠳᠡᠭᠳᠥ︾ ᠪᠠᠷ ᠲᠤᠭᠳᠠᠭᠠᠵᠤ᠂ 2013 ᠣᠨ ᠳᠤ ᠦᠤᠰᠢᠨ ᠬᠤᠰᠢᠭᠤ ︽ᠤᠯᠠᠨ ᠬᠤᠷᠠᠬᠤ︾ ᠭᠡᠭᠦ ᠮᠤᠩᠭᠤᠯ ᠬᠢᠳᠡᠳ ᠨᠡᠷ᠎ᠡ ᠪᠠ ᠵᠢᠷᠤᠭ | ᠬᠠᠪᠰᠤᠷᠭᠠᠭᠰᠠᠨ ᠲᠠᠸᠠᠷ ᠤᠨ ᠲᠡᠮᠳᠡᠭ ᠢ ᠲᠠᠩᠰᠠᠯᠠᠭᠤᠯᠣᠭᠰᠠᠨ ᠤᠯᠠᠨ ᠬᠤᠷᠠᠬᠤ ᠭᠡᠭᠦ ᠨᠡᠷ᠎ᠡ ᠲᠡᠮᠲᠡᠭ ᠨᠡᠩ ᠤᠯᠠᠨ ᠬᠦᠮᠦᠰ ᠲᠤ ᠲᠠᠨᠢᠭᠳᠠᠬᠤ ᠪᠤᠯᠵᠠᠢ᠃ | | | | | | | | | | | | | | | | | | | | | | | | | | | | | | ᠰᠤᠷᠪᠤᠯᠵᠢᠯᠠᠭᠴᠢ᠄ ᠪᠤᠶᠠᠨᠳᠤ | |