ᠮᠠᠨ ᠤ ᠬᠤᠰᠢᠭᠤ ᠵᠢᠵᠢᠭ ᠲᠠᠷᠢᠶ᠎ᠠ ᠶᠢ ︽ᠪᠠᠶᠠᠵᠢᠯ ᠤᠨ ᠲᠠᠷᠢᠶ᠎ᠠ︾ ᠪᠣᠯᠭᠠᠵᠦ ᠪᠠᠶᠢᠨ᠎ᠠ
ᠨᠡᠶᠢᠲᠡᠯᠡᠭᠰᠡᠨ ᠴᠠᠭ᠄
2024/8/27
      ᠣᠶᠢᠷ᠎ᠠ ᠶᠢᠨ ᠵᠢᠯ ᠠᠴᠠ ᠮᠠᠨ ᠤ ᠬᠤᠰᠢᠭᠤ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠬᠯᠠᠨ ᠭᠠᠵᠠᠷ ᠰᠢᠷᠣᠢ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠵᠦ ᠭᠠᠵᠠᠷ ᠰᠢᠷᠣᠢ ᠶᠢᠨ ᠡᠷᠭᠢᠯᠲᠡ ᠶᠢ ᠠᠬᠢᠭᠤᠯᠤᠨ ᠭᠠᠵᠠᠷ ᠰᠢᠷᠣᠢ ᠶᠢᠨ ᠡᠵᠡᠩᠨᠡᠯᠲᠡ ᠶᠢᠨ ᠬᠥᠭᠵᠢᠯᠲᠡ ᠶᠢᠨ ᠵᠠᠭᠪᠤᠷ ᠢᠶᠠᠷ ᠵᠠᠮᠨᠠᠵᠤ ᠵᠢᠵᠢᠭ ᠲᠠᠷᠢᠶ᠎ᠠ ᠶᠢ ᠤᠯᠠᠨ ᠲᠦᠮᠡᠨ ᠤ ︽ᠪᠠᠶᠠᠵᠢᠯ ᠤᠨ ᠲᠠᠷᠢᠶ᠎ᠠ︾ ᠪᠣᠯᠭᠠᠭᠰᠠᠨ ᠪᠠᠶᠢᠨ᠎ᠠ᠃       ᠣᠶᠢᠷ᠎ᠠ ᠶᠢᠨ ᠬᠤᠭᠤᠴᠠᠭᠠᠨ ᠳᠤ᠂ ᠦᠥᠰᠢᠨᠵᠤᠤ ᠪᠠᠯᠭᠠᠰᠣ ᠶᠢᠨ ᠦᠥᠰᠢᠨᠵᠤᠤ ᠭᠠᠴᠠᠭᠠᠨ ᠤ ᠳᠣᠳᠣᠪᠢᠯᠢᠭ᠌ ᠤᠨ ᠳᠠᠷᠢᠭᠰᠠᠨ ᠬᠢᠲᠠᠳ ᠡᠮ ᠤᠨ ᠮᠠᠲ᠋ᠧᠷᠢᠶᠠᠯ ᠤᠨ ᠤᠷᠭᠤᠴᠠ ᠮᠠᠰᠢ ᠰᠠᠶᠢᠨ ᠪᠠᠶᠢᠵᠤ᠂ ᠠᠵᠢᠯᠴᠢᠳ ᠬᠤᠶᠠᠳᠠᠭᠢ ᠤᠳᠠᠭ᠎ᠠ ᠡᠪᠡᠰᠦ ᠠᠷᠢᠯᠭᠠᠵᠤ ᠪᠠᠶᠢᠯ᠎ᠠ᠃ ᠡᠨᠡ ᠵᠢᠯ ᠳᠣᠳᠣᠪᠢᠯᠢᠭ᠌ 400 ᠭᠠᠷᠤᠢ ᠮᠦ ᠭᠠᠵᠠᠷ ᠲᠤ ᠬᠢᠲᠠᠳ ᠡᠮ ᠤᠨ ᠮᠠᠲ᠋ᠧᠷᠢᠶᠠᠯ ᠢ ᠲᠡᠷᠢᠵᠠᠢ᠃ ᠲᠡᠷᠡ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠨᠢᠭᠡ ᠮᠦ ᠭᠠᠵᠠᠷ ᠠᠴᠠ ᠪᠠᠷᠤᠭ 1 ᠲᠦᠮᠡ ᠭᠠᠷᠤᠢ ᠲᠥᠭᠦᠷᠢᠭ ᠤᠨ ᠠᠰᠢᠭ ᠣᠯᠵᠤ᠂ ᠵᠢᠱᠢᠯᠲᠡ ᠪᠠᠷ 3000 ᠭᠠᠷᠤᠢ ᠵᠢᠩ ᠪᠠᠶᠢᠵᠤ᠂ ᠡᠨᠡ ᠨᠢ ᠡᠷᠳᠡᠨᠢ ᠰᠢᠰᠢ ᠲᠠᠷᠢᠭᠰᠠᠨ ᠠᠴᠠ ᠣᠷᠣᠯᠭ᠎ᠠ ᠶᠡᠭᠡ ︾ ᠭᠡᠵᠡᠢ ᠃      ᠣᠶᠢᠷ᠎ᠠ ᠶᠢᠨ ᠵᠢᠯ ᠤᠳ ᠲᠤ ᠦᠦᠰᠢᠨᠵᠤᠤ ᠪᠠᠯᠭᠠᠰᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠤᠯᠪᠣᠭᠠᠲᠤ ᠴᠣᠭᠴᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ ᠦᠦᠰᠢᠨᠵᠤᠤ ᠭᠠᠴᠠᠭ᠎ᠠ᠂ ᠬᠤᠯᠪᠤᠭᠠᠯᠵᠢ ᠲᠣᠰᠬᠤᠨ ᠤ 2000 ᠭᠠᠷᠤᠢ ᠮᠦ ᠭᠠᠵᠠᠷ ᠰᠢᠷᠣᠢ ᠶᠢ ᠨᠢᠭᠡᠳᠬᠡᠬᠦ ᠶᠢ ᠠᠬᠢᠭᠤᠯᠵᠤ ᠬᠤᠲᠠ᠂ ᠬᠤᠰᠢᠭᠤ ᠬᠤᠶᠠᠷ ᠱᠠᠲᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠠ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠤ ᠠᠬᠤᠶᠢᠯᠠᠯ ᠲᠠᠢ ᠬᠠᠮᠲᠤᠷᠠᠨ ᠬᠤᠨᠴᠢᠷ᠂ ᠠᠬᠢ᠂ ᠴᠤᠭᠤᠷ ᠵᠡᠷᠭᠡ ᠶᠢ ᠳᠠᠷᠢᠵᠤ ᠲᠠᠷᠢᠮᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠨ ᠠᠵᠤ ᠦᠢᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠪᠡ᠃       ᠦᠦᠰᠢᠨᠵᠤᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠭᠤᠣ ᠺᠠᠩ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠨᠠᠮ ᠤᠨ ᠡᠭᠦᠷ + ᠳᠠᠭᠠᠭᠠᠴᠢᠯᠠᠨ ᠬᠤᠯᠪᠣᠭᠠᠯᠠᠬᠤ ᠨᠢᠭᠡᠴᠢ + ᠮᠠᠯᠵᠢᠬᠤ ᠲᠠᠷᠢᠶᠠᠯᠠᠬᠤ ᠡᠷᠦᠬᠡ + ᠠᠵᠤ ᠠᠬᠤᠶᠢᠯᠠᠯ︾ ᠤᠨ ᠵᠠᠭᠪᠤᠷ ᠢᠶᠠᠷ ᠳᠠᠮᠵᠢᠭᠤᠯᠤᠨ 2000 ᠮᠦ ᠰᠢᠬᠠᠮ ᠭᠠᠵᠠᠷ ᠰᠢᠷᠣᠢ ᠶᠢ ᠨᠢᠭᠡᠳᠬᠡᠵᠦ ᠬᠤᠨᠴᠢᠷ ᠳᠠᠷᠢᠵᠠᠢ᠂ ᠣᠳᠣᠬᠠᠨ ᠳᠤ ᠮᠠᠨ ᠤ ᠬᠤᠨᠴᠢᠷ ᠤᠨ ᠤᠷᠭᠤᠴᠠ ᠰᠠᠶᠢᠨ᠂ ᠣᠷᠣᠯᠭ᠎ᠠ ᠮᠠᠰᠢ ᠰᠠᠶᠢᠨ ᠪᠠᠶᠢᠨ᠎ᠠ᠂ ᠳᠠᠷᠠᠭᠠᠴᠢ ᠶᠢᠨ ᠠᠯᠬᠤᠮ ᠳᠤ ᠮᠠᠨ ᠤ ᠭᠠᠴᠠᠭᠠᠨ ᠤ ᠨᠠᠮ ᠤᠨ ᠡᠭᠦᠷ ᠤᠨ ᠬᠢᠨ ᠦᠷᠭᠦᠯᠵᠢᠯᠡᠨ ᠭᠠᠵᠠᠷ ᠰᠢᠷᠣᠢ ᠶᠢ ᠨᠢᠭᠡᠳᠬᠡᠵᠦ ᠬᠤᠨᠴᠢᠷ ᠲᠠᠷᠢᠬᠤ ᠲᠠᠯᠠᠪᠠᠢ ᠶᠢ ᠥᠷᠭᠡᠳᠬᠡᠨ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ︾ ᠭᠡᠵᠡᠢ ᠃      ᠰᠦᠯᠳᠡ ᠰᠤᠮᠤᠨ ᠤ ᠨᠠᠷᠢᠠᠭᠤᠤᠯ ᠲᠣᠰᠬᠤᠨ ᠳᠤ᠂ ᠡᠷᠳᠡᠨᠢ ᠰᠢᠰᠢ ᠶᠢ ᠲᠡᠷᠢ ᠲᠡᠭᠰᠢ ᠪᠣᠯᠭᠠᠭᠰᠠᠨ ᠨᠢ ᠨᠠᠷᠢᠠᠭᠤᠤᠯ ᠲᠣᠰᠬᠤᠨ ᠤ ᠬᠡᠷᠡᠭᠵᠢᠭᠦᠯᠦᠭᠰᠡᠨ ︽ᠵᠢᠵᠢᠭ ᠲᠠᠷᠢᠶ᠎ᠠ ᠶᠢ ᠶᠡᠭᠡ ᠲᠠᠷᠢᠶ᠎ᠠ︾ ᠪᠣᠯᠭᠠᠵᠤ᠂ ᠪᠦᠬᠦ ᠲᠣᠰᠬᠤᠨ ᠤ 65% ᠶᠢᠨ ᠭᠠᠵᠠᠷ ᠰᠢᠷᠣᠢ ᠶᠢ ᠨᠢᠭᠡᠳᠭᠡᠭᠰᠡᠨ ᠤ ᠳᠠᠷᠠᠭ᠎ᠠ ᠠᠵᠤ ᠠᠬᠤᠶᠢᠯᠠᠯ ᠢ ᠣᠷᠣᠭᠤᠯᠤᠨ ᠨᠢᠭᠡᠳᠦᠯᠲᠡᠢ ᠳᠠᠷᠢᠵᠤ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠠᠷᠪᠢᠯᠠᠨ ᠭᠠᠮᠨᠠᠭᠰᠠᠨ ᠡᠵᠡᠩᠨᠡᠯᠲᠡ ᠶᠢ ᠪᠡᠶᠡᠯᠡᠭᠦᠯᠦᠭᠰᠡᠨ ᠢᠶᠠᠷ ᠡᠷᠳᠡᠨᠢ ᠰᠢᠰᠢ ᠶᠢᠨ ᠤᠨᠠᠯᠲᠠ ᠮᠦ ᠪᠦᠷᠢ ᠳᠤ 1500 ᠵᠢᠩ ᠪᠠᠶᠢᠭᠰᠠᠨ ᠠᠴᠠ ᠪᠠᠨ 2000 ᠵᠢᠩ ᠪᠣᠯᠵᠠᠢ᠃       ᠰᠦᠯᠳᠡ ᠰᠤᠮᠤᠨ ᠤ ᠨᠠᠷᠢᠠᠭᠤᠤᠯ ᠲᠣᠰᠬᠤᠨ ᠤ ᠨᠠᠮ ᠤᠨ ᠡᠭᠦᠷ ᠤᠨ ᠱᠦᠵᠢ ᠰᠡᠷᠬᠦᠯᠡᠩ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠭᠠᠵᠠᠷ ᠰᠢᠷᠣᠢ ᠶᠢ ᠨᠢᠭᠡᠳᠭᠡᠬᠦ ᠪᠠᠷ ᠳᠠᠮᠵᠢᠭᠤᠯᠤᠨ ᠵᠢᠵᠢᠭ ᠲᠠᠷᠢᠶᠠᠨ ᠭᠠᠵᠠᠷ ᠢ ᠶᠡᠭᠡ ᠲᠠᠷᠢᠶ᠎ᠠ ᠪᠣᠯᠭᠠᠵᠤ᠂ ᠬᠥᠳᠡᠯᠮᠦᠷᠢ ᠶᠢᠨ ᠬᠦᠴᠦᠨ ᠢ ᠠᠷᠪᠢᠯᠠᠵᠠᠢ᠂ ᠪᠢᠳᠡ ᠳᠠᠷᠠᠭᠠᠴᠢ ᠶᠢᠨ ᠠᠯᠬᠤᠮ ᠳᠤ ᠡᠨᠡᠬᠦ ᠭᠠᠵᠠᠷ ᠰᠢᠷᠣᠢ ᠶᠢ ᠨᠢᠭᠡᠳᠬᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠤᠨ᠎ᠠ᠂ ᠵᠢᠱᠢᠯᠲᠡ  ᠪᠠᠷ ᠮᠠᠨ ᠤ ᠢᠷᠡᠬᠦ ᠵᠢᠯ ᠤᠨ ᠤᠷᠤᠯᠭ᠎ᠠ ᠪᠠᠷᠤᠭ 160 ᠲᠦᠮᠡ ᠣᠷᠴᠢᠮ ᠪᠣᠯᠵᠦ ᠮᠡᠳᠡᠨ᠎ᠡ︾ ᠭᠡᠵᠡᠢ᠃       ᠮᠠᠨ ᠤ ᠬᠤᠰᠢᠭᠤᠨ ᠤ ᠬᠢᠨ ᠣᠶᠢᠷ᠎ᠠ ᠶᠢᠨ ᠵᠢᠯ ᠠᠴᠠ ᠨᠠᠰᠢ ︽ᠵᠢᠵᠢᠭ ᠲᠠᠷᠢᠶ᠎ᠠ︾ ᠶᠢ ᠨᠢᠭᠡᠳᠭᠡᠨ ︽ᠶᠡᠭᠡ ᠲᠠᠷᠢᠶ᠎ᠠ︾ ᠪᠣᠯᠭᠠᠵᠤ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠤᠨ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠬᠡᠪᠴᠢᠶᠡᠵᠢᠯ ᠤᠨ ᠠᠵᠢᠯ ᠢ ᠠᠬᠢᠭᠤᠯᠵᠤ ᠠᠮᠤ ᠪᠤᠳᠠᠭᠠᠨ ᠤ ᠤᠨᠠᠯᠲᠠ ᠪᠣᠯᠣᠨ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠴᠡᠢ᠃                              ᠰᠣᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠶᠡᠨ ᠸᠧᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ