ᠡᠨᠡ ᠵᠢᠯ ᠠᠴᠠ ᠨᠠᠰᠢ᠂ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾᠂ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠣᠯᠣᠨ ᠪᠥᠬᠦ | ᠬᠤᠰᠢᠭᠤᠨ ᠤ ︽ᠰᠢᠨ᠎ᠡ ᠠᠶᠠᠨ ᠢ ᠨᠡᠭᠡᠭᠡᠵᠦ᠂ ᠬᠤᠰᠢᠭᠤᠷᠠᠨ ᠴᠤᠯᠭᠤᠷᠠᠵᠤ᠂ ᠭᠤᠣᠯᠳᠠᠯᠭᠠᠲᠤ ᠣᠷᠣᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ | ᠰᠢᠶᠠᠨ ᠤ ᠵᠢᠭᠰᠠᠭᠠᠯᠲᠠ ᠳᠤ ᠤᠷᠤᠬᠤ ᠪᠠᠷ ᠴᠢᠷᠮᠠᠶᠢᠬᠤ︾ ᠬᠥᠭᠵᠢᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠢ | ᠰᠤᠳᠤᠯᠤᠨ ᠮᠠᠭᠠᠳᠯᠠᠵᠤ᠂ ᠬᠦᠴᠦᠲᠡᠢ ᠲᠣᠬᠢᠷᠠᠭᠤᠯᠤᠯᠲᠠ ᠬᠢᠪᠡ᠃ 1︱7 ᠰᠠᠷ᠎ᠠ ᠳᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠡᠷᠬᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ | ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 1 ︱7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52. | 4% ᠪᠠᠷ ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠶᠢᠨ ᠨᠢᠭᠡᠳᠦᠭᠡᠷ ᠲᠤ ᠣᠷᠣᠵᠤ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ | 48.8 ᠬᠤᠪᠢ ᠥᠨᠳᠥᠷ᠂ ᠪᠦᠭᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 41.5 ᠬᠤᠪᠢ ᠥᠨᠳᠥᠷ᠂ ᠪᠦᠭᠦ ᠬᠤᠲᠠ ᠶᠢᠨ ᠬᠢ ᠠᠴᠠ ᠵᠠᠭᠤᠨ ᠤ | ᠬᠠᠷᠢᠴᠠᠯ ᠢᠶᠠᠷ 38.3 ᠬᠤᠪᠢ ᠥᠨᠳᠥᠷ ᠪᠣᠯᠵᠠᠢ᠃ | ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 302.7% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52% ᠢᠶᠠᠷ | ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 15.1% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 158.9% ᠪᠠᠷ ᠨᠡᠮᠡᠭᠳᠡᠵᠦ᠂ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.4% ᠪᠠᠷ ᠪᠠᠭᠤᠷᠠᠪᠠ᠃ | | ᠪᠤᠰᠤᠳ ᠵᠢᠭᠠᠯᠲᠠ ᠲᠤᠭ᠎ᠠ ᠠᠴᠠ ᠦᠵᠡᠪᠡᠯ᠄ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 112.9% ᠪᠠᠷ ᠨᠡᠮᠡᠭᠳᠡᠵᠦ᠂ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52% ᠢᠶᠠᠷ ᠨᠡᠮᠡᠭᠳᠡᠪᠡ᠃ | 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 99 | ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 55᠂ 500ᠲᠦᠮᠡ ︱ 5000 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 44 ᠪᠤᠢ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 34 | ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 58.4% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ | 96.9% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 6 ᠪᠠᠶᠢᠵᠤ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 59.5% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 88.3% ᠶᠢ ᠡᠵᠡᠯᠡᠪᠡ᠃ | ᠬᠤᠲᠠ ᠶᠢᠨ ᠱᠠᠲᠤᠨ ᠠᠴᠠ ᠲᠣᠬᠢᠷᠠᠭᠤᠯᠵᠤ ᠪᠠᠶᠢᠭ᠎ᠠ 30 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 20 ᠲᠥᠷᠥᠯ ᠵᠦᠢᠯ ᠢ ᠨᠢᠭᠡᠨᠲᠡ | ᠬᠥᠮᠥᠷᠭᠡ ᠳᠤ ᠣᠷᠣᠭᠤᠯᠵᠤ᠂ 124 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | 1︱7 ᠳ᠋ᠤᠭᠠᠷ ᠰᠠᠷ᠎ᠠ ᠳᠤ ᠪᠦᠬᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ | 34 ᠪᠠᠶᠢᠵᠤ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 82304 ᠲᠡᠭᠰᠢ ᠳᠥᠷᠪᠡᠯᠵᠢᠨ ᠮᠧᠲᠷ ᠲᠤ ᠬᠦᠷᠴᠦ᠂ 3.9% ᠪᠠᠷ | ᠪᠠᠭᠤᠷᠠᠪᠠ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 31001 ᠲᠦᠮᠡᠨ ᠲᠥᠭᠦᠷᠢᠭ ᠲᠤ ᠬᠦᠷᠴᠦ᠂ 0.8% ᠢᠶᠠᠷ ᠪᠠᠭᠤᠷᠠᠪᠠ᠃ | | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 1 ︱ 7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ 33 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︵ | ᠪᠠᠶᠢᠭᠠᠯᠢ ᠶᠢᠨ ᠰᠢᠲᠠᠮᠠᠬᠠᠢ ᠬᠡᠢ ᠶᠢ ᠪᠠᠭᠲᠠᠭᠠᠨ᠎ᠠ︶ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠢᠶᠠᠷ | ᠨᠡᠮᠡᠭᠳᠡᠵᠦ᠂ ᠪᠦᠭᠦ ᠬᠤᠲᠠ ᠶᠢᠨ ᠳᠤᠯᠤᠳᠤᠭᠠᠷ ᠲᠤ ᠣᠷᠣᠵᠤ᠂ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠲᠤᠤᠷ᠎ᠠ᠂ ᠪᠦᠭᠦ | ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 2.7 ᠬᠤᠪᠢ ᠳᠣᠣᠷ᠎ᠠ᠂ ᠪᠦᠭᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.6 ᠬᠤᠪᠢ ᠳᠣᠣᠷ᠎ᠠ | ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠦᠢᠯᠡᠳᠬᠦᠨ ᠤ ᠦᠷᠲᠡᠭ ᠠᠳᠠᠯᠢ ᠬᠤᠭᠤᠴᠠᠭᠠᠨ ᠤ | ᠬᠢ ᠠᠴᠠ 0.80% ᠢᠶᠠᠷ ᠪᠠᠭᠤᠷᠠᠪᠠ᠃ | ᠬᠦᠨᠳᠦ ᠬᠥᠩᠭᠡᠨ ᠠᠵᠤ ᠦᠢᠯᠡᠳᠪᠦᠷᠢ ᠠᠴᠠ ᠦᠵᠡᠪᠡᠯ᠄ ᠪᠥᠬᠦ ᠬᠤᠰᠢᠭᠤᠨ ᠤ 33 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠳᠤᠮᠳᠠ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 27.54% ᠪᠠᠷ ᠪᠠᠭᠤᠷᠠᠵᠤ᠂ | ᠬᠥᠩᠭᠡᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 0.60 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 9.70% ᠢᠶᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ | 0.77% ᠪᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 436.37 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.47% ᠪᠠᠷ ᠪᠠᠭᠤᠷᠠᠪᠠ᠃ | ᠠᠵᠤ ᠠᠬᠤᠶᠢᠯᠠᠯ ᠤᠨ ᠳᠠᠩᠰᠠᠯᠠᠭᠤᠯᠤᠭᠰᠠᠨ ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠄ ᠪᠥᠬᠦ ᠬᠤᠰᠢᠭᠤᠨ ᠤ 33 ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠤᠮᠳᠠ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 0.29% ᠪᠠᠷ ᠪᠠᠭᠤᠷᠠᠵᠤ᠂ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 425.12 ᠳ᠋ᠦᠡᠭᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.46% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ | ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 17.09% ᠪᠠᠷ ᠪᠠᠭᠤᠷᠠᠵᠤ᠂ | ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 11.85 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29.01% ᠪᠠᠷ | ᠪᠠᠭᠤᠷᠠᠪᠠ︔ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0. | 53% ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 406.13 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 1.25% ᠪᠠᠷ ᠪᠠᠭᠤᠷᠠᠪᠠ︔ ᠤᠯᠤᠰ ᠤᠨ ᠥᠮᠴᠢᠯᠡᠯᠲᠦ ᠪᠤᠰᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 17.01% ᠪᠠᠷ ᠪᠠᠭᠤᠷᠠᠵᠤ᠂ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ 30.84 ᠳ᠋ᠤᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.23% ᠪᠠᠷ ᠪᠠᠭᠤᠷᠠᠪᠠ︔ ᠲᠣᠮᠣ ᠳᠤᠮᠳᠠ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 0.09% ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠦᠢᠯᠡᠳᠬᠦᠨ ᠤ ᠥᠷᠲᠡᠭ ᠢ | 405.36 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.45% ᠪᠠᠷ ᠪᠠᠭᠤᠷᠠᠪᠠ᠃ | ᠡᠯ᠎ᠡ ᠠᠵᠢᠯ ᠲᠥᠷᠥᠯ ᠠᠴᠠ ᠦᠵᠡᠪᠡᠯ᠄ ᠪᠦᠬᠦ ᠬᠤᠰᠢᠭᠤᠨ ᠤ 33 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ | ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 11.0% ᠢᠶᠠᠷ ᠪᠠᠭᠤᠷᠠᠵᠤ᠂ | ᠪᠣᠷᠤᠯᠠᠭᠤᠯᠭ᠎ᠠ ᠶᠢᠨ ᠦᠷᠲᠡᠭ ᠢ 88.8 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠪᠠᠭᠤᠷᠠᠪᠠ︔ | ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 3. | 4% ᠪᠠᠷ ᠪᠠᠭᠤᠷᠠᠵᠤ᠂ ᠪᠣᠷᠤᠯᠠᠭᠤᠯᠭ᠎ᠠ ᠶᠢᠨ ᠦᠷᠳᠡᠭ ᠢ 113.7 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.5% | ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 10.8% ᠪᠠᠷ ᠪᠠᠭᠤᠷᠠᠵᠤ᠂ ᠪᠣᠷᠤᠯᠠᠭᠤᠯᠭ᠎ᠠ ᠶᠢᠨ ᠦᠷᠲᠡᠭ ᠢ 24.3 ᠳ᠋ᠤᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠦᠷᠲᠡᠭ ᠢ 193.6 ᠳ᠋ᠤᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.8% ᠢᠶᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 61.0% ᠢᠶᠠᠷ ᠪᠠᠭᠤᠷᠠᠵᠤ᠂ ᠪᠣᠷᠤᠯᠠᠭᠤᠯᠭ᠎ᠠ ᠶᠢᠨ | ᠦᠷᠲᠡᠭ ᠢ 0.6 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 61.0% ᠢᠶᠠᠷ ᠪᠠᠭᠤᠷᠠᠪᠠ︔ ᠰᠢᠲᠠᠮᠠᠬᠠᠢ ᠬᠡᠢ ᠶᠢᠨ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠵᠤ᠂ | ᠪᠣᠷᠤᠯᠠᠭᠤᠯᠭ᠎ᠠ ᠶᠢᠨ ᠦᠷᠲᠡᠭ ᠢ 13.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.0% ᠢᠶᠠᠷ ᠪᠠᠭᠤᠷᠠᠪᠠ᠃ | | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠄ ᠲᠦᠭᠦᠬᠡᠢ ᠨᠡᠭᠦᠷᠡᠰᠦ 2736.09 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.27% ᠪᠠᠷ ᠨᠡᠮᠡᠭᠳᠡᠪᠡ︔ ᠨᠠᠷᠢᠯᠢᠭ ᠮᠧᠲ᠋ᠢᠯ ᠠᠯᠺᠤᠤᠯ 322.95 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 15.32% ᠢᠶᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 52.91 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.93% ᠪᠠᠷ ᠪᠠᠭᠤᠷᠠᠪᠠ︔ ᠰᠢᠭᠡᠰᠦᠯᠢᠭ ᠡᠳ᠋ 172.98 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.67% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 54.97 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.06% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 55.32 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.21% ᠪᠠᠷ | ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 15.51 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.70% | ᠢᠶᠠᠷ ᠪᠠᠭᠤᠷᠠᠪᠠ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ | 1 ︱7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 21.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠨᠠᠢᠮᠠᠳᠤᠭᠠᠷ ᠲᠤ ᠵᠢᠭᠰᠠᠭᠠᠭᠳᠠᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠥᠨᠳᠥᠷ᠂ ᠪᠥᠬᠦ ᠣᠷᠣᠨ ᠤ ᠬᠢ ᠠᠴᠠ ᠵᠠᠭᠤᠨ ᠤ | ᠬᠠᠷᠢᠴᠠᠯ ᠢᠶᠠᠷ 2.2 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ ᠪᠣᠯᠵᠠᠢ᠃ | ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ | ᠭᠠᠵᠠᠷ ᠢᠶᠠᠷ ᠨᠢ ᠦᠵᠡᠪᠡᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2. | 7% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 86. | 3% ᠪᠠᠷ ᠪᠠᠭᠤᠷᠠᠪᠠ᠃ | ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 7.5% ᠪᠠᠷ ᠪᠠᠭᠤᠷᠠᠪᠠ᠃ | ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠠᠸᠠᠷ ᠤᠨ ᠲᠦᠷᠦᠯ ᠬᠡᠯᠪᠡᠷᠢ ᠠᠴᠠ ᠦᠵᠡᠪᠡᠯ᠄ ᠮᠠᠰᠢᠨ | ᠲᠡᠷᠭᠡᠨ ᠤ ᠲᠦᠷᠦᠯ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠵᠦ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ | ᠬᠤᠳᠠᠯᠳᠤᠭᠰᠠᠨ ᠬᠠᠷᠢᠴᠠᠯ ᠤᠨ 45.2% ᠢ ᠡᠵᠡᠯᠡᠪᠡ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠦᠷᠦᠯ ᠠᠳᠠᠯᠢ ᠬᠤᠭᠤᠴᠠᠭᠠᠨ ᠤ ᠬᠢ ᠠᠴᠠ 11. | 7% ᠪᠠᠷ ᠪᠠᠭᠤᠷᠠᠵᠤ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 26.0% ᠢ ᠡᠵᠡᠯᠡᠪᠡ︔ ᠭᠡᠷ ᠤᠨ | ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠦᠷᠦᠯ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠦ᠂ | ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 10.5% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ | ᠲᠦᠷᠦᠯ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ | ᠤᠨ 5.1% ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠵᠦ᠂ | ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 7.9% ᠶᠢ ᠡᠵᠡᠯᠡᠪᠡ︔ ᠭᠡᠷ ᠤᠨ ᠬᠡᠷᠡᠭᠰᠡᠯ ᠤᠨ ᠲᠦᠷᠦᠯ ᠠᠳᠠᠯᠢ | ᠬᠤᠭᠤᠴᠠᠭᠠᠨ ᠤ ᠬᠢ ᠠᠴᠠ 17.2% ᠢᠶᠠᠷ ᠨᠡᠮᠡᠭᠳᠡᠵᠦ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 1. | 6% ᠶᠢ ᠡᠵᠡᠯᠡᠪᠡ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 25.9% ᠪᠠᠷ ᠪᠠᠭᠤᠷᠠᠵᠤ᠂ | ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 2.3% ᠶᠢ ᠡᠵᠡᠯᠡᠪᠡ︔ ᠪᠤᠰᠤᠳ ᠲᠦᠷᠦᠯ ᠠᠳᠠᠯᠢ | ᠬᠤᠭᠤᠴᠠᠭᠠᠨ ᠤ ᠬᠢ ᠠᠴᠠ 43.9% ᠪᠠᠷ ᠪᠠᠭᠤᠷᠠᠵᠤ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠠᠷᠢᠴᠠᠯ ᠤᠨ 1. | 4% ᠶᠢ ᠡᠵᠡᠯᠡᠪᠡ᠃ | ᠳᠦᠷᠪᠡ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ 28 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ | ᠡᠵᠡᠩᠨᠡᠯᠲᠡ ᠶᠢᠨ ᠣᠷᠣᠯᠭ᠎ᠠ ᠶᠢ 4.56 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.79% ᠪᠠᠷ ᠨᠡᠮᠡᠭᠳᠡᠪᠡ᠃ ᠥᠭᠬᠦ | ᠶᠣᠰᠣᠲᠠᠢ ᠠᠵᠢᠯᠲᠠᠨ ᠠᠵᠢᠯᠴᠢᠨ ᠤ ᠴᠠᠯᠢᠩ ᠬᠥᠯᠥᠰᠦ 0.40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.2% | ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠪᠥᠬᠦ ᠬᠤᠰᠢᠭᠤᠨ ᠤ ᠵᠢᠷᠭᠤᠭᠠᠨ ᠶᠡᠭᠡ ᠠᠵᠢᠯ ᠲᠥᠷᠥᠯ ᠤᠨ | ᠳᠣᠲᠣᠷ᠎ᠠ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 2.38 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.03% ᠪᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ 1.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.33% ᠪᠠᠷ ᠪᠠᠭᠤᠷᠠᠪᠠ︔ ᠤᠰᠤᠨ | ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0. | 84 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 281.82% ᠢᠶᠠᠷ ᠨᠡᠮᠡᠭᠳᠡᠪᠡ︔ ᠰᠠᠭᠤᠭᠠᠯᠢ ᠠᠷᠠᠳ ᠤᠨ | ᠦᠢᠯᠡᠴᠢᠯᠡᠭᠡᠨ ᠤ ᠰᠡᠯᠪᠢᠨ ᠵᠠᠰᠠᠬᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 0.02 ᠳ᠋ᠦᠩᠰᠢᠭᠤᠷ ᠲᠥᠭᠦᠷᠢᠭ᠂ 0.04 ᠳ᠋ᠦᠩᠰᠢᠭᠤᠷ | ᠲᠥᠭᠦᠷᠢᠭ᠂ 0.10 ᠳ᠋ᠦᠩᠰᠢᠭᠤᠷ ᠲᠥᠭᠦᠷᠢᠭ ᠪᠡᠶᠡᠯᠡᠭᠦᠯᠪᠡ ᠃ | 1 — 6 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ 19 ᠡᠷᠦᠬᠡ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠡᠷᠦᠬᠡ ᠶᠢᠨ | ᠲᠣᠭᠠᠨ ᠤ 67.86% ᠶᠢ ᠡᠵᠡᠯᠡᠵᠦ᠂ ᠡᠵᠡᠩᠨᠡᠯᠲᠡ ᠶᠢᠨ ᠣᠷᠣᠯᠭ᠎ᠠ ᠶᠢ 2.52 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 0.8% ᠢᠶᠠᠷ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ | ᠬᠤᠪᠢ ᠶᠢᠨ ᠵᠢᠩ ᠨᠢ 55.26% ᠳᠤ ᠬᠦᠷᠪᠡ᠃ | ᠲᠠᠪᠤ᠂ ᠡᠷᠭᠢᠯᠲᠡ ᠶᠢᠨ ᠣᠷᠴᠢᠨ | 1 ︱ 7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 80.02 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 199.9% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.5% ᠪᠠᠷ ᠪᠠᠭᠤᠷᠠᠵᠤ᠂ ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 1606. | 7% ᠪᠠᠷ ᠨᠡᠮᠡᠭᠳᠡᠪᠡ᠃ ᠭᠤᠣᠯ ᠪᠣᠯᠬᠤ ᠭᠠᠶᠢᠯᠢ ᠲᠠᠲᠠᠪᠤᠷᠢ ᠶᠢᠨ ᠳᠣᠲᠣᠷ᠎ᠠ᠂ ᠨᠡᠮᠡᠭᠳᠡᠯ ᠥᠷᠲᠡᠭ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 1.6% | ᠪᠠᠷ ᠪᠠᠭᠤᠷᠠᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ 72.7% ᠪᠠᠷ ᠪᠠᠭᠤᠷᠠᠵᠤ᠂ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠪᠠ᠃ ᠪᠥᠬᠦ ᠬᠤᠰᠢᠭᠤᠨ ᠤ ᠣᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 55.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 44.2% ᠢᠶᠠᠷ | ᠨᠡᠮᠡᠭᠳᠡᠪᠡ᠃ | 7 ᠳ᠋ᠤᠭᠠᠷ ᠰᠠᠷ᠎ᠠ ᠳᠤ᠂ ᠪᠥᠬᠦ ᠬᠤᠰᠢᠭᠤᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠨᠡᠶᠢᠲᠡ 337 ᠡᠷᠦᠬᠡ ᠰᠢᠨ᠎ᠡ ᠪᠠᠷ | ᠳᠠᠩᠰᠠᠯᠠᠭᠤᠯᠪᠠ᠃ ᠡᠭᠦᠨ ᠳᠤ᠂ ᠡᠯ᠎ᠡ ᠲᠥᠷᠥᠯ ᠤᠨ ᠠᠵᠤ ᠠᠬᠤᠶᠢᠯᠠᠯ 90᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 246᠂ ᠲᠠᠷᠢᠶᠠᠴᠢᠨ ᠤ | ᠲᠤᠰᠬᠠᠢ ᠬᠤᠷᠰᠢᠶᠠᠵᠢᠯ 1 ᠪᠣᠶ᠃ ᠪᠥᠬᠦ ᠬᠤᠰᠢᠭᠤᠨ ᠳᠤ ᠨᠡᠶᠢᠲᠡ 207 ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠬᠦᠴᠦᠨ ᠦᠭᠡᠢ | ᠪᠣᠯᠭᠠᠵᠤ᠂ ᠡᠭᠦᠨ ᠳᠤ ᠡᠯ᠎ᠡ ᠲᠥᠷᠥᠯ ᠤᠨ ᠠᠵᠤ ᠠᠬᠤᠶᠢᠯᠠᠯ 57᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 147᠂ ᠲᠠᠷᠢᠶᠠᠴᠢᠳ ᠤᠨ | ᠲᠤᠰᠬᠠᠢ ᠠᠵᠢᠯ ᠤᠨ ᠬᠤᠷᠰᠢᠶᠠᠵᠢᠯ 3 ᠪᠣᠶ᠃ | 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ 216.53 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.47% ᠪᠠᠷ | ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 115.75 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.1% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ 37.0 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 0.67% ᠪᠠᠷ ᠪᠠᠭᠤᠷᠠᠪᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ | ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 149.48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11. | 16% ᠪᠠᠷ ᠪᠠᠭᠤᠷᠠᠪᠠ᠃ ᠡᠭᠦᠨ ᠳᠤ ᠰᠠᠭᠤᠭᠠᠯᠢ ᠡᠷᠦᠬᠡ ᠶᠢᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 22.08% ᠢᠶᠠᠷ ᠨᠡᠮᠡᠭᠳᠡᠵᠦ᠂ ᠮᠥᠩᠭᠦᠨ | ᠭᠦᠢᠯᠭᠡᠭᠡᠨ ᠤ ᠪᠤᠰᠤ ᠵᠢᠭᠡᠯᠡᠯᠭᠡ ᠶᠢᠨ ᠲᠤᠭ᠎ᠠ ᠠᠳᠠᠯᠢ ᠬᠤᠭᠤᠴᠭᠠᠨ ᠤ ᠬᠢ ᠠᠴᠠ 24.16% ᠪᠠᠷ ᠪᠠᠭᠤᠷᠠᠪᠠ᠃ | ᠶᠡᠷᠦᠩᠬᠡᠢ ᠳᠤᠨᠢ ᠠᠪᠴᠤ ᠦᠵᠡᠪᠡᠯ᠂ 1 — 7 ᠳ᠋ᠤᠭᠠᠷ ᠰᠠᠷ᠎ᠠ ᠳᠤ ᠮᠠᠨ ᠤ ᠬᠤᠰᠢᠭᠤᠨ ᠤ ᠠᠵᠤ ᠠᠬᠤᠢ ᠶᠢᠨ ᠡᠷᠬᠢᠯᠲᠡ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠵᠤ᠂ ᠤᠯᠠᠮᠵᠢᠯᠠᠯᠲᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠰᠢᠨ᠎ᠡ ᠨᠡᠮᠡᠭᠳᠡᠯ ᠤᠨ ᠴᠡᠭ ᠢ ᠲᠦᠷᠭᠡᠨ ᠪᠣᠶ ᠪᠣᠯᠭᠠᠪᠠ᠃ ᠡᠭᠦᠨ ᠤ ᠵᠡᠷᠭᠡᠪᠡᠷ ᠭᠠᠳᠠᠭᠠᠳᠤ ᠣᠷᠴᠢᠨ ᠨᠥᠬᠦᠴᠡᠯ ᠡᠭᠡᠳᠡᠷᠡᠭᠡᠨ | ᠪᠤᠳᠤᠯᠢᠶᠠᠨᠲᠠᠢ᠂ ᠳᠣᠲᠣᠭᠠᠳᠤ ᠶᠢᠨ ᠬᠡᠷᠡᠭᠴᠡᠭᠡ ᠮᠥᠨ ᠯᠡ ᠬᠦᠷᠦᠯᠴᠡᠬᠦ ᠦᠭᠡᠢ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠣᠨ ᠤ ᠬᠠᠷᠠᠯᠲᠠ ᠶᠢ ᠠᠳᠬᠤᠵᠤ᠂ ᠪᠦᠬᠦ ᠬᠦᠴᠦᠨ ᠢᠶᠠᠷ ᠢᠶᠠᠨ ᠲᠣᠭᠲᠠᠭᠤᠨ ᠢᠶᠠᠷ ᠨᠡᠮᠡᠭᠳᠡᠭᠦᠯᠬᠦ᠂ ᠬᠡᠷᠡᠭᠴᠡᠭᠡ ᠶᠢ ᠥᠷᠭᠡᠳᠬᠡᠬᠦ᠂ | ᠢᠲᠡᠭᠡᠯ ᠢ ᠨᠡᠮᠡᠭᠳᠡᠭᠦᠯᠬᠦ ᠪᠠᠷ ᠴᠢᠷᠮᠠᠶᠢᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠩ ᠶᠡᠭᠡ | ᠡᠷᠴᠢᠮ ᠢᠶᠠᠷ ᠬᠥᠭᠵᠢᠭᠡᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ | | |