︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠨᠡᠶᠢᠳᠬᠡᠵᠦ ︿ᠺᠣᠳ᠋ ᠢᠶᠠᠨ | ᠦᠵᠡᠭᠦᠯᠦᠭᠰᠡᠭᠡᠷ ᠭᠦᠢᠴᠡᠳᠬᠡᠵᠦ ᠪᠣᠯᠬᠤ﹀ ᠠᠵᠢᠯ ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠵᠢᠭ | ᠫᠷᠣᠭ᠍ᠷᠠᠮ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ | ᠲᠤᠰᠢᠶᠠᠨ ᠬᠠᠳᠠᠭᠠᠯᠠᠭᠰᠠᠨ ᠭᠡᠷᠡᠴᠢ᠂ ᠣᠨᠳᠣᠣ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ ᠳᠠᠭᠤᠰᠬᠠᠭᠰᠠᠨ | ᠭᠡᠷᠡᠴᠢ ᠵᠡᠷᠭᠡ ᠬᠤᠪᠢ ᠬᠥᠮᠥᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ ᠬᠥᠮᠥᠨ ᠳᠤ ᠨᠢ ᠴᠠᠭ ᠲᠤᠬᠠᠢ ᠳᠤ ᠨᠢ ᠰᠦᠯᠵᠢᠶ᠎ᠡ ᠪᠠᠷ ᠭᠠᠷᠭᠠᠵᠤ | ᠥᠭᠬᠦ᠂ ᠠᠷᠤ ᠲᠠᠪᠴᠠᠩ ᠳᠤ ᠠᠦ᠋ᠲ᠋ᠣ᠋ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ᠂ ᠣᠳᠣ ᠨᠢᠭᠡᠳᠦᠯᠲᠡᠢ ︽ᠡᠯᠧᠺᠲᠷᠣᠨ ᠺᠣᠳ᠋︾ ᠢᠶᠠᠷ | ᠤᠤᠯ ᠤᠨ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ | ᠬᠥᠮᠥᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ ᠤ 8 | ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ | ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ᠃ | ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ | 【 ᠪᠦᠬᠦ ᠤᠯᠤᠰ ᠤᠨ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠥᠩᠭᠦ 】 ᠶᠢᠨ ᠦᠢᠯᠡᠴᠢᠯᠡᠭᠡ | | | | | |