ᠤᠮᠠᠷᠠᠲᠤ ᠬᠢᠯᠢ ᠶᠢᠨ ᠰᠤᠶᠤᠯ —  ︽ᠮᠠᠯᠵᠢᠬᠤ ᠳ᠋ᠠᠵᠠᠢ︾ ᠶᠢᠨ ᠮᠦᠽᠧᠢ
ᠨᠡᠶᠢᠲᠡᠯᠡᠭᠰᠡᠨ ᠴᠠᠭ᠄
2024/8/7
      ︽ᠮᠠᠯᠵᠢᠬᠤ ᠳ᠋ᠠᠵᠠᠢ︾ ᠮᠦᠽᠧᠢ ᠨᠢ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠦᠤᠰᠢᠨᠵᠤᠤ ᠭᠠᠴᠠᠭ᠎ᠠ ᠳᠤ ᠪᠠᠶᠢᠷᠢᠯᠠᠵᠤ᠂ 1972 ᠣᠨ ᠳᠤ ᠪᠠᠶᠢᠭᠤᠯᠤᠭᠳᠠᠭᠰᠠᠨ ᠤ ᠳᠠᠷᠠᠭ᠎ᠠ ᠳᠦᠷᠪᠡ ᠤᠳᠠᠭᠠᠨ ᠤ ᠲᠡᠭᠦᠯᠳᠡᠷᠵᠢᠬᠦᠯᠦᠯᠲᠡ ᠪᠠᠷ ᠳᠠᠮᠵᠢᠨ ᠣᠳᠣ ᠶᠢᠨ ᠪᠠᠶᠢᠳᠠᠯ ᠲᠠᠢ ᠪᠤᠯᠤᠭᠰᠠᠨ ᠪᠠᠶᠢᠨ᠎ᠠ᠃ ᠮᠦᠽᠧᠢ ᠶᠢᠨ ᠶᠡᠷᠦᠩᠬᠡᠢ ᠲᠠᠯᠠᠪᠠᠢ ᠨᠢ 418 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠭᠡᠷᠡᠯ ᠵᠢᠷᠤᠭ᠂ ᠪᠣᠳᠠᠲᠤ ᠪᠣᠳᠠᠰ᠂ ᠸᠢᠳᠢᠣ᠋ ᠪᠤᠯᠤᠨ ᠦᠰᠦᠭ ᠪᠢᠴᠢᠭ ᠤᠨ ᠬᠡᠯᠪᠡᠷᠢ ᠪᠠᠷ ︽ᠮᠠᠯᠵᠢᠬᠤ ᠳ᠋ᠠᠵᠠᠢ︾ ᠶᠢᠨ ᠵᠣᠷᠢᠭ ᠰᠠᠨᠠᠭᠠᠨ ᠤ ᠲᠡᠦᠬᠡᠨ ᠤᠯᠠᠷᠢᠯ ᠬᠤᠪᠢᠰᠤᠯ ᠪᠣᠯᠤᠨ ᠰᠢᠨ᠎ᠡ ᠴᠠᠭ ᠦᠶ᠎ᠡ ᠶᠢᠨ ᠦᠤᠰᠢᠨ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠢᠯᠡᠷᠡᠬᠦᠯᠦᠭᠰᠡᠨ ᠪᠠᠶᠢᠨ᠎ᠠ᠃ 2019 ᠣᠨ ᠳᠤ ᠣᠷᠳᠣᠰ ᠬᠤᠲᠠ᠂ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠠᠴᠠ ︽ᠮᠠᠯᠵᠢᠬᠤ ᠳ᠋ᠠᠵᠠᠢ︾ ᠮᠦᠽᠧᠢ ᠶᠢ ᠨᠠᠮ ᠤᠨ ᠭᠡᠰᠢᠭᠦᠨ ᠤ ᠵᠢᠭᠠᠨ ᠰᠤᠷᠭᠠᠬᠤ ᠴᠡᠭ᠂ ᠤᠶᠢᠯᠡᠳᠤᠯᠭᠡ ᠶᠢᠨ ᠴᠡᠭ ᠢᠶᠠᠷ ᠰᠤᠩᠭᠤᠵᠤ᠂ ᠢᠯᠠᠩᠭᠤᠶ᠎ᠠ 2020 ᠣᠨ ᠳᠤ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ︽ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠦᠬᠡ ᠤᠯᠤᠰ ᠤᠨ ᠲᠡᠤᠬᠡ ᠶᠢᠨ ᠬᠥᠮᠦᠵᠢᠯ ᠤᠨ ᠰᠠᠭᠤᠷᠢᠨ ᠭᠠᠵᠠᠷ︾ ᠢᠶᠠᠷ ᠦᠨᠡᠯᠡᠪᠡ᠃ ᠮᠦᠽᠧᠶ ᠨᠢ ︽ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠶ᠎ᠡ︾᠂ ︽ᠮᠠᠯᠵᠢᠬᠤ ᠳ᠋ᠠᠵᠠᠢ︾᠂ ︽ᠤᠳᠠᠭᠠᠨ ᠳᠠᠭᠠᠭᠠᠮᠠᠭᠠᠶ ᠪᠠᠷ ᠭᠠᠪᠢᠶ᠎ᠠ ᠵᠢᠳᠬᠦᠯ ᠪᠠᠶᠢᠭᠤᠯᠤᠶ᠎ᠠ︾ ᠬᠡᠬᠦ ᠭᠤᠷᠪᠠᠨ ᠪᠦᠯᠦᠭ ᠪᠣᠯᠤᠨ ︽ᠠᠮᠢ ᠠᠬᠤᠶ ᠶᠢᠨ ᠪᠣᠯᠪᠠᠰᠤᠨ ᠤ ᠵᠣᠴᠢᠳ ᠬᠦᠯᠢᠶᠡᠨ ᠠᠪᠬᠤ ᠲᠢᠩᠬᠢᠮ︾ ᠢᠶᠠᠷ ᠪᠦᠷᠢᠯᠳᠦᠵᠠᠢ᠃
1.png
2.jpg
3.jpg
4.jpg
5.jpg
6.jpg
7.jpg
 
ᠢᠷᠡᠯᠲᠡ᠄ ᠦᠦᠰᠢᠨ ᠬᠤᠰᠢᠭᠤᠨ ᠤ ᠨᠡᠶᠢᠲᠡᠯᠡᠯ